ᠬᠡᠲᠦ ᠬᠠᠷᠰᠢᠮᠠᠲᠠᠭᠠᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠵᠢᠴᠢ ᠡᠮᠨᠡᠨ ᠵᠠᠰᠠᠬᠤ ᠬᠠᠮᠢᠶ᠎ᠠ | ᠪᠦᠬᠦᠢ ᠮᠡᠳᠡᠯᠭᠡ ᠶᠢ ᠤᠬᠠᠭᠤᠯᠵᠤ᠂ ᠭᠡᠷ ᠤᠨ ᠠᠬᠠᠮᠠᠳ ᠤᠨ ᠨᠢᠯᠬ᠎ᠠ ᠬᠡᠦᠬᠡᠳ ᠤᠨ ᠬᠡᠲᠦ ᠰᠡᠷᠭᠡᠭ ᠴᠢᠨᠠᠷᠲᠠᠢ | ᠡᠪᠡᠳᠴᠢᠨ ᠡᠮᠭᠡᠭ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠦᠨ᠂ ᠡᠯ᠎ᠡ ᠵᠦᠶ᠋ᠯ ᠤᠨ ᠬᠡᠲᠦ ᠰᠡᠷᠭᠡᠭ ᠨᠢᠯᠬ᠎ᠠ ᠬᠡᠦᠬᠡᠳ ᠢ | ᠵᠣᠪᠠᠭᠠᠵᠤ᠂ 3 ᠰᠠᠷ᠎ᠠ ᠶᠢᠨ 14 ᠤ ᠡᠳᠦᠷ᠂ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ | ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ︽ᠨᠢᠯᠬ᠎ᠠ ᠬᠡᠦᠬᠡᠳ ᠤᠨ ᠬᠠᠷᠰᠢᠮᠠᠲᠠᠭᠠᠢ ᠲᠠᠨᠢᠯᠲᠠ᠂ ᠡᠮᠨᠡᠨ ᠵᠠᠰᠠᠬᠤ | ᠪᠠ ᠰᠡᠷᠭᠡᠶᠢᠯᠡᠬᠦ︾ ᠶᠢᠨ ᠲᠣᠭᠤᠷᠢᠨ ᠳᠤ ᠤᠬᠠᠭᠤᠯᠤᠨ ᠬᠥᠮᠥᠵᠢᠭᠦᠯᠬᠦ ᠠᠵᠢᠯᠯᠠᠭ᠎ᠠ ᠥᠷᠨᠢᠭᠦᠯᠪᠡ᠃ | | ᠡᠮᠨᠡᠯᠭᠡ ᠶᠢᠨ ᠠᠵᠢᠯᠲᠠᠳ ᠬᠠᠷᠰᠢᠮᠠᠲᠠᠭᠠᠢ ᠡᠷᠲᠡ ᠢᠯᠭᠠᠨ ᠲᠠᠨᠢᠬᠤ᠂ ᠬᠠᠷᠰᠢᠮᠠᠲᠠᠭᠠᠢ ᠪᠠᠶᠢᠳᠠᠯ ᠭᠠᠷᠬᠤ | ᠦᠶ᠎ᠡ ᠳᠤ ᠶᠠᠭᠠᠬᠢᠪᠠᠯ ᠵᠣᠬᠢᠬᠤ ᠪᠣᠶ︖ ᠪᠠᠰᠠ ᠭᠡᠷ ᠤᠨ ᠠᠬᠠᠮᠠᠳ ᠲᠤ ᠬᠠᠷᠰᠢᠮᠠᠲᠠᠭᠠᠢ ᠡᠬᠢ ᠠᠴᠠ ᠵᠠᠶᠢᠯᠠᠵᠤ᠂ | ᠬᠠᠷᠰᠢᠮᠠᠲᠠᠭᠠᠢ ᠡᠪᠡᠳᠴᠢᠨ ᠢ ᠡᠰᠡᠷᠭᠦᠴᠡᠨ ᠡᠮᠨᠡᠨ ᠵᠠᠰᠠᠬᠤ ᠶᠢ ᠪᠠᠷᠢᠮᠲᠠᠯᠠᠵᠤ᠂ ᠨᠠᠷᠢᠨ ᠨᠢᠮᠪᠠᠢ ᠬᠡᠦᠬᠡᠳ ᠠᠪᠬᠤ ᠶᠢ | ᠰᠠᠨᠠᠭᠤᠯᠪᠠ᠃ | | ᠲᠣᠰ ᠤᠳᠠᠭᠠᠨ ᠤ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠨᠢ ᠭᠡᠷ ᠤᠨ | ᠠᠬᠠᠮᠠᠳ ᠤᠨ ᠨᠢᠯᠬ᠎ᠠ ᠬᠡᠦᠬᠡᠳ ᠤᠨ ᠬᠠᠷᠰᠢᠮᠠᠲᠠᠭᠠᠢ ᠴᠢᠨᠠᠷᠲᠠᠢ ᠡᠪᠡᠳᠴᠢᠨ ᠤ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ | ᠭᠡᠷ ᠤᠨ ᠠᠬᠠᠮᠠᠳ ᠤᠨ ᠰᠡᠵᠢᠭ ᠢ ᠬᠠᠷᠢᠭᠤᠯᠵᠤ ᠲᠥᠭᠡᠷᠢᠭᠳᠡᠯ ᠢ ᠲᠠᠶᠢᠯᠬᠤ ᠪᠠᠷ ᠪᠠᠷᠠᠬᠤ ᠦᠭᠡᠢ᠂ ᠡᠷᠡᠭᠦᠯ | ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠪᠠᠰᠠ ᠭᠡᠷ ᠤᠨ ᠠᠬᠠᠮᠠᠳ ᠢ ᠬᠠᠪᠰᠤᠷᠤᠨ ᠡᠯ᠎ᠡ ᠵᠦᠢᠯ ᠤᠨ | ᠬᠡᠦᠬᠡᠳ ᠤᠨ ᠡᠪᠡᠳᠴᠢᠨ ᠡᠮᠭᠡᠭ ᠢ ᠲᠠᠨᠢᠨ ᠮᠡᠳᠡᠬᠦ ᠠᠳᠡᠭᠦᠷᠡᠯ ᠤᠨ ᠣᠷᠣᠨ ᠭᠠᠷᠭᠠᠵᠤ᠂ ᠮᠠᠨ ᠤ ᠬᠤᠷᠢᠶ᠎ᠠ ᠭᠡᠷ ᠤᠨ | ᠠᠬᠠᠮᠠᠳ ᠢ ᠰᠢᠨᠵᠢᠯᠡᠬᠦ ᠤᠬᠠᠭᠠᠨᠴᠢ ᠠᠷᠭ᠎ᠠ ᠮᠠᠶ᠋ᠢᠭ ᠢᠶᠠᠷ ᠬᠡᠦᠬᠡᠳ ᠠᠰᠠᠷᠠᠨ ᠬᠥᠮᠥᠵᠢᠭᠦᠯᠵᠦ᠂ ᠲᠣᠭᠲᠠᠮᠠᠯ | ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠨᠠᠩ | ᠰᠠᠶᠢᠲᠤᠷ ᠬᠠᠮᠠᠭᠠᠯᠠᠬᠤ ᠶᠢ ᠰᠠᠨᠠᠭᠠᠴᠢᠯᠠᠪᠠ᠃ |