ᠴᠢᠳᠠᠪᠤᠷᠢ ᠪᠠᠨ ᠠᠯᠳᠠᠭᠰᠠᠨ ᠨᠠᠰᠤᠲᠠᠨ ᠢ ᠬᠠᠯᠠᠮᠵᠢᠯᠠᠨ ᠬᠠᠶᠢᠷᠠᠯᠠᠵᠤ᠂ ᠬᠠᠯᠠᠭᠤᠨ ᠳᠤᠯᠠᠭᠠᠨ ᠮᠡᠨᠳᠦᠴᠢᠯᠡᠯ ᠬᠦᠷᠭᠡᠶ᠎ᠡ
ᠨᠡᠶᠢᠲᠡᠯᠡᠭᠰᠡᠨ ᠴᠠᠭ᠄
2024/3/14
        ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠠᠪᠰᠤᠷᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠨ᠎ᠠ᠃ 3 ᠰᠠᠷ᠎ᠠ ᠶᠢᠨ 11 ᠤ ᠡᠳᠦᠷ᠂ ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ᠴᠢᠭᠯᠡᠭᠦᠯᠦᠨ ᠬᠠᠶᠢᠷ᠎ᠠ ᠬᠠᠯᠠᠮᠵᠢ ᠬᠦᠷᠭᠡᠬᠦ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
1710312647961059624.png
        ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠬᠤᠤ ᠼᠦᠢ ᠳ᠋ᠧᠩ ᠡᠭᠦᠳᠡ ᠠᠶᠢᠯᠴᠢᠯᠠᠨ ᠰᠤᠷᠪᠤᠯᠵᠢᠯᠠᠵᠤ᠂ ᠴᠢᠳᠠᠪᠤᠷᠢ ᠪᠠᠨ ᠠᠯᠳᠠᠭᠰᠠᠨ ᠬᠥᠮᠥᠰ ᠤᠨ ᠡᠳᠦᠷ ᠲᠤᠲᠤᠮ ᠤᠨ ᠠᠮᠢᠳᠤᠷᠠᠯ᠂ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠶᠢᠳᠠᠯ ᠢ ᠬᠠᠯᠠᠮᠵᠢᠯᠠᠨ ᠠᠰᠠᠭᠤᠵᠤ᠂ ᠴᠢᠳᠠᠪᠤᠷᠢ ᠪᠠᠨ ᠠᠯᠳᠠᠭᠰᠠᠨ ᠬᠥᠮᠥᠰ ᠤᠨ ᠡᠳᠦᠷ ᠲᠤᠲᠤᠮ ᠤᠨ ᠠᠮᠢᠳᠤᠷᠠᠯ᠂ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠶᠢᠳᠠᠯ ᠢ ᠬᠠᠯᠠᠮᠵᠢᠯᠠᠨ ᠠᠰᠠᠭᠤᠵᠤ᠂ ᠴᠢᠳᠠᠪᠤᠷᠢ ᠪᠠᠨ ᠠᠯᠳᠠᠭᠰᠠᠨ ᠬᠥᠮᠥᠰ ᠤᠨ ᠭᠡᠷ ᠪᠦᠯᠢ ᠶᠢᠨ ᠰᠤᠪᠢᠯᠠᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠬᠦᠰᠡᠯ ᠱᠠᠭᠠᠷᠳᠠᠯᠭ᠎ᠠ ᠶᠢ ᠰᠣᠨᠣᠰᠤᠨ ᠣᠶᠢᠯᠠᠭᠠᠵᠤ᠂ ᠲᠡᠳᠡᠨ ᠤ ᠮᠠᠳᠠᠭ ᠲᠠᠢ ᠠᠰᠠᠭᠤᠳᠠᠯ ᠢ ᠨᠠᠷᠢᠨ ᠣᠶᠢᠯᠠᠭᠠᠪᠠ᠃        ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠴᠢᠳᠠᠪᠤᠷᠢ ᠪᠠᠨ ᠠᠯᠳᠠᠭᠰᠠᠨ ᠨᠠᠰᠤᠲᠠᠨ ᠤ ᠠᠮᠢᠳᠤᠷᠠᠯ ᠤᠨ ᠲᠠᠯ᠎ᠠ ᠪᠠᠷ ᠬᠠᠯᠠᠮᠵᠢᠯᠠᠯ ᠬᠦᠷᠲᠡᠭᠡᠵᠦ᠂ ᠣᠶᠤᠨ ᠰᠠᠨᠠᠭᠠᠨ ᠤ ᠲᠠᠯ᠎ᠠ ᠪᠠᠷ ᠵᠣᠷᠢᠭᠵᠢᠭᠤᠯᠤᠯ ᠪᠣᠯᠤᠭᠰᠠᠨ ᠪᠠᠶᠢᠨ᠎ᠠ᠃ ᠭᠦᠨ ᠵᠤᠵᠠᠭᠠᠨ ᠬᠠᠶᠢᠷ᠎ᠠ ᠬᠠᠯᠠᠮᠵᠢ ᠶᠢᠨ ᠲᠣᠬᠤᠨᠢᠭᠤᠯᠬᠤ ᠪᠣᠳᠠᠰ ᠨᠢᠭᠡ ᠬᠤᠪᠢ ᠦᠨᠡᠨ ᠰᠡᠳᠬᠢᠯ ᠤᠨ ᠵᠥᠩᠨᠡᠯ ᠢᠶᠠᠨ ᠳᠡᠪᠰᠢᠭᠦᠯᠵᠦ᠂ ᠲᠡᠳᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号