︽ᠡᠮᠴᠢᠯᠡᠭᠡᠨ ᠤ ᠬᠠᠮ ᠲᠡᠷᠭᠡ ᠶᠢᠨ ᠡᠷᠡᠭᠦᠯ ᠮᠡᠨᠳᠦ ᠰᠢᠭᠤᠶᠢᠲᠤ ᠵᠠᠮ ᠢᠶᠠᠷ ᠮᠣᠷᠳᠠᠭᠤᠯᠬᠤ︾ ᠲᠣᠭᠤᠷᠢᠨ ᠡᠮᠴᠢᠯᠡᠬᠦ ᠡᠬᠢᠯᠡᠯᠲᠡ ᠶᠢᠨ ᠶᠣᠰᠣᠯᠠᠯ
ᠨᠡᠶᠢᠲᠡᠯᠡᠭᠰᠡᠨ ᠴᠠᠭ᠄
2024/3/19
        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠲᠤᠰᠬᠠᠢ ᠮᠡᠷᠭᠡᠵᠢᠯᠲᠡᠨ ᠢ ᠭᠡᠷ ᠤᠨ ᠡᠭᠦᠳᠡᠨ ᠳᠤ ᠬᠦᠷᠭᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠨᠠᠩ ᠲᠥᠬᠦᠮ ᠪᠣᠯᠭᠠᠬᠤ ᠶᠢᠨ ᠲᠥᠯᠥᠭᠡ᠂ 3 ᠰᠠᠷ᠎ᠠ ᠶᠢᠨ 18᠎ ᠤ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠡᠮᠴᠢᠯᠡᠭᠡᠨ ᠤ ᠬᠠᠮ ᠲᠡᠷᠭᠡ ᠶᠢᠨ ᠡᠷᠡᠭᠦᠯ ᠮᠡᠨᠳᠦ ᠰᠢᠭᠤᠶᠢᠲᠤ ᠵᠠᠮ ᠢᠶᠠᠷ ᠶᠠᠪᠤᠬᠤ︾ ᠲᠣᠭᠤᠷᠢᠨ ᠡᠮᠴᠢᠯᠡᠬᠦ ᠡᠬᠢᠯᠡᠯᠲᠡ ᠶᠢᠨ ᠶᠣᠰᠣᠯᠠᠯ ᠢ ᠵᠣᠬᠢᠶᠠᠨ ᠪᠠᠶᠢᠭᠤᠯᠵᠤ ᠡᠷᠭᠢᠯᠡᠪᠡ᠃
1710753171358087595.png
        ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠤ ᠵᠢᠦᠢ ᠡᠬᠢᠯᠡᠯᠲᠡ ᠶᠢᠨ ᠶᠣᠰᠣᠯᠠᠯ ᠤᠨ ᠪᠠᠶᠠᠷ ᠤᠨ ᠦᠭᠡ ᠬᠡᠯᠡᠬᠦ ᠳᠡᠭᠡᠨ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠢᠮᠠᠭᠲᠠ ︽ᠨᠠᠮ ᠤᠨ ᠪᠠᠶᠢᠭᠤᠯᠤᠯᠲᠠ ᠪᠠᠷ ᠠᠷᠠᠳ ᠲᠤ ᠠᠰᠢᠭ ᠬᠦᠷᠲᠡᠭᠡᠬᠦ︾᠎ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠦᠴᠦᠯᠡᠬᠦ ᠴᠡᠭ᠂ ᠲᠤᠰᠤᠯᠲᠠ ᠪᠣᠯᠭᠠᠵᠤ᠂ ᠠᠷᠠᠳ ᠲᠤ ᠠᠰᠢᠭ ᠬᠦᠷᠲᠡᠭᠡᠬᠦ ᠡᠬᠢ ᠪᠠᠶᠠᠯᠢᠭ ᠢ ᠬᠤᠷᠠᠮᠳᠤᠭᠤᠯᠵᠤ᠂ ᠠᠷᠠᠳ ᠲᠤ ᠠᠰᠢᠭ ᠬᠦᠷᠲᠡᠭᠡᠬᠦ ᠬᠦᠴᠦᠨ ᠢ ᠨᠢᠭᠲᠠᠷᠠᠭᠤᠯᠵᠤ᠂ ᠤᠯᠠᠨ ᠡᠰᠢᠴᠢᠯᠡᠨ ᠣᠷᠣᠯᠴᠠᠬᠤ᠂ ᠤᠯᠠᠨ ᠳᠠᠪᠬᠤᠷᠭ᠎ᠠ ᠪᠠᠷ ᠨᠡᠪᠲᠡᠷᠡᠭᠦᠯᠬᠦ᠂ ᠤᠯᠠᠨ ᠲᠠᠯ᠎ᠠ ᠪᠠᠷ ᠬᠠᠷᠢᠯᠴᠠᠨ ᠬᠥᠳᠡᠯᠦᠯᠴᠡᠭᠰᠡᠨ ᠠᠷᠠᠳ ᠲᠤ ᠠᠰᠢᠭ ᠬᠦᠷᠲᠡᠭᠡᠬᠦ ᠲᠠᠪᠴᠠᠩ ᠢ ᠪᠠᠶᠢᠭᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷ᠂ ᠡᠮ ᠬᠤᠳᠠᠯᠳᠤᠨ ᠠᠪᠬᠤ ᠳᠤ ᠦᠨᠡᠲᠡᠢ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠬᠥᠭᠵᠢᠯᠲᠡ ᠶᠢ ᠠᠬᠢᠭᠤᠯᠬᠤ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠲᠠᠰᠤᠷᠠᠯᠲᠠ ᠦᠭᠡᠢ ᠠᠬᠢᠭᠤᠯᠪᠠ᠃
1710753187345063457.png
        ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠳ᠋ᠦᠩ ᠯᠠᠢ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠱᠦᠵᠢ ᠬᠤᠤ ᠵᠢᠦᠢ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠴᠢᠦᠢ ᠨᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠵᠢᠶᠠᠨ ᠵᠢᠶᠦ᠋ᠨ᠂ ᠲᠣᠭᠤᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠱᠦᠵᠢ ᠸᠠᠩ ᠶᠢᠩ᠂ ᠲᠣᠭᠤᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠳᠠᠷᠤᠭ᠎ᠠ ᠸᠠᠩ ᠰᠢᠨ ᠷᠦᠩ᠂ ᠡᠯ᠎ᠡ ᠬᠤᠶᠠᠳᠤᠭᠠᠷ ᠳᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠠᠷ ᠣᠷᠣᠯᠴᠠᠵᠠᠢ᠃ ᠡᠭᠦᠨ ᠤ ᠬᠠᠮᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠪᠡᠳᠡᠷᠡᠭᠤᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠵᠡᠷᠭᠡ 5 ᠡᠮᠴᠢᠯᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢᠳ ᠲᠤ ︽ᠨᠠᠮ ᠤᠨ ᠭᠡᠰᠢᠭᠦᠨ ᠤ ᠡᠮᠴᠢᠯᠡᠭᠡᠨ ᠤ ᠬᠠᠮ ᠲᠡᠷᠭᠡ︾᠎ ᠶᠢᠨ ᠡᠷᠡᠭᠦᠯ ᠮᠡᠨᠳᠦ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠲᠤᠭ ᠣᠯᠭᠤᠪᠠ᠃
1710753199682081075.png
        ᠳᠤᠮᠳᠠᠳᠤ ᠤᠯᠤᠰ ᠤᠨ ᠤᠯᠤᠰ ᠤᠨ ᠡᠮᠴᠢᠯᠡᠭᠡᠨ ᠤ ᠪᠠᠶᠠᠷ ᠢ ᠳᠤᠷᠠᠰᠬᠠᠬᠤ ᠶᠢᠨ ᠲᠥᠯᠥᠭᠡ᠂ ᠬᠢᠲᠠᠳ ᠡᠮ ᠡᠮᠨᠡᠯᠭᠡ ᠶᠢᠨ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠡᠬᠢ ᠪᠠᠶᠠᠯᠢᠭ ᠪᠠ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠰᠢ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠵᠤ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ ᠰᠣᠶᠣᠯ ᠢ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤᠮᠳᠠ ᠦᠨᠳᠦᠰᠦᠨ ᠱᠠᠲᠤᠨ ᠤ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠣᠯᠠᠨ ᠲᠦᠮᠡᠨ ᠳᠤ ᠬᠢᠲᠠᠳ ᠡᠮ ᠡᠮᠨᠡᠯᠭᠡ ᠶᠢᠨ ᠣᠨᠴᠠᠯᠢᠭ ᠳᠠᠪᠠᠭᠤᠯᠢᠭ ᠵᠢᠴᠢ ᠰᠡᠷᠭᠡᠶᠢᠯᠡᠬᠦ᠂ ᠡᠷᠡᠭᠦᠯᠵᠢᠭᠦᠯᠬᠦ᠂ ᠪᠡᠶ᠎ᠡ ᠰᠤᠪᠢᠯᠠᠬᠤ᠂ ᠡᠷᠡᠭᠦᠯᠵᠢᠭᠦᠯᠬᠦ ᠵᠡᠷᠭᠡ ᠲᠠᠯ᠎ᠠ ᠶᠢᠨ ᠥᠪᠡᠷᠮᠢᠴᠡ ᠲᠠᠲᠠᠬᠤ ᠬᠦᠴᠦᠨ ᠪᠠ ᠦᠢᠯᠡᠳᠦᠯ ᠢ ᠪᠡᠶ᠎ᠡ ᠪᠠᠷ ᠢᠶᠠᠨ ᠮᠡᠳᠡᠷᠡᠭᠦᠯᠬᠦ ᠶᠢᠨ ᠲᠥᠯᠥᠭᠡ᠂ ᠡᠬᠢᠯᠡᠯᠲᠡ ᠶᠢᠨ ᠶᠣᠰᠣᠯᠠᠯ ᠳᠡᠭᠡᠷ᠎ᠡ ᠬᠢᠲᠠᠳ ᠡᠮᠨᠡᠯᠭᠡ ᠪᠠᠷ ᠭᠤᠣᠯ ᠪᠣᠯᠭᠠᠭᠰᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠬᠥᠮᠥᠨ ᠬᠠᠷ᠎ᠠ ᠬᠤᠷᠠᠨ ᠴᠤᠭᠯᠠᠷᠠᠵᠤ᠂ ᠡᠮᠴᠢᠯᠡᠭᠡ ᠭᠤᠶᠤᠬᠤ ᠪᠠᠷ ᠢᠷᠡᠭᠰᠡᠨ ᠣᠯᠠᠨ ᠲᠦᠮᠡᠨ ᠲᠠᠰᠤᠷᠠᠯᠲᠠ ᠦᠭᠡᠢ ᠣᠯᠠᠰᠢᠷᠠᠵᠤ᠂ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯᠲᠡᠨ ᠨᠠᠷ ᠣᠯᠠᠨ ᠲᠦᠮᠡᠨ ᠤ ᠰᠤᠳᠠᠯ ᠪᠠᠷᠢᠵᠤ ᠡᠮᠨᠡᠬᠦ᠂ ᠵᠡᠭᠦᠦ ᠲᠥᠭᠡᠨᠡᠯᠭᠡ ᠶᠢᠨ ᠹᠢᠽᠢᠺ ᠵᠠᠰᠠᠯ᠂ ᠣᠷᠣᠨ ᠰᠠᠭᠤᠴᠠ ᠢᠳᠡᠵᠦ ᠤᠤᠭᠤᠬᠤ ᠵᠡᠷᠭᠡ ᠪᠠᠶᠢᠳᠠᠯ ᠢ ᠠᠰᠠᠭᠤᠨ ᠯᠠᠪᠯᠠᠵᠤ᠂ ᠲᠡᠭᠦᠨ ᠢ ᠦᠵᠡᠵᠦ ᠰᠣᠨᠣᠰᠤᠭᠠᠳ ᠡᠷᠡᠭᠦᠯ ᠮᠡᠨᠳᠦ ᠶᠢᠨ ᠰᠠᠶᠢᠨ ᠵᠣᠷ ᠬᠠᠩᠭᠠᠵᠠᠢ︔ ᠡᠭᠦᠨ ᠤ ᠬᠠᠮᠲᠤ ᠣᠯᠠᠨ ᠲᠦᠮᠡᠨ ᠤ ᠳᠤᠷᠠᠳᠤᠭᠰᠠᠨ ᠮᠠᠳᠠᠭ ᠲᠠᠢ ᠠᠰᠠᠭᠤᠳᠠᠯ ᠳᠤ ᠨᠠᠷᠢᠨ ᠬᠠᠷᠢᠭᠤᠯᠲᠠ ᠥᠭᠴᠦ᠂ ᠡᠷᠡᠭᠦᠯ ᠮᠡᠨᠳᠦ ᠶᠢ ᠬᠠᠮᠠᠭᠠᠯᠠᠬᠤ ᠵᠢᠯᠣᠭᠤᠳᠤᠯᠭ᠎ᠠ ᠬᠢᠵᠦ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠬᠦ ᠡᠪᠡᠳᠴᠢᠨ᠂ ᠥᠲᠡᠭᠦᠰ ᠤᠨ ᠡᠪᠡᠳᠴᠢᠨ ᠢ ᠡᠮᠨᠡᠨ ᠵᠠᠰᠠᠬᠤ ᠳᠤ ᠴᠢᠭᠯᠡᠭᠦᠯᠦᠨ᠂ ᠬᠢᠲᠠᠳ ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠤᠨ ᠡᠮᠴᠢᠯᠡᠭᠡ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ᠂ ᠡᠮᠴᠢᠯᠡᠬᠦ ᠪᠠᠷ ᠢᠷᠡᠭᠰᠡᠨ ᠣᠯᠠᠨ ᠲᠦᠮᠡᠨ ᠳᠤ ᠬᠠᠯᠠᠭᠤᠮᠰᠤᠭ ᠢᠶᠠᠷ ᠦᠢᠯᠡᠴᠢᠯᠡᠪᠡ᠃ ᠡᠴᠦᠰᠲ᠂ ᠵᠢᠷᠤᠮ ᠤᠨ ᠡᠮᠴᠢᠯᠡᠭᠡᠨ ᠳᠤ ᠣᠷᠣᠯᠴᠠᠭᠰᠠᠨ ᠬᠢᠲᠠᠳ ᠡᠮᠨᠡᠯᠭᠡ ᠶᠢᠨ ᠡᠮᠴᠢ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠶᠠᠷᠢᠯᠴᠠᠬᠤ ᠬᠤᠷᠠᠯ ᠬᠢᠪᠡ᠃
        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠦᠷᠭᠦᠯᠵᠢᠯᠡᠨ ᠦᠢᠯᠡᠴᠢᠯᠡᠭᠡᠨ ᠤ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠨᠠᠷᠢᠨ ᠵᠦᠢᠯᠡᠰ ᠢ ᠴᠢᠬᠤᠯᠠᠴᠢᠯᠠᠵᠤ᠂ ᠪᠣᠳᠠᠲᠠᠢ ᠶᠢ ᠡᠷᠬᠢᠮᠯᠡᠨ ᠲᠡᠮᠡᠴᠡᠵᠦ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠡᠮᠨᠡᠯᠭᠡ ᠶᠢᠨ ᠠᠵᠢᠯᠲᠠᠳ ᠢ ᠢᠳᠡᠪᠬᠢᠲᠡᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠥᠷᠭᠡᠨ ᠤᠯᠠᠨ ᠲᠦᠮᠡᠨ ᠤ ᠡᠮ ᠡᠮᠨᠡᠯᠭᠡ᠂ ᠡᠷᠡᠭᠦᠯᠵᠢᠯ᠂ ᠡᠮ ᠬᠡᠷᠡᠭᠯᠡᠬᠦ᠂ ᠡᠷᠡᠭᠦᠯᠵᠢᠯ᠂ ᠪᠡᠶ᠎ᠡ ᠰᠤᠪᠢᠯᠠᠯᠲᠠ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠲᠠᠯ᠎ᠠ ᠶᠢᠨ ᠬᠡᠷᠡᠭᠴᠡᠭᠡ ᠶᠢ ᠴᠢᠨᠠᠭᠰᠢᠳᠠ ᠬᠠᠩᠭᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠪᠦᠬᠦ ᠰᠡᠳᠬᠢᠯ ᠢᠶᠠᠷ ᠢᠶᠠᠨ ᠰᠢᠢᠳᠪᠦᠷᠢᠯᠡᠵᠦ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠪᠣᠳᠠᠲᠠᠢ ᠶᠠᠪᠤᠳᠠᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨᠵᠢᠯᠡᠬᠦ ᠤᠬᠠᠭᠠᠨᠴᠢ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠪᠦᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号