【ᠳ᠋ᠠ ᠼᠢ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ】︽ᠰᠢᠨᠵᠢᠯᠡᠬᠦ ᠤᠬᠠᠭᠠᠨ ᠲᠧᠬᠨᠢᠭ ᠮᠡᠷᠭᠡᠵᠢᠯ ᠢᠶᠠᠷ ᠰᠣᠨᠣᠰᠬᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ︾ ᠴᠢᠬᠢ ᠪᠠᠨ ᠬᠠᠶᠢᠷᠠᠯᠠᠬᠤ ᠡᠳᠦᠷ ᠤᠨ ᠠᠵᠢᠯᠯᠠᠭ᠎ᠠ ᠶᠢ ᠴᠢᠨᠠᠷ ᠰᠠᠶᠢᠲᠠᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2024/3/18
        ᠲᠦᠷᠦᠭᠦᠬᠡᠨ᠂  ᠳ᠋ᠠ ᠼᠢ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ 25 ᠳ᠋ᠤᠭᠠᠷ ᠤᠳᠠᠭᠠᠨ ᠤ ᠪᠥᠬᠦ ᠤᠯᠤᠰ ᠤᠨ ᠴᠢᠬᠢ ᠪᠠᠨ ᠬᠠᠶᠢᠷᠠᠯᠠᠬᠤ ᠡᠳᠦᠷ ᠢᠶᠠᠷ ᠲᠦᠰᠢᠭ ᠪᠣᠯᠭᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠣᠨᠣᠰᠬᠤ ᠳᠤ ᠲᠤᠰᠠᠯᠠᠬᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ︾ ᠭᠤᠣᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠪᠡ᠃
1710379733863084356.png
        ᠳ᠋ᠠ ᠼᠢ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠣᠯᠠᠨ ᠠᠷᠭ᠎ᠠ ᠬᠡᠮᠵᠢᠶ᠎ᠡ ᠠᠪᠴᠤ ᠣᠯᠠᠨ ᠨᠡᠶᠢᠲᠡ ᠳᠤ ᠰᠣᠨᠣᠷ ᠵᠡᠮᠳᠡᠭ ᠪᠣᠯᠬᠤ ᠠᠴᠠ ᠰᠡᠷᠭᠡᠶᠢᠯᠡᠬᠦ ᠪᠠ ᠡᠷᠡᠭᠦᠯᠵᠢᠭᠦᠯᠬᠦ ᠮᠡᠳᠡᠯᠭᠡ ᠶᠢ ᠲᠦᠭᠡᠮᠡᠯᠵᠢᠭᠦᠯᠵᠡᠢ᠂ ᠨᠢᠭᠡ ᠳᠤ᠂ ᠸᠢᠴᠠᠲ ᠢᠶᠠᠷ ᠳᠠᠮᠵᠢᠭᠤᠯᠤᠨ ᠤᠬᠠᠭᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠨᠡᠶᠢᠭᠡᠮ ᠲᠣᠭᠤᠷᠢᠭ ᠤᠨ ᠠᠵᠢᠯ ᠤᠨ ᠰᠦᠷᠦᠭᠵᠢᠯ ᠵᠢᠴᠢ ᠵᠡᠮᠳᠡᠭᠴᠦᠳ ᠤᠨ ᠠᠵᠢᠯ ᠤᠨ ᠰᠦᠷᠦᠭᠵᠢᠯ ᠳᠤ ᠴᠢᠬᠢ ᠪᠠᠨ ᠬᠠᠶᠢᠷᠠᠯᠠᠬᠤ᠂ ᠴᠢᠬᠢ ᠪᠠᠨ ᠬᠠᠮᠠᠭᠠᠯᠠᠬᠤ ᠵᠡᠷᠭᠡ ᠬᠠᠮᠢᠶ᠎ᠠ ᠪᠦᠬᠦᠢ ᠮᠡᠳᠡᠯᠭᠡ ᠶᠢ ᠢᠳᠡᠪᠬᠢᠲᠡᠢ ᠪᠠᠷ ᠳᠠᠮᠵᠢᠭᠤᠯᠤᠨ ᠲᠠᠷᠬᠠᠭᠠᠵᠤ᠂ ᠴᠢᠬᠢᠨ ᠳᠤ ᠡᠪᠡᠳᠴᠢᠨ ᠡᠮᠭᠡᠭ ᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠸᠢᠳᠢᠤ᠋ ᠶᠢ ᠬᠦᠷᠭᠡᠪᠡ︔ ᠬᠤᠶᠠᠷ ᠲᠤ᠂ ᠬᠥᠨᠳᠡᠯᠡᠨ ᠪᠢᠴᠢᠭᠡᠰᠦ ᠡᠯᠭᠦᠬᠦ᠂ ᠤᠷᠢᠶ᠎ᠠ ᠯᠣᠽᠦ᠋ᠩ ᠨᠠᠭᠠᠬᠤ ᠪᠠᠷ ᠳᠠᠮᠵᠢᠭᠤᠯᠤᠨ ᠴᠢᠬᠢ ᠪᠠᠨ ᠬᠠᠮᠠᠭᠠᠯᠠᠬᠤ ᠣᠨᠣᠯᠵᠢᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠪᠠ︔ ᠭᠤᠷᠪᠠ ᠳᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠪᠠᠷ ᠳᠠᠮᠵᠢᠭᠤᠯᠤᠨ ᠪᠣᠳᠠᠲᠠᠢ ᠠᠭᠤᠯᠭ᠎ᠠ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠡᠯ᠎ᠡ ᠵᠦᠢᠯ ᠤᠨ ᠵᠡᠮᠳᠡᠭᠴᠦᠳ ᠢ ᠬᠠᠪᠰᠤᠷᠤᠨ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠠᠨᠢᠯᠴᠠᠭᠤᠯᠵᠤ᠂ ᠰᠣᠨᠣᠷ ᠲᠤᠳᠤᠤᠡᠬᠠᠭᠤᠷ ᠵᠡᠷᠭᠡ ᠲᠤᠰᠠᠯᠠᠬᠤ ᠪᠠᠭᠠᠵᠢ ᠭᠤᠶᠤᠴᠢᠯᠠᠬᠤ ᠶᠠᠪᠤᠴᠠ ᠶᠢ ᠲᠠᠶᠢᠯᠪᠤᠷᠢᠯᠠᠪᠠ᠃        ᠲᠣᠰ ᠤᠳᠠᠭᠠᠨ ᠤ ᠠᠵᠢᠯᠯᠠᠭ᠎ᠠ ᠳᠤ ᠰᠣᠨᠣᠷ ᠤᠨ ᠰᠠᠭᠠᠳ ᠠᠴᠠ ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ ᠮᠡᠳᠡᠯᠭᠡ ᠶᠢ ᠭᠦᠨᠵᠡᠭᠡᠢ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠳᠦᠯᠡᠢ ᠠᠴᠠ ᠰᠡᠷᠭᠡᠶᠢᠯᠡᠬᠦ᠂ ᠴᠢᠬᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠤᠷᠢᠶᠠᠯᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号