ᠰᠢᠭᠤᠶᠢᠲᠤ ᠲᠣᠭᠤᠷᠢᠭ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
        3 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠦᠨᠡᠨᠴᠢ ᠢᠲᠡᠭᠡᠮᠵᠢᠲᠡᠢ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢᠭᠤᠶᠢᠲᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠶᠠᠩ ᠬᠤᠷᠠᠯ ᠢ ᠡᠷᠭᠢᠯᠡᠪᠡ᠃ ᠬᠤᠷᠠᠯ ᠠᠴᠠ 2024 ᠣᠨ ᠤ ᠪᠥᠬᠦ  ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ᠂ ᠪᠥᠬᠦ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ᠂ ᠪᠥᠬᠦ ᠬᠤᠲᠠ ᠶᠢᠨ ︽ᠬᠤᠶᠠᠷ ᠢ ᠡᠯᠰᠡᠵᠦ ᠬᠤᠶᠠᠷ ᠢ ᠣᠷᠣᠭᠤᠯᠵᠤ ᠨᠢᠭᠡ ᠶᠢ ᠰᠢᠯᠢᠳᠡᠭᠵᠢᠭᠦᠯᠬᠦ︾ ᠬᠤᠷᠠᠯ ᠪᠠ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ 2024 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠭᠤᠶᠢᠲᠤ ᠲᠣᠭᠤᠷᠢᠭ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ︽ᠰᠢᠭᠤᠶᠢᠲᠤ ᠲᠣᠭᠤᠷᠢᠭ  ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ︵ᠰᠠᠨᠠᠯ ᠬᠤᠷᠢᠶᠠᠬᠤ ᠨᠣᠣᠷᠠᠭ︶︾᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠬᠢᠭᠤᠯᠬᠤ ᠲᠣᠭᠲᠠᠴᠠ ︵ᠰᠠᠨᠠᠯ ᠬᠤᠷᠢᠶᠠᠬᠤ ᠨᠣᠣᠷᠠᠭ︶︾ ᠶᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
1710491081591024176.jpg
        ᠬᠤᠷᠠᠯ ᠠᠴᠠ᠂ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠪᠣᠯ 2024 ᠣᠨ ᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠠᠶᠢᠷᠢᠯᠠᠭᠤᠯᠤᠭᠰᠠᠨ ︽ᠵᠢᠷᠭᠤᠭᠠᠨ ᠶᠡᠭᠡ ᠢᠨᠵᠧᠨᠧᠷᠢᠩ︾ ᠤᠨ ᠨᠢᠭᠡ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠴᠢᠬᠤᠯᠠ ᠠᠭᠤᠯᠭ᠎ᠠ ᠪᠣᠯᠣᠨ᠎ᠠ᠂ ᠡᠭᠦᠨ ᠤ ᠬᠠᠮᠲᠤ ᠰᠢᠭᠤᠶᠢᠲᠤ ᠣᠷᠣᠨ ᠤ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠬᠤ ᠬᠤᠰᠢᠭᠤᠴᠢ ᠣᠷᠣᠨ ᠤ ᠰᠢᠰᠲ᠋ᠧᠮᠲᠦ ᠴᠢᠨᠠᠷᠲᠠᠢ ᠳᠡᠭᠡᠭᠰᠢᠯᠡᠯᠲᠡ ᠪᠠᠷ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠤᠯᠭᠠᠮ᠎ᠠ ᠬᠡᠷᠡᠭᠴᠡᠭᠡ ᠪᠣᠯᠣᠨ᠎ᠠ᠂ ᠡᠷᠬᠡᠪᠰᠢ ᠡᠨᠡᠬᠦ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠤ᠂ ᠲᠥᠰᠥᠯ ᠤᠨ ᠡᠭᠦᠷᠭᠡ ᠨᠢᠭᠡᠪᠦᠷᠢ ᠳᠤ ᠴᠥᠮ ᠲᠣᠳᠣᠷᠬᠠᠢ ᠬᠠᠷᠢᠭᠤᠴᠠᠯᠭᠠᠲᠠᠨ ᠪᠠ ᠭᠦᠢᠴᠡᠳᠭᠡᠭᠴᠢ ᠲᠠᠢ ᠪᠠᠶᠢᠬᠤ ᠶᠢ ᠦᠨᠡᠨ ᠬᠦ ᠪᠠᠲᠤᠯᠠᠵᠤ᠂ ᠨᠢᠭᠲᠠ ᠬᠠᠮᠵᠢᠯᠴᠠᠬᠤ᠂ ᠬᠠᠮᠲᠤ ᠪᠠᠷ ᠡᠭᠦᠷᠭᠡᠯᠡᠬᠦ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠰᠢᠰᠲ᠋ᠧᠮ ᠢ ᠵᠣᠬᠢᠴᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠪᠠᠲᠤ ᠰᠠᠬᠢᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠡᠯ᠎ᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠴᠢᠩᠭ᠎ᠠ ᠵᠢᠷᠤᠮᠯᠠᠨ᠂ ᠨᠢᠭᠲᠠ ᠬᠠᠮᠵᠢᠯᠴᠠᠨ᠂ ᠡᠯ᠎ᠡ ᠵᠦᠢᠯ ᠤᠨ ᠠᠵᠢᠯ ᠢ ᠪᠡᠶᠡᠯᠡᠭᠦᠯᠦᠭᠰᠡᠨ ᠠᠬᠢᠴᠠ ᠶᠢ ᠴᠢᠩᠭ᠎ᠠ ᠠᠩᠬᠠᠷᠴᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠠᠭ ᠲᠤᠬᠠᠢ ᠳᠤᠨᠢ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ︵ᠡᠬᠡ ᠪᠢᠴᠢᠭ ᠬᠠᠩᠭᠠᠬᠤ᠄ ᠶᠤᠸᠠᠢ ᠵᠢᠶᠦ᠋ᠨ︶
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号