ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︽ᠬᠠᠤᠯᠢ ᠴᠠᠭᠠᠵᠠ ᠶᠢᠨ ᠳᠤᠭᠠᠩ ᠳᠤ ᠣᠷᠣᠬᠤ︾ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
        ᠥᠷᠭᠡᠨ ᠣᠯᠠᠨ ᠪᠠᠭᠰᠢ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠵᠦ᠂ ᠪᠠᠭᠰᠢ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠬᠠᠤᠯᠢ ᠲᠣᠭᠲᠠᠭᠠᠯ ᠢ ᠰᠠᠨᠠᠭᠠᠴᠢᠯᠠᠭ᠎ᠠ ᠠᠴᠠ ᠪᠠᠨ ᠰᠤᠷᠤᠯᠴᠠᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ 3 ᠰᠠᠷ᠎ᠠ ᠶᠢᠨ 14᠎ ᠤ ᠡᠳᠦᠷ᠂ ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︵ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ︶᠎ ᠲᠠᠢ ᠬᠠᠮᠲᠤᠷᠠᠨ ᠰᠢᠭᠤᠶᠢᠲᠤ ᠲᠣᠭᠤᠷᠢᠭ ᠤᠨ ᠾᠧᠦ ᠶᠢᠩᠽᠢ ᠶᠢᠨ ᠶᠣᠰᠣᠯᠠᠯ ᠤᠨ ᠲᠠᠩᠬᠢᠮ ᠳᠤ ︽ᠬᠠᠤᠯᠢ ᠪᠠᠷ ᠵᠠᠰᠠᠬᠤ ᠬᠥᠮᠦᠵᠢᠯ ᠢ ᠳᠤᠭᠠᠩ ᠳᠤ ᠣᠷᠣᠭᠤᠯᠬᠤ ᠬᠠᠤᠯᠢ ᠪᠠᠷ ᠵᠠᠰᠠᠬᠤ ᠢᠲᠡᠭᠡᠯ ᠪᠢᠰᠢᠷᠡᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ︾ ᠭᠤᠣᠯ ᠰᠡᠳᠦᠪᠲᠦ ᠬᠠᠤᠯᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠡᠷᠭᠢᠯᠡᠪᠡ᠃        ᠬᠠᠤᠯᠢ ᠴᠠᠭᠠᠵᠠ ᠶᠢᠨ ᠤᠬᠠᠭᠤᠯᠭ᠎ᠠ ᠶᠢᠨ ᠶᠣᠰᠣᠯᠠᠯ ᠤᠨ ᠲᠢᠩᠬᠢᠮ ᠳᠤ ᠣᠷᠣᠭᠰᠠᠨ ᠬᠠᠤᠯᠢ ᠪᠠᠷ ᠵᠠᠰᠠᠬᠤ ᠰᠡᠳᠬᠢᠬᠦᠢ ᠡᠶ᠎ᠡ ᠵᠣᠬᠢᠴᠠᠯ ᠢ ᠠᠬᠢᠭᠤᠯᠪᠠ        ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠭᠴᠢ ᠰᠢᠦᠢ ᠨᠢᠩ ᠥᠷᠭᠡᠨ ᠣᠯᠠᠨ ᠪᠠᠭᠰᠢ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ ᠪᠣᠯ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠱᠠᠰᠢᠨ ᠰᠤᠷᠲᠠᠬᠤᠨ ᠤ ᠠᠵᠢᠯ ᠤᠨ ᠲᠤᠬᠠᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠮᠥᠨ᠂ ᠪᠥᠬᠦ ᠣᠷᠣᠨ ᠤ ᠱᠠᠰᠢᠨ ᠰᠤᠷᠲᠠᠬᠤᠨ ᠤ ᠠᠵᠢᠯ ᠤᠨ ᠬᠠᠤᠯᠢ ᠪᠠᠷ ᠵᠠᠰᠠᠬᠤ ᠠᠬᠢᠴᠠ ᠶᠢ ᠠᠬᠢᠭᠤᠯᠬᠤ ᠳᠤ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠭᠴᠢ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠢ ᠬᠢᠨᠠᠨ ᠵᠥᠪᠰᠢᠶᠡᠷᠡᠬᠦ᠂ ᠱᠠᠰᠢᠨ ᠰᠤᠷᠲᠠᠬᠤᠨ ᠤ ᠠᠵᠢᠯᠲᠠᠨ ᠠᠵᠢᠯᠲᠠᠨ ᠢ ᠮᠠᠭᠠᠳᠯᠠᠨ ᠲᠣᠭᠲᠠᠭᠠᠵᠤ ᠳᠠᠩᠰᠠᠯᠠᠬᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠪᠠ ᠱᠠᠰᠢᠨ ᠰᠤᠷᠲᠠᠬᠤᠨ ᠤ ᠠᠵᠢᠯᠯᠠᠭ᠎ᠠ ᠶᠢᠨ ᠬᠠᠮᠢᠶᠠᠷᠤᠯᠲᠠ ᠵᠡᠷᠭᠡ ᠪᠦᠯᠦᠭ ᠬᠡᠰᠡᠭ ᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠤᠯᠤᠰ ᠤᠨ ᠬᠠᠤᠯᠢ ᠴᠠᠭᠠᠵᠠ ᠶᠢᠨ ᠠᠷᠠᠳ ᠢᠷᠭᠡᠳ ᠤᠨ ᠱᠠᠰᠢᠨ ᠰᠢᠲᠦᠯᠭᠡ ᠶᠢᠨ ᠡᠷᠬᠡ ᠴᠢᠯᠦᠭᠡ ᠶᠢ ᠪᠠᠲᠤᠯᠠᠬᠤ᠂ ᠢᠯᠠᠩᠭᠤᠶ᠎ᠠ ᠱᠠᠰᠢᠨ ᠰᠤᠷᠲᠠᠬᠤᠨ ᠤ ᠬᠡᠪ ᠤᠨ ᠠᠵᠢᠯᠯᠠᠭ᠎ᠠ ᠶᠢ ᠬᠠᠤᠯᠢ ᠶᠣᠰᠣᠭᠠᠷ ᠬᠠᠮᠠᠭᠠᠯᠠᠬᠤ᠂ ᠱᠠᠰᠢᠨ ᠰᠤᠷᠲᠠᠬᠤᠨ ᠤ ᠪᠦᠯᠬᠦᠮ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠪᠠ ᠱᠠᠰᠢᠨ ᠰᠢᠲᠦᠳᠡᠭ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠂ ᠭᠡᠪᠡᠴᠦ ᠡᠯ᠎ᠡ ᠲᠦᠷᠦᠯ ᠤᠨ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠣᠯᠣᠨ᠎ᠠ᠃ ᠥᠷᠭᠡᠨ ᠤᠯᠠᠨ ᠪᠠᠭᠰᠢ ᠠᠵᠢᠯᠲᠠᠨ ᠪᠣᠯᠣᠨ ᠱᠠᠰᠢᠨ ᠰᠢᠲᠦᠳᠡᠭ ᠤᠯᠠᠨ ᠲᠦᠮᠡᠨ ᠠᠷᠠᠳ ᠢᠷᠭᠡᠳ ᠤᠨ ᠤᠬᠠᠮᠰᠠᠷ ᠢ ᠢᠮᠠᠭᠲᠠ ᠪᠠᠲᠤ ᠪᠤᠢ ᠪᠣᠯᠭᠠᠵᠤ᠂ ᠠᠷᠠᠳ ᠢᠷᠭᠡᠳ ᠤᠨ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠵᠦ᠂ ᠠᠷᠠᠳ ᠢᠷᠭᠡᠳ ᠤᠨ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠵᠦ᠂ ᠱᠠᠰᠢᠨ ᠰᠤᠷᠲᠠᠬᠤᠨ ᠤ ᠠᠵᠢᠯᠯᠠᠭ᠎ᠠ ᠶᠢ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠥᠷᠨᠢᠭᠦᠯᠬᠦ ᠬᠡᠷᠡᠭᠲᠡᠢ᠃        
1710490897630068696.jpg
        ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠤᠨ ᠬᠥᠮᠥᠨ ᠮᠡᠲᠦ ᠬᠠᠤᠯᠢ ᠪᠠᠷ ᠵᠠᠰᠠᠬᠤ ᠤᠬᠠᠮᠰᠠᠷ ᠪᠠ ᠪᠦᠯᠬᠦᠮᠳᠡᠯ        ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠢ ᠪᠣᠯᠭᠠᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠨᠡᠨ ᠬᠦ ᠰᠠᠶᠢᠲᠤᠷ ᠥᠷᠨᠢᠭᠦᠯᠬᠦ ᠶᠢᠨ ᠲᠥᠯᠥᠭᠡ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠭᠴᠢ ︽ᠵᠢᠷᠭᠤᠭᠠᠨ ᠦᠭᠡ︾ ᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠲᠠᠢ ᠨᠢᠭᠲᠠ ᠤᠶᠠᠯᠳᠤᠭᠤᠯᠤᠨ᠂ ᠥᠷᠭᠡᠨ ᠣᠯᠠᠨ ᠪᠠᠭᠰᠢ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠳᠤ ᠬᠠᠨᠳᠤᠭᠤᠯᠤᠭᠰᠠᠨ ᠰᠢᠭᠤᠳ ᠲᠡᠦᠬᠡᠨ ᠮᠠᠲ᠋ᠧᠷᠢᠶᠠᠯ ᠪᠠ ᠪᠣᠳᠠᠲᠤ ᠵᠢᠱᠢᠶ᠎ᠡ ᠪᠠᠷ ᠥᠪᠥᠷ ᠮᠣᠩᠭᠤᠯ ᠤᠨ ᠭᠠᠵᠠᠷ ᠣᠷᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠬᠥᠭᠵᠢᠯᠲᠡ ᠶᠢᠨ ᠬᠡᠷᠡᠯ ᠰᠠᠴᠤᠷᠠᠩᠭᠤᠢ ᠥᠩᠭᠡᠷᠡᠯᠲᠡ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠵᠢᠴᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠡᠷᠬᠢᠮ ᠳᠡᠭᠡᠳᠦ ᠢᠷᠠᠭᠤ ᠠᠯᠳᠠᠷ ᠢ ᠣᠯᠠᠨ ᠳᠤ ᠨᠠᠩ ᠭᠦᠨᠵᠡᠭᠡᠢ ᠣᠶᠢᠯᠠᠭᠠᠭᠤᠯᠵᠤ᠂ ᠲᠤᠬᠠᠢ ᠶᠢᠨ ᠲᠠᠯᠠᠪᠠᠶ ᠶᠢᠨ ᠣᠯᠠᠨ ᠲᠦᠮᠡᠨ ᠢ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠮᠡᠳᠡᠷᠡᠮᠵᠢ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠤᠷᠢᠶᠠᠯᠠᠪᠠ᠃
1710490925281041973.jpg
        ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠪᠣᠳᠠᠲᠤ ᠶᠠᠪᠤᠳᠠᠯ ᠬᠢᠬᠦ ᠬᠠᠤᠯᠢ ᠪᠠᠷ ᠵᠠᠰᠠᠬᠤ ᠣᠨᠣᠯᠵᠢᠬᠤᠨ ᠬᠥᠭᠵᠢᠯᠲᠡ ᠶᠢ ᠳᠡᠮᠵᠢᠬᠦ        ᠲᠠᠶᠢᠯᠤᠮᠵᠢ ᠶᠢᠨ ᠡᠴᠦᠰ ᠲᠤ᠂ ᠤᠬᠠᠭᠤᠯᠤᠨ ᠲᠠᠶᠢᠯᠪᠤᠷᠢᠯᠠᠭᠴᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠨ ᠠᠷᠠᠳ ᠢᠷᠭᠡᠳ ᠤᠨ ᠪᠦᠷᠢᠯᠳᠦᠭᠦᠯᠪᠡᠰᠦ ᠵᠣᠬᠢᠬᠤ ᠨᠥᠬᠦᠴᠡᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠪᠴᠢᠶ᠎ᠡ ᠵᠢᠴᠢ ᠰᠢᠢᠳᠪᠦᠷᠢᠯᠡᠬᠦ ᠶᠠᠪᠤᠴᠠ ᠶᠢ ᠨᠠᠷᠢᠨ ᠲᠠᠶᠢᠯᠪᠤᠷᠢᠯᠠᠵᠤ᠂ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢ ᠣᠶᠢᠯᠠᠭᠠᠬᠤ ᠨᠣᠷᠮ᠎ᠠ᠂ ᠲᠡᠷᠢᠭᠦᠨ ᠰᠣᠩᠭᠤᠯᠲᠠ ᠶᠢᠨ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ ᠬᠠᠤᠯᠢ ᠪᠠᠷ ᠵᠠᠰᠠᠬᠤ ᠪᠠᠲᠤᠯᠠᠭ᠎ᠠ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠪᠠ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠭᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠲᠠᠯ᠎ᠠ ᠶᠢᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠠᠬᠢᠭᠤᠯᠬᠤ ᠳᠦᠷᠢᠮ︾᠂ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ᠂ ᠬᠠᠤᠯᠢ ᠪᠠᠷ ᠵᠠᠰᠠᠬᠤ ᠬᠤᠷᠮᠣᠶᠢᠪᠴᠢ᠂ ᠠᠯᠴᠢᠭᠤᠷ᠂ ᠴᠠᠭᠠᠰᠤ ᠵᠡᠷᠭᠡ ᠮᠠᠲ᠋ᠧᠷᠢᠶᠠᠯ ᠪᠠ ᠡᠳ᠋ ᠪᠣᠳᠠᠰ ᠢ 300 ᠬᠤᠪᠢ ᠲᠠᠷᠬᠠᠭᠠᠪᠠ᠃
1710490943268025909.jpg
        ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ ᠶᠢ ᠡᠷᠭᠢᠯᠡᠭᠰᠡᠨ ᠨᠢ ᠥᠷᠭᠡᠨ ᠣᠯᠠᠨ ᠪᠠᠭᠰᠢ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠬᠠᠤᠯᠢ ᠶᠢ ᠰᠤᠷᠤᠯᠴᠠᠬᠤ᠂ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠠᠭᠰᠢ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠢ ᠬᠥᠲᠥᠯᠥᠨ ᠳᠠᠭᠠᠭᠤᠯᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠡᠶᠢᠭᠡᠮ ᠤᠨ ᠲᠣᠭᠲᠠᠭᠤᠨ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢ ᠪᠣᠶ ᠪᠣᠯᠭᠠᠬᠤ ᠳᠤ ᠠᠬᠢᠭᠤᠯᠬᠤ ᠦᠢᠯᠡᠳᠦᠯ ᠦᠵᠡᠭᠦᠯᠵᠦ᠂ ᠬᠠᠷᠢᠶᠠᠲᠤ ᠣᠷᠣᠨ ᠤ ᠱᠠᠰᠢᠨ ᠰᠤᠷᠲᠠᠬᠤᠨ ᠤ ᠬᠦᠷᠢᠶᠡᠨ ᠳᠠᠬᠢ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠪᠠ᠃        ᠡᠬᠡ ᠪᠢᠴᠢᠭ᠄ ᠮᠠ ᠶᠠᠨ ᠴᠢᠨ
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号