ᠬᠡᠦᠬᠡᠳ ᠤᠨ ᠬᠠᠷᠰᠢᠬᠤ ᠶᠢ ᠰᠡᠷᠭᠡᠶᠢᠯᠡᠵᠦ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2024/3/18
        ᠬᠡᠲᠦ ᠬᠠᠷᠰᠢᠮᠠᠲᠠᠭᠠᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠵᠢᠴᠢ ᠡᠮᠨᠡᠨ ᠵᠠᠰᠠᠬᠤ ᠬᠠᠮᠢᠶ᠎ᠠ ᠪᠦᠬᠦᠢ ᠮᠡᠳᠡᠯᠭᠡ ᠶᠢ ᠤᠬᠠᠭᠤᠯᠵᠤ᠂ ᠭᠡᠷ ᠤᠨ ᠠᠬᠠᠮᠠᠳ ᠤᠨ ᠨᠢᠯᠬ᠎ᠠ ᠬᠡᠦᠬᠡᠳ ᠤᠨ ᠬᠡᠲᠦ ᠰᠡᠷᠭᠡᠭ ᠴᠢᠨᠠᠷᠲᠠᠢ ᠡᠪᠡᠳᠴᠢᠨ ᠡᠮᠭᠡᠭ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠦᠨ᠂ ᠡᠯ᠎ᠡ ᠵᠦᠶ᠋ᠯ ᠤᠨ ᠬᠡᠲᠦ ᠰᠡᠷᠭᠡᠭ ᠨᠢᠯᠬ᠎ᠠ ᠬᠡᠦᠬᠡᠳ ᠢ ᠵᠣᠪᠠᠭᠠᠵᠤ᠂ 3 ᠰᠠᠷ᠎ᠠ ᠶᠢᠨ 14᠎ ᠤ ᠡᠳᠦᠷ᠂  ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ︽ᠨᠢᠯᠬ᠎ᠠ ᠬᠡᠦᠬᠡᠳ ᠤᠨ ᠬᠠᠷᠰᠢᠮᠠᠲᠠᠭᠠᠢ ᠲᠠᠨᠢᠯᠲᠠ᠂ ᠡᠮᠨᠡᠨ ᠵᠠᠰᠠᠬᠤ ᠪᠠ ᠰᠡᠷᠭᠡᠶᠢᠯᠡᠬᠦ︾᠎ ᠶᠢᠨ ᠲᠣᠭᠤᠷᠢᠨ ᠳᠤ ᠤᠬᠠᠭᠤᠯᠤᠨ ᠬᠥᠮᠥᠵᠢᠭᠦᠯᠬᠦ ᠠᠵᠢᠯᠯᠠᠭ᠎ᠠ ᠥᠷᠨᠢᠭᠦᠯᠪᠡ᠃
1710466651612088230.png
        ᠡᠮᠨᠡᠯᠭᠡ ᠶᠢᠨ ᠠᠵᠢᠯᠲᠠᠳ ᠬᠠᠷᠰᠢᠮᠠᠲᠠᠭᠠᠢ ᠡᠷᠲᠡ ᠢᠯᠭᠠᠨ ᠲᠠᠨᠢᠬᠤ᠂ ᠬᠠᠷᠰᠢᠮᠠᠲᠠᠭᠠᠢ ᠪᠠᠶᠢᠳᠠᠯ ᠭᠠᠷᠬᠤ ᠦᠶ᠎ᠡ ᠳᠤ ᠶᠠᠭᠠᠬᠢᠪᠠᠯ ᠵᠣᠬᠢᠬᠤ ᠪᠣᠶ︖ ᠪᠠᠰᠠ ᠭᠡᠷ ᠤᠨ ᠠᠬᠠᠮᠠᠳ ᠲᠤ ᠬᠠᠷᠰᠢᠮᠠᠲᠠᠭᠠᠢ ᠡᠬᠢ ᠠᠴᠠ ᠵᠠᠶᠢᠯᠠᠵᠤ᠂ ᠬᠠᠷᠰᠢᠮᠠᠲᠠᠭᠠᠢ ᠡᠪᠡᠳᠴᠢᠨ ᠢ ᠡᠰᠡᠷᠭᠦᠴᠡᠨ ᠡᠮᠨᠡᠨ ᠵᠠᠰᠠᠬᠤ ᠶᠢ ᠪᠠᠷᠢᠮᠲᠠᠯᠠᠵᠤ᠂ ᠨᠠᠷᠢᠨ ᠨᠢᠮᠪᠠᠢ ᠬᠡᠦᠬᠡᠳ ᠠᠪᠬᠤ ᠶᠢ ᠰᠠᠨᠠᠭᠤᠯᠪᠠ᠃
1710466662048012371.png
        ᠲᠣᠰ ᠤᠳᠠᠭᠠᠨ ᠤ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠨᠢ ᠭᠡᠷ ᠤᠨ ᠠᠬᠠᠮᠠᠳ ᠤᠨ ᠨᠢᠯᠬ᠎ᠠ ᠬᠡᠦᠬᠡᠳ ᠤᠨ ᠬᠠᠷᠰᠢᠮᠠᠲᠠᠭᠠᠢ ᠴᠢᠨᠠᠷᠲᠠᠢ ᠡᠪᠡᠳᠴᠢᠨ ᠤ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠭᠡᠷ ᠤᠨ ᠠᠬᠠᠮᠠᠳ ᠤᠨ ᠰᠡᠵᠢᠭ ᠢ ᠬᠠᠷᠢᠭᠤᠯᠵᠤ ᠲᠥᠭᠡᠷᠢᠭᠳᠡᠯ ᠢ ᠲᠠᠶᠢᠯᠬᠤ ᠪᠠᠷ ᠪᠠᠷᠠᠬᠤ ᠦᠭᠡᠢ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠪᠠᠰᠠ ᠭᠡᠷ ᠤᠨ ᠠᠬᠠᠮᠠᠳ ᠢ ᠬᠠᠪᠰᠤᠷᠤᠨ ᠡᠯ᠎ᠡ ᠵᠦᠢᠯ ᠤᠨ ᠬᠡᠦᠬᠡᠳ ᠤᠨ ᠡᠪᠡᠳᠴᠢᠨ ᠡᠮᠭᠡᠭ ᠢ ᠲᠠᠨᠢᠨ ᠮᠡᠳᠡᠬᠦ ᠠᠳᠡᠭᠦᠷᠡᠯ ᠤᠨ ᠣᠷᠣᠨ ᠭᠠᠷᠭᠠᠵᠤ᠂ ᠮᠠᠨ ᠤ ᠬᠤᠷᠢᠶ᠎ᠠ ᠭᠡᠷ ᠤᠨ ᠠᠬᠠᠮᠠᠳ ᠢ ᠰᠢᠨᠵᠢᠯᠡᠬᠦ ᠤᠬᠠᠭᠠᠨᠴᠢ ᠠᠷᠭ᠎ᠠ ᠮᠠᠶ᠋ᠢᠭ ᠢᠶᠠᠷ ᠬᠡᠦᠬᠡᠳ ᠠᠰᠠᠷᠠᠨ ᠬᠥᠮᠥᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠨᠠᠩ ᠰᠠᠶᠢᠲᠤᠷ ᠬᠠᠮᠠᠭᠠᠯᠠᠬᠤ ᠶᠢ ᠰᠠᠨᠠᠭᠠᠴᠢᠯᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号