ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ 3.15 ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠱᠢᠭ ᠤᠨ ᠡᠳᠦᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
        ᠡᠨᠡ ᠵᠢᠯ ᠤᠨ 3 ᠰᠠᠷ᠎ᠠ ᠶᠢᠨ 15᠎ ᠤ ᠡᠳᠦᠷ ᠪᠣᠯ 42 ᠳ᠋ᠤᠭᠠᠷ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠪᠣᠯᠣᠨ᠎ᠠ᠂ ᠪᠠᠰᠠ ᠴᠤ ᠬᠡᠷᠡᠭᠯᠡᠭᠴᠢᠳ ᠤᠨ ᠡᠷᠬᠡ  ᠠᠰᠢᠭ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠦᠭᠰᠡᠨ 30 ᠵᠢᠯ ᠤᠨ ᠣᠢ ᠶᠢ ᠳᠤᠷᠠᠰ ᠭᠠᠭ᠋ᠤ ᠶᠢᠨ ᠲᠥᠯᠥᠭᠡ᠂ ᠥᠷᠭᠡᠨ ᠣᠯᠠᠨ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠵᠥᠪ ᠵᠦᠢ ᠵᠣᠬᠢᠰᠲᠠᠢ ᠬᠡᠷᠡᠭᠯᠡᠭᠡᠨ ᠤ ᠦᠵᠡᠯᠲᠡ ᠶᠢ ᠪᠣᠢ ᠪᠣᠯᠭᠠᠵᠤ᠂ ᠨᠡᠩ ᠠᠮᠤᠷ  ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠢ ᠪᠠᠶᠢᠭᠤᠯᠬᠤ ᠶᠢᠨ ᠲᠥᠯᠥᠭᠡ᠂ 3 ᠰᠠᠷ᠎ᠠ ᠶᠢᠨ 15᠎ ᠤ ᠡᠳᠦᠷ᠂  ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠡᠷᠭᠡ ᠣᠯᠠᠨ ᠨᠢᠭᠡᠴᠡ  ᠰᠢᠨ᠎ᠡ ᠲᠣᠭᠤᠷᠢᠭ ᠤᠨ ᠬᠤᠳᠠᠯᠳᠤᠭᠠᠨ ᠤ ᠲᠥᠪ ᠲᠤ︽ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ︾ ᠭᠤᠣᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1710491291154054491.jpg
        ᠬᠠᠤᠯᠢ ᠲᠦᠭᠡᠮᠡᠯᠵᠢᠭᠦᠯᠬᠦ ᠵᠠᠯᠠᠭᠤ ᠰᠠᠶᠢᠨ ᠳᠤᠷᠠᠴᠤᠳ ᠤᠨ ᠬᠠᠤᠯᠢ ᠪᠠᠷ ᠵᠠᠰᠠᠬᠤ ᠰᠣᠶᠣᠯ ᠤᠨ ᠦᠨᠳᠦᠰᠦᠨ ᠱᠠᠲᠤᠨ ᠤ ᠠᠶᠠᠯᠠᠯ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠴᠢ ᠨᠠᠰᠢ ᠴᠠᠰᠢ ᠶᠠᠪᠤᠬᠤ ᠣᠯᠠᠨ ᠲᠦᠮᠡᠨ ᠳᠤ ᠬᠡᠷᠡᠭᠯᠡᠭᠡᠨ ᠤ ᠰᠡᠷᠡᠮᠵᠢᠯᠡᠭᠦᠯᠬᠦ᠂ ᠡᠷᠬᠡ ᠪᠠᠨ ᠬᠠᠮᠠᠭᠠᠯᠠᠬᠤ ᠵᠢᠵᠢᠭ ᠬᠡᠷᠡᠭ ᠤᠨ ᠵᠢᠱᠢᠶ᠎ᠡ᠂ ᠮᠡᠬᠡᠯᠡᠯ ᠤᠨ ᠤᠨᠠᠭᠤᠯᠢ ᠪᠠᠷ ᠭᠤᠣᠯ ᠠᠭᠤᠯᠭ᠎ᠠ ᠪᠣᠯᠭᠠᠭᠰᠠᠨ ᠢᠷᠭᠡᠨ ᠤ ᠬᠠᠤᠯᠢ ᠶᠢᠨ ᠪᠢᠴᠢᠭ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ᠂ ᠢᠳᠡᠭᠡᠨ ᠤ ᠠᠮᠤᠷ ᠲᠦᠪᠰᠢᠨ ᠤ ᠬᠠᠤᠯᠢ᠂ ᠠᠶᠤᠯᠭᠦᠢ ᠦᠢᠯᠡᠳᠪᠦᠷᠢᠯᠡᠯ ᠤᠨ ᠬᠠᠤᠯᠢ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠬᠦ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠣᠯᠠᠨ ᠲᠦᠮᠡᠨ ᠳᠤ ᠡᠯᠳᠡᠪ ᠨᠠᠢᠮᠠᠨ ᠲᠥᠷᠥᠯ ᠤᠨ ᠬᠡᠷᠡᠭᠯᠡᠭᠡᠨ ᠤ ᠬᠡᠯᠪᠡᠷᠢ ᠶᠢᠨ ᠡᠮᠦᠨ᠎ᠡ᠂ ᠰᠣᠨᠣᠷ ᠰᠡᠷᠡᠮᠵᠢ ᠲᠠᠢ᠂ ᠵᠦᠢ ᠵᠣᠬᠢᠰᠲᠠᠢ ᠬᠡᠷᠡᠭᠯᠡᠭᠡ ᠬᠢᠵᠦ᠂ ᠬᠡᠷᠡᠭᠯᠡᠭᠡᠨ ᠤ ᠤᠨᠠᠭᠤᠯᠢ ᠶᠢ ᠤᠷᠢᠳᠴᠢᠯᠠᠨ ᠰᠡᠷᠭᠡᠶᠢᠯᠡᠵᠦ᠂ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠳᠤᠮᠳᠠ ᠨᠠᠰᠤᠵᠢᠯ ᠤᠨ ᠠᠰᠠᠷᠠᠮᠵᠢ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠶᠢ ᠠᠩᠬᠠᠷᠴᠤ᠂ ᠮᠡᠬᠡᠯᠡᠭᠳᠡᠬᠦ ᠶᠢ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠪᠠ᠃ ᠬᠠᠤᠯᠢᠴᠢ ᠠᠴᠠ ᠬᠡᠷᠡᠭᠯᠡᠭᠴᠢᠳ ᠤᠨ ᠳᠤᠷᠠᠳᠤᠭᠰᠠᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ᠂ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ ᠵᠡᠷᠭᠡ ᠠᠰᠠᠭᠤᠳᠠᠯ ᠳᠤ ᠬᠦᠯᠢᠴᠡᠩᠭᠦᠢ ᠪᠠᠷ ᠬᠠᠷᠢᠭᠤᠯᠲᠠ ᠥᠭᠴᠦ᠂ ᠣᠯᠠᠨ ᠲᠦᠮᠡᠨ ᠳᠤ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠡᠳᠡᠯᠭᠡ ᠶᠢ ᠭᠦᠢᠴᠡᠳ ᠣᠶᠢᠯᠠᠭᠠᠭᠤᠯᠵᠤ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠵᠥᠪ ᠢᠶᠠᠷ ᠬᠠᠮᠠᠭᠠᠯᠠᠭᠤᠯᠪᠠ᠃
        ︽ᠮᠠᠨ ᠤ ᠡᠨᠡ ᠪᠦᠯᠦᠭ ᠨᠠᠰᠤᠲᠠᠨ ᠳᠠᠷᠤᠢ ᠤᠯᠠᠨ ᠲᠦᠮᠡᠨ ᠲᠠᠢ ᠣᠶᠢᠷᠠᠲᠤᠭᠰᠠᠨ᠂ ᠣᠶᠢᠯᠠᠭᠠᠬᠤ ᠳᠤ ᠬᠢᠯᠪᠠᠷ ᠠᠵᠢᠯᠯᠠᠭ᠎ᠠ ᠮᠥᠨ᠂ ᠬᠡᠲᠦᠷᠬᠡᠢ ᠲᠤᠰᠬᠠᠢ ᠮᠡᠷᠭᠡᠵᠢᠯ ᠤᠨ ᠦᠭᠡ ᠶᠢ ᠪᠢᠳᠡ ᠳᠡᠮᠡᠢ ᠰᠣᠨᠣᠰᠬᠤ ᠦᠭᠡᠢ᠂ ᠢᠯᠡᠭᠦᠦ ᠵᠢᠱᠢᠶ᠎ᠡ ᠶᠠᠷᠢᠪᠠᠯ ᠪᠢᠳᠡ ᠮᠠᠰᠢ ᠪᠠᠭ᠋ᠠᠷᠬᠠᠳᠠᠭ ᠶᠤᠮ︾᠃ ᠲᠣᠰ ᠤᠳᠠᠭᠠᠨ ᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠳᠤ ᠨᠡᠶᠢᠲᠡ 300 ᠭᠠᠷᠤᠢ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠣᠯᠠᠨ ᠲᠦᠮᠡᠨ ᠤ ᠬᠦᠴᠢᠷ ᠲᠦᠪᠡᠭᠲᠡᠢ ᠠᠰᠠᠭᠤᠨ ᠯᠠᠪᠯᠠᠭ᠎ᠠ ᠳᠤ 10 ᠭᠠᠷᠤᠢ ᠤᠳᠠᠭ᠎ᠠ ᠬᠠᠷᠢᠭᠤᠯᠲᠠ ᠥᠭᠴᠦ᠂ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠡᠷᠬᠡ ᠪᠠᠨ ᠬᠠᠮᠠᠭᠠᠯᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠪ ᠭᠤᠤᠯᠴᠢ᠂ ᠦᠨᠡᠨᠴᠢ ᠢᠲᠡᠭᠡᠮᠵᠢᠲᠡᠢ᠂ ᠡᠶ᠎ᠡ ᠵᠣᠬᠢᠴᠠᠯ ᠲᠠᠢ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠂ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠠᠶᠢᠭᠤᠯᠤᠯᠲᠠ ᠶᠢ ᠰᠢᠯᠢᠳᠡᠭᠵᠢᠭᠦᠯᠬᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠡᠶᠡᠯᠡᠭᠦᠯᠬᠦ ᠳᠤ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号