ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ 2024 ᠣᠨ ᠤ ᠨᠢᠭᠡᠳᠦᠭᠡᠷ ᠤᠯᠠᠷᠢᠯ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠨ ᠬᠠᠮᠢᠶᠠᠷᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/18
        ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠷᠢᠶ᠎ᠠ ᠣᠷᠣᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠪᠰᠤᠷᠤᠨ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠨ ᠬᠠᠮᠢᠶᠠᠷᠬᠤ ᠠᠵᠢᠯ ᠤᠨ ᠪᠠᠶᠢᠳᠠᠯ ᠢ ᠣᠶᠢᠯᠠᠭᠠᠨ ᠡᠵᠡᠮᠰᠢᠪᠡ᠂ ᠣᠶᠢᠷ᠎ᠠ ᠳᠤ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠬᠠᠷᠢᠶᠠᠲᠤ ᠣᠷᠣᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠨ ᠬᠠᠮᠢᠶᠠᠷᠬᠤ ᠠᠵᠢᠯ ᠢ ᠲᠤᠰᠬᠠᠢ ᠰᠢᠮᠳᠠᠭᠤᠯᠤᠨ ᠵᠢᠯᠣᠭᠤᠳᠪᠠ᠃
1710466576983095073.png
        ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠲᠤᠬᠠᠢ ᠶᠢᠨ ᠭᠠᠵᠠᠷ ᠲᠤᠨᠢ ᠵᠢᠯᠤᠭᠤᠳᠬᠤ ᠠᠷᠭ᠎ᠠ ᠮᠠᠶ᠋ᠢᠭ ᠢᠶᠠᠷ ᠪᠠᠶᠢᠴᠠᠭᠠᠵᠤ ᠬᠢᠨᠠᠨ ᠵᠢᠯᠣᠭᠤᠳᠤᠨ᠎ᠠ᠃ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠬᠠᠮᠵᠢᠨ ᠬᠠᠮᠢᠶᠠᠷᠬᠤ ᠰᠦᠯᠵᠢᠶᠡᠨ ᠤ ᠮᠡᠳᠡᠭᠦᠯᠦᠯᠲᠡ ᠶᠢᠨ ᠪᠠᠶᠢᠳᠠᠯ᠂ ᠢᠳᠡᠭᠡᠨ ᠤ ᠢᠷᠡᠯᠲᠡ ᠶᠢᠨ ᠴᠢᠨᠠᠷᠲᠠᠢ ᠡᠪᠡᠳᠴᠢᠨ ᠡᠮᠭᠡᠭ᠂ ᠤᠤᠭᠤᠬᠤ ᠤᠰᠤᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠬᠠᠤᠯᠢ ᠪᠤᠰᠤ ᠪᠠᠷ ᠡᠮᠴᠢᠯᠡᠬᠦ ᠪᠠ ᠬᠠᠤᠯᠢ ᠪᠤᠰᠤ ᠪᠠᠷ ᠴᠢᠰᠤ ᠠᠪᠬᠤ ᠬᠠᠩᠭᠠᠬᠤ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠲᠥᠯᠥᠪᠯᠡᠭᠡᠲᠦ ᠦᠷᠡᠵᠢᠯ ᠵᠡᠷᠭᠡ ᠲᠠᠯ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠤᠬᠠᠢ ᠶᠢᠨ ᠭᠠᠵᠠᠷ ᠲᠤᠨᠢ ᠵᠢᠭᠠᠨ ᠵᠢᠯᠤᠭᠤᠳᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃        ᠬᠢᠨᠠᠨ ᠵᠢᠯᠤᠭᠤᠳᠴᠤ ᠪᠠᠶᠢᠴᠠᠭᠠᠬᠤ ᠪᠠᠷ ᠳᠡᠮᠵᠢᠨ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠬᠠᠪᠰᠤᠷᠤᠨ ᠬᠠᠮᠢᠶᠠᠷᠤᠭᠴᠢ ᠶᠢᠨ ᠠᠵᠢᠯ ᠤᠨ ᠴᠢᠳᠠᠪᠤᠷᠢ ᠪᠠ ᠬᠠᠷᠢᠭᠤᠴᠠᠯᠭᠠᠲᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠨ ᠬᠠᠮᠢᠶᠠᠷᠬᠤ ᠦᠢᠯᠡᠴᠢᠯᠡᠭᠡᠨ ᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠦᠲᠦᠮᠵᠢᠲᠡᠶ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠲᠣᠰ ᠤᠳᠠᠭᠠᠨ ᠤ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠪᠥᠬᠦ ᠣᠷᠣᠨ ᠤ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠢᠳᠡᠪᠬᠢᠲᠡᠢ ᠳᠡᠭᠡᠭᠰᠢᠯᠡᠭᠦᠯᠵᠦ᠂ ᠪᠥᠬᠦ ᠬᠤᠲᠠ ᠶᠢᠨ ᠠᠷᠠᠳ ᠣᠯᠠᠨ ᠤ ᠡᠷᠡᠭᠦᠯ ᠮᠡᠨᠳᠦ ᠶᠢᠨ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号