ᠥᠷᠭᠡᠨ ᠣᠯᠠᠨ ᠪᠠᠭᠰᠢ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠤ ᠬᠠᠤᠯᠢ ᠴᠠᠭᠠᠵᠠ ᠶᠢᠨ | ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠵᠦ᠂ ᠪᠠᠭᠰᠢ ᠠᠵᠢᠯᠲᠠᠨ ᠪᠠ ᠱᠠᠰᠢᠨ ᠰᠢᠲᠦᠳᠡᠭ | ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠬᠠᠤᠯᠢ ᠲᠣᠭᠲᠠᠭᠠᠯ ᠢ | ᠰᠠᠨᠠᠭᠠᠴᠢᠯᠠᠭ᠎ᠠ ᠠᠴᠠ ᠪᠠᠨ ᠰᠤᠷᠤᠯᠴᠠᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ | 3 ᠰᠠᠷ᠎ᠠ ᠶᠢᠨ 14 ᠤ ᠡᠳᠦᠷ᠂ ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠣᠭᠤᠷᠢᠭ ᠤᠨ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︵ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ | ᠶᠠᠪᠤᠳᠠᠯ ᠤᠨ ᠲᠣᠪᠴᠢᠶ᠎ᠠ︶ ᠲᠠᠢ ᠬᠠᠮᠲᠤᠷᠠᠨ ᠰᠢᠭᠤᠶᠢᠲᠤ ᠲᠣᠭᠤᠷᠢᠭ ᠤᠨ ᠾᠧᠦ ᠶᠢᠩᠽᠢ ᠶᠢᠨ ᠶᠣᠰᠣᠯᠠᠯ ᠤᠨ | ᠲᠠᠩᠬᠢᠮ ᠳᠤ ︽ᠬᠠᠤᠯᠢ ᠪᠠᠷ ᠵᠠᠰᠠᠬᠤ ᠬᠥᠮᠦᠵᠢᠯ ᠢ ᠳᠤᠭᠠᠩ ᠳᠤ ᠣᠷᠣᠭᠤᠯᠬᠤ ᠬᠠᠤᠯᠢ ᠪᠠᠷ ᠵᠠᠰᠠᠬᠤ ᠢᠲᠡᠭᠡᠯ | ᠪᠢᠰᠢᠷᠡᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ︾ ᠭᠤᠣᠯ ᠰᠡᠳᠦᠪᠲᠦ ᠬᠠᠤᠯᠢ ᠲᠦᠭᠡᠮᠡᠯᠵᠢᠭᠦᠯᠬᠦ | ᠮᠡᠳᠡᠯᠭᠡ ᠶᠢᠨ ᠲᠠᠶᠢᠯᠤᠮᠵᠢ ᠡᠷᠭᠢᠯᠡᠪᠡ᠃ | ᠬᠠᠤᠯᠢ ᠴᠠᠭᠠᠵᠠ ᠶᠢᠨ ᠤᠬᠠᠭᠤᠯᠭ᠎ᠠ ᠶᠢᠨ ᠶᠣᠰᠣᠯᠠᠯ ᠤᠨ ᠲᠢᠩᠬᠢᠮ ᠳᠤ ᠣᠷᠣᠭᠰᠠᠨ ᠬᠠᠤᠯᠢ ᠪᠠᠷ ᠵᠠᠰᠠᠬᠤ | ᠰᠡᠳᠬᠢᠬᠦᠢ ᠡᠶ᠎ᠡ ᠵᠣᠬᠢᠴᠠᠯ ᠢ ᠠᠬᠢᠭᠤᠯᠪᠠ | ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠭᠴᠢ ᠰᠢᠦᠢ ᠨᠢᠩ ᠥᠷᠭᠡᠨ ᠣᠯᠠᠨ ᠪᠠᠭᠰᠢ ᠠᠵᠢᠯᠲᠠᠨ ᠪᠠ ᠱᠠᠰᠢᠨ | ᠰᠢᠲᠦᠳᠡᠭ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ | ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠤᠨ ᠲᠠᠶᠢᠯᠪᠤᠷᠢᠯᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ | ᠬᠡᠷᠡᠭ ᠶᠠᠪᠤᠳᠠᠯ ᠤᠨ ᠳᠦᠷᠢᠮ︾ ᠪᠣᠯ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠱᠠᠰᠢᠨ ᠰᠤᠷᠲᠠᠬᠤᠨ ᠤ | ᠠᠵᠢᠯ ᠤᠨ ᠲᠤᠬᠠᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠮᠥᠨ᠂ ᠪᠥᠬᠦ ᠣᠷᠣᠨ ᠤ ᠱᠠᠰᠢᠨ | ᠰᠤᠷᠲᠠᠬᠤᠨ ᠤ ᠠᠵᠢᠯ ᠤᠨ ᠬᠠᠤᠯᠢ ᠪᠠᠷ ᠵᠠᠰᠠᠬᠤ ᠠᠬᠢᠴᠠ ᠶᠢ ᠠᠬᠢᠭᠤᠯᠬᠤ ᠳᠤ ᠬᠥᠰᠢᠶ᠎ᠡ ᠳᠤᠷᠠᠰᠬᠠᠯ ᠤᠨ ᠠᠴᠢ | ᠬᠤᠯᠪᠣᠭᠳᠠᠯ ᠲᠠᠢ ᠶᠤᠮ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ | ᠲᠠᠶᠢᠯᠪᠤᠷᠢᠯᠠᠭᠴᠢ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ᠂ ᠱᠠᠰᠢᠨ ᠰᠤᠷᠲᠠᠬᠤᠨ ᠤ | ᠠᠵᠢᠯᠯᠠᠭᠠᠨ ᠤ ᠲᠠᠯᠠᠪᠤᠷ ᠢ ᠬᠢᠨᠠᠨ ᠵᠥᠪᠰᠢᠶᠡᠷᠡᠬᠦ᠂ ᠱᠠᠰᠢᠨ ᠰᠤᠷᠲᠠᠬᠤᠨ ᠤ ᠠᠵᠢᠯᠲᠠᠨ ᠠᠵᠢᠯᠲᠠᠨ ᠢ ᠮᠠᠭᠠᠳᠯᠠᠨ | ᠲᠣᠭᠲᠠᠭᠠᠵᠤ ᠳᠠᠩᠰᠠᠯᠠᠬᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠪᠠ ᠱᠠᠰᠢᠨ ᠰᠤᠷᠲᠠᠬᠤᠨ ᠤ | ᠠᠵᠢᠯᠯᠠᠭ᠎ᠠ ᠶᠢᠨ ᠬᠠᠮᠢᠶᠠᠷᠤᠯᠲᠠ ᠵᠡᠷᠭᠡ ᠪᠦᠯᠦᠭ ᠬᠡᠰᠡᠭ ᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠤᠯᠤᠰ ᠤᠨ ᠬᠠᠤᠯᠢ | ᠴᠠᠭᠠᠵᠠ ᠶᠢᠨ ᠠᠷᠠᠳ ᠢᠷᠭᠡᠳ ᠤᠨ ᠱᠠᠰᠢᠨ ᠰᠢᠲᠦᠯᠭᠡ ᠶᠢᠨ ᠡᠷᠬᠡ ᠴᠢᠯᠦᠭᠡ ᠶᠢ ᠪᠠᠲᠤᠯᠠᠬᠤ᠂ ᠢᠯᠠᠩᠭᠤᠶ᠎ᠠ ᠱᠠᠰᠢᠨ | ᠰᠤᠷᠲᠠᠬᠤᠨ ᠤ ᠬᠡᠪ ᠤᠨ ᠠᠵᠢᠯᠯᠠᠭ᠎ᠠ ᠶᠢ ᠬᠠᠤᠯᠢ ᠶᠣᠰᠣᠭᠠᠷ ᠬᠠᠮᠠᠭᠠᠯᠠᠬᠤ᠂ ᠱᠠᠰᠢᠨ ᠰᠤᠷᠲᠠᠬᠤᠨ ᠤ ᠪᠦᠯᠬᠦᠮ᠂ ᠱᠠᠰᠢᠨ | ᠰᠤᠷᠲᠠᠬᠤᠨ ᠤ ᠠᠵᠢᠯᠯᠠᠭᠠᠨ ᠤ ᠲᠠᠯᠠᠪᠤᠷ ᠪᠠ ᠱᠠᠰᠢᠨ ᠰᠢᠲᠦᠳᠡᠭ ᠤᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠂ ᠭᠡᠪᠡᠴᠦ ᠡᠯ᠎ᠡ ᠲᠦᠷᠦᠯ ᠤᠨ ᠬᠠᠤᠯᠢ ᠪᠤᠰᠤ ᠱᠠᠰᠢᠨ | ᠰᠤᠷᠲᠠᠬᠤᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠣᠯᠣᠨ᠎ᠠ᠃ ᠥᠷᠭᠡᠨ ᠤᠯᠠᠨ ᠪᠠᠭᠰᠢ ᠠᠵᠢᠯᠲᠠᠨ ᠪᠣᠯᠣᠨ | ᠱᠠᠰᠢᠨ ᠰᠢᠲᠦᠳᠡᠭ ᠤᠯᠠᠨ ᠲᠦᠮᠡᠨ ᠠᠷᠠᠳ ᠢᠷᠭᠡᠳ ᠤᠨ ᠤᠬᠠᠮᠰᠠᠷ ᠢ ᠢᠮᠠᠭᠲᠠ ᠪᠠᠲᠤ ᠪᠤᠢ ᠪᠣᠯᠭᠠᠵᠤ᠂ ᠠᠷᠠᠳ | ᠢᠷᠭᠡᠳ ᠤᠨ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠵᠦ᠂ ᠠᠷᠠᠳ ᠢᠷᠭᠡᠳ ᠤᠨ ᠡᠭᠦᠷᠭᠡ ᠶᠢ ᠤᠬᠠᠮᠰᠠᠷ ᠠᠴᠠ ᠪᠠᠨ | ᠭᠦᠢᠴᠡᠳᠬᠡᠵᠦ᠂ ᠱᠠᠰᠢᠨ ᠰᠤᠷᠲᠠᠬᠤᠨ ᠤ ᠠᠵᠢᠯᠯᠠᠭ᠎ᠠ ᠶᠢ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠥᠷᠨᠢᠭᠦᠯᠬᠦ | ᠬᠡᠷᠡᠭᠲᠡᠢ᠃ | | | ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠤᠨ ᠬᠥᠮᠥᠨ ᠮᠡᠲᠦ ᠬᠠᠤᠯᠢ ᠪᠠᠷ ᠵᠠᠰᠠᠬᠤ ᠤᠬᠠᠮᠰᠠᠷ ᠪᠠ | ᠪᠦᠯᠬᠦᠮᠳᠡᠯ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ | ᠪᠠᠬᠢ ᠪᠤᠢ ᠪᠣᠯᠭᠠᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠨᠡᠨ ᠬᠦ ᠰᠠᠶᠢᠲᠤᠷ ᠥᠷᠨᠢᠭᠦᠯᠬᠦ ᠶᠢᠨ ᠲᠥᠯᠥᠭᠡ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠭᠴᠢ ︽ᠵᠢᠷᠭᠤᠭᠠᠨ ᠦᠭᠡ︾ ᠶᠢᠨ | ᠪᠣᠳᠠᠲᠤ ᠶᠠᠪᠤᠳᠠᠯ ᠪᠠ ᠶᠣᠰᠣ ᠤᠴᠢᠷ ᠲᠠᠢ ᠨᠢᠭᠲᠠ ᠤᠶᠠᠯᠳᠤᠭᠤᠯᠤᠨ᠂ ᠥᠷᠭᠡᠨ ᠣᠯᠠᠨ ᠪᠠᠭᠰᠢ ᠠᠵᠢᠯᠲᠠᠨ ᠪᠠ | ᠱᠠᠰᠢᠨ ᠰᠢᠲᠦᠳᠡᠭ ᠣᠯᠠᠨ ᠲᠦᠮᠡᠨ ᠳᠤ ᠬᠠᠨᠳᠤᠭᠤᠯᠤᠭᠰᠠᠨ ᠰᠢᠭᠤᠳ ᠲᠡᠦᠬᠡᠨ ᠮᠠᠲ᠋ᠧᠷᠢᠶᠠᠯ ᠪᠠ ᠪᠣᠳᠠᠲᠤ | ᠵᠢᠱᠢᠶ᠎ᠡ ᠪᠠᠷ ᠥᠪᠥᠷ ᠮᠣᠩᠭᠤᠯ ᠤᠨ ᠭᠠᠵᠠᠷ ᠣᠷᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠳᠣᠣᠷᠠᠬᠢ ᠬᠥᠭᠵᠢᠯᠲᠡ ᠶᠢᠨ ᠬᠡᠷᠡᠯ ᠰᠠᠴᠤᠷᠠᠩᠭᠤᠢ ᠥᠩᠭᠡᠷᠡᠯᠲᠡ ᠶᠢ ᠰᠢᠰᠲ᠋ᠧᠮ ᠲᠠᠢ | ᠲᠣᠳᠣᠷᠬᠠᠶᠢᠯᠠᠨ ᠥᠭᠦᠯᠡᠵᠦ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ | ᠤᠯᠠᠮᠵᠢᠯᠠᠯ ᠵᠢᠴᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠣᠯᠠᠨ ᠳᠤ | ᠨᠠᠩ ᠭᠦᠨᠵᠡᠭᠡᠢ ᠣᠶᠢᠯᠠᠭᠠᠭᠤᠯᠵᠤ᠂ ᠲᠤᠬᠠᠢ ᠶᠢᠨ ᠲᠠᠯᠠᠪᠠᠶ ᠶᠢᠨ ᠣᠯᠠᠨ ᠲᠦᠮᠡᠨ ᠢ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠮᠡᠳᠡᠷᠡᠮᠵᠢ ᠶᠢ ᠲᠠᠰᠤᠷᠠᠯᠲᠠ ᠦᠭᠡᠢ | ᠨᠡᠮᠡᠭᠳᠡᠭᠦᠯᠬᠦ ᠬᠡᠷᠡᠭᠲᠡᠢ ᠭᠡᠵᠦ ᠤᠷᠢᠶᠠᠯᠠᠪᠠ᠃ | | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠪᠣᠳᠠᠲᠤ ᠶᠠᠪᠤᠳᠠᠯ ᠬᠢᠬᠦ ᠬᠠᠤᠯᠢ ᠪᠠᠷ | ᠵᠠᠰᠠᠬᠤ ᠣᠨᠣᠯᠵᠢᠬᠤᠨ ᠬᠥᠭᠵᠢᠯᠲᠡ ᠶᠢ ᠳᠡᠮᠵᠢᠬᠦ | ᠲᠠᠶᠢᠯᠤᠮᠵᠢ ᠶᠢᠨ ᠡᠴᠦᠰ ᠲᠤ᠂ ᠤᠬᠠᠭᠤᠯᠤᠨ ᠲᠠᠶᠢᠯᠪᠤᠷᠢᠯᠠᠭᠴᠢ ᠲᠣᠭᠤᠷᠢᠭ ᠤᠨ ᠬᠠᠤᠯᠢ ᠴᠠᠭᠠᠵᠠ ᠶᠢᠨ | ᠲᠣᠪᠴᠢᠶ᠎ᠠ ᠶᠢᠨ ᠬᠠᠤᠯᠢ ᠴᠠᠭᠠᠵᠠ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠬᠠᠤᠯᠢ | ᠴᠠᠭᠠᠵᠠ ᠶᠢᠨ ᠲᠤᠰᠠᠯᠠᠮᠵᠢ ᠦᠵᠡᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠨ ᠠᠷᠠᠳ ᠢᠷᠭᠡᠳ ᠤᠨ | ᠪᠦᠷᠢᠯᠳᠦᠭᠦᠯᠪᠡᠰᠦ ᠵᠣᠬᠢᠬᠤ ᠨᠥᠬᠦᠴᠡᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠪᠴᠢᠶ᠎ᠡ ᠵᠢᠴᠢ ᠰᠢᠢᠳᠪᠦᠷᠢᠯᠡᠬᠦ | ᠶᠠᠪᠤᠴᠠ ᠶᠢ ᠨᠠᠷᠢᠨ ᠲᠠᠶᠢᠯᠪᠤᠷᠢᠯᠠᠵᠤ᠂ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠤᠯᠢ | ᠴᠠᠭᠠᠵᠠ ᠶᠢᠨ ᠲᠤᠰᠠᠯᠠᠮᠵᠢ ᠶᠢ ᠣᠶᠢᠯᠠᠭᠠᠬᠤ ᠨᠣᠷᠮ᠎ᠠ᠂ ᠲᠡᠷᠢᠭᠦᠨ ᠰᠣᠩᠭᠤᠯᠲᠠ ᠶᠢᠨ ᠨᠣᠷᠮ᠎ᠠ ᠪᠠ ᠬᠠᠨᠤᠮᠵᠢ ᠶᠢᠨ | ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠡᠶᠢᠭᠡᠮ ᠤᠨ ᠲᠣᠭᠲᠠᠭᠤᠨ | ᠪᠠᠶᠢᠳᠠᠯ ᠢ ᠬᠠᠮᠠᠭᠠᠯᠠᠬᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ ᠬᠠᠤᠯᠢ ᠪᠠᠷ ᠵᠠᠰᠠᠬᠤ | ᠪᠠᠲᠤᠯᠠᠭ᠎ᠠ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠪᠠ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠭᠴᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠥᠬᠦ ᠲᠠᠯ᠎ᠠ ᠶᠢᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠠᠬᠢᠭᠤᠯᠬᠤ | ᠳᠦᠷᠢᠮ︾᠂ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ᠂ ᠬᠠᠤᠯᠢ ᠪᠠᠷ ᠵᠠᠰᠠᠬᠤ | ᠬᠤᠷᠮᠣᠶᠢᠪᠴᠢ᠂ ᠠᠯᠴᠢᠭᠤᠷ᠂ ᠴᠠᠭᠠᠰᠤ ᠵᠡᠷᠭᠡ ᠮᠠᠲ᠋ᠧᠷᠢᠶᠠᠯ ᠪᠠ ᠡᠳ᠋ ᠪᠣᠳᠠᠰ ᠢ 300 ᠬᠤᠪᠢ ᠲᠠᠷᠬᠠᠭᠠᠪᠠ᠃ | | ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ ᠶᠢ | ᠡᠷᠭᠢᠯᠡᠭᠰᠡᠨ ᠨᠢ ᠥᠷᠭᠡᠨ ᠣᠯᠠᠨ ᠪᠠᠭᠰᠢ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠤ ᠬᠠᠤᠯᠢ ᠪᠠᠷ ᠵᠠᠰᠠᠬᠤ | ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠠᠵᠢᠯᠲᠠᠨ ᠪᠠ ᠱᠠᠰᠢᠨ ᠰᠢᠲᠦᠳᠡᠭ ᠣᠯᠠᠨ | ᠲᠦᠮᠡᠨ ᠤ ᠰᠠᠨᠠᠭᠠᠴᠢᠯᠠᠭ᠎ᠠ ᠠᠴᠠ ᠪᠠᠨ ᠬᠠᠤᠯᠢ ᠶᠢ ᠰᠤᠷᠤᠯᠴᠠᠬᠤ᠂ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ | ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠠᠭᠰᠢ | ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠢ ᠬᠥᠲᠥᠯᠥᠨ ᠳᠠᠭᠠᠭᠤᠯᠵᠤ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠨᠡᠶᠢᠭᠡᠮ ᠤᠨ ᠲᠣᠭᠲᠠᠭᠤᠨ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ | ᠬᠥᠭᠵᠢᠯᠲᠡ ᠶᠢᠨ ᠪᠠᠶᠢᠳᠠᠯ ᠢ ᠪᠣᠶ ᠪᠣᠯᠭᠠᠬᠤ ᠳᠤ ᠠᠬᠢᠭᠤᠯᠬᠤ ᠦᠢᠯᠡᠳᠦᠯ ᠦᠵᠡᠭᠦᠯᠵᠦ᠂ ᠬᠠᠷᠢᠶᠠᠲᠤ ᠣᠷᠣᠨ ᠤ | ᠱᠠᠰᠢᠨ ᠰᠤᠷᠲᠠᠬᠤᠨ ᠤ ᠬᠦᠷᠢᠶᠡᠨ ᠳᠠᠬᠢ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠳᠤ ᠬᠠᠤᠯᠢ ᠪᠠᠷ ᠵᠠᠰᠠᠬᠤ ᠰᠠᠶᠢᠨ | ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠪᠠ᠃ | ᠡᠬᠡ ᠪᠢᠴᠢᠭ᠄ ᠮᠠ ᠶᠠᠨ ᠴᠢᠨ |