ᠠᠵᠢᠯ ᠢᠶᠠᠨ ᠰᠡᠷᠭᠦᠭᠡᠵᠦ ᠠᠵᠢᠯ ᠤᠨ ᠪᠠᠶᠢᠷᠢ ᠳᠠᠭᠠᠨ ᠪᠤᠴᠠᠬᠤ ᠠᠶᠤᠯ ᠦᠭᠡᠢ ᠦᠢᠯᠡᠳᠪᠦᠷᠢᠯᠡᠯ ᠢ ᠮᠠᠷᠲᠠᠵᠤ ᠪᠣᠯᠬᠤ ᠦᠭᠡᠢ
ᠨᠡᠶᠢᠲᠡᠯᠡᠭᠰᠡᠨ ᠴᠠᠭ᠄
2024/3/19
        ᠠᠶᠤᠯᠭᠦᠢ ᠦᠢᠯᠡᠳᠪᠦᠷᠢᠯᠡᠯ ᠤᠨ ᠠᠳᠠᠯ ᠭᠠᠷᠬᠤ ᠠᠴᠠ ᠰᠡᠷᠭᠡᠶᠢᠯᠡᠵᠦ᠂ ᠠᠮᠤᠷ  ᠲᠦᠪᠰᠢᠨ ᠤ ᠳᠠᠯᠳᠠ ᠭᠡᠮ ᠢ ᠴᠢᠷᠮᠠᠶᠢᠨ ᠠᠷᠢᠯᠭᠠᠬᠤ ᠶᠢᠨ ᠲᠤᠰᠠᠳᠠ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠴᠠᠭᠠᠨ ᠰᠠᠷ᠎ᠠ ᠠᠴᠠ ᠡᠮᠦᠨ᠎ᠡ ᠮᠠᠨ ᠤ ᠲᠣᠭᠤᠷᠢᠭ ᠤᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠬᠠᠷᠢᠶ᠎ᠠ ᠲᠣᠭᠤᠷᠢᠭ ᠤᠨ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠵᠦ᠂ ᠪᠠᠶᠢᠴᠠᠭᠠᠬᠤ ᠶᠠᠪᠤᠴᠠ ᠳᠤ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠥᠯ ᠨᠢ ᠲᠡᠭᠦᠯᠳᠡᠷ ᠪᠤᠰᠤ᠂ ᠠᠵᠢᠯᠲᠠᠨ ᠠᠵᠢᠯᠴᠢᠨ ᠤ ᠡᠷᠬᠡ ᠠᠱᠢᠭ ᠢ ᠪᠠᠲᠤᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠭᠠᠬᠤ ᠴᠢᠬᠤᠯᠠᠲᠠᠢ ᠪᠠᠶᠢᠬᠤ ᠠᠰᠠᠭᠤᠳᠠᠯ ᠵᠢᠴᠢ ᠪᠤᠰᠤᠳ ᠠᠮᠤᠷ  ᠲᠦᠪᠰᠢᠨ ᠤ ᠳᠠᠯᠳᠠ ᠭᠡᠮ ᠪᠠᠶᠢᠬᠤ ᠶᠢ ᠣᠯᠵᠤ ᠮᠡᠳᠡᠭᠡᠳ᠂ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠲᠤᠬᠠᠢ ᠶᠢᠨ ᠭᠠᠵᠠᠷ ᠲᠤᠨᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ ᠥᠭᠭᠦᠭᠰᠡᠨ ᠪᠥᠭᠡᠳ ᠲᠡᠭᠦᠨ ᠳᠤ ᠴᠡᠭᠴᠡᠯᠡᠨ ᠥᠭᠡᠷᠡᠴᠢᠯᠡᠬᠦ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃        ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ᠂ ᠬᠠᠷᠢᠶ᠎ᠠ ᠣᠷᠣᠨ ᠤ ᠠᠵᠤ ᠠᠬᠤᠶᠢᠯᠠᠯ ᠨᠢᠭᠡᠨᠲᠡ ᠵᠠᠯᠭᠠᠭ᠎ᠠ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ᠂ ᠰᠢᠭᠤᠶᠢᠲᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠡᠷᠡ ᠳᠠᠷᠤᠢ ᠳᠤᠨᠢ ᠠᠵᠤ ᠠᠬᠤᠶᠢᠯᠠᠯ ᠳᠤ ᠭᠦᠨᠵᠡᠭᠡᠶᠢᠷᠡᠵᠦ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠲᠥᠷᠥᠯ ᠵᠦᠢᠯ ᠢ ᠳᠠᠬᠢᠨ ᠪᠠᠶᠢᠴᠠᠭᠠᠭᠰᠠᠨ ᠪᠥᠭᠡᠳ ᠪᠤᠰᠤᠳ ᠠᠮᠤᠷ ᠲᠦᠪᠰᠢᠨ ᠤ ᠭᠡᠮ ᠰᠣᠭᠤᠭ ᠣᠷᠣᠰᠢᠵᠤ ᠪᠠᠶᠢᠬᠤ ᠡᠰᠡᠬᠦ ᠶᠢ ᠤᠯᠠᠮ ᠴᠢᠨᠠᠭᠰᠢᠳᠠ ᠬᠢᠨᠠᠨ ᠪᠠᠶᠢᠴᠠᠭᠠᠪᠠ᠃ ᠡᠭᠦᠨ ᠤ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠴᠠᠭᠠᠨ ᠰᠠᠷ᠎ᠠ ᠰᠠᠶ᠋ᠢᠬᠠᠨ ᠥᠩᠭᠡᠷᠡᠵᠦ᠂ ᠠᠵᠢᠯᠲᠠᠨ ᠠᠵᠢᠯᠴᠢᠨ ᠤ ︽ᠪᠠᠶᠠᠷ ᠤᠨ ᠡᠳᠦᠷ ᠤᠨ ᠶᠡᠷᠦᠩᠬᠡᠢ ᠭᠡᠮ︾ ᠢᠯᠡᠳᠲᠡ ᠪᠣᠯᠵᠤ᠂ ᠠᠵᠢᠯ ᠤᠨ ᠦᠷ᠎ᠡ ᠪᠦᠲᠦᠮᠵᠢ ᠳᠣᠣᠷ᠎ᠠ᠂ ᠠᠮᠤᠷ ᠲᠦᠪᠰᠢᠨ ᠤ ᠤᠬᠠᠮᠰᠠᠷ ᠬᠥᠩᠭᠡᠨ ᠵᠡᠷᠭᠡ ᠠᠰᠠᠭᠤᠳᠠᠯ ᠠᠮᠠᠷᠬᠠᠨ ᠭᠠᠷᠴᠤ᠂ ᠠᠵᠢᠯᠲᠠᠳ ᠲᠤ ᠪᠠᠶᠢᠳᠠᠯ ᠢᠶᠠᠨ ᠲᠦᠷᠭᠡᠨ ᠲᠣᠬᠢᠷᠠᠭᠤᠯᠬᠤ ᠶᠢ ᠰᠠᠨᠠᠭᠤᠯᠵᠤ᠂ ᠠᠮᠤᠷ ᠲᠦᠪᠰᠢᠨ ᠤ ᠬᠥᠮᠦᠵᠢᠯ ᠤᠨ ᠪᠣᠯᠪᠠᠰᠤᠷᠠᠭᠤᠯᠤᠯ ᠪᠠ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ ᠴᠠᠭ ᠲᠤᠬᠠᠢ ᠳᠤᠨᠢ ᠠᠵᠢᠯᠲᠠᠨ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠰᠣᠷᠢᠯᠲᠠ ᠶᠢ ᠥᠷᠨᠢᠭᠦᠯᠬᠦ ᠬᠡᠷᠡᠭᠲᠡᠢ᠃        ᠠᠶᠤᠯᠭᠦᠢ ᠦᠢᠯᠡᠳᠪᠦᠷᠢᠯᠡᠯ ᠤᠨ ᠠᠵᠢᠯ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠡᠯ᠎ᠡ ᠰᠠᠯᠠᠭ᠎ᠠ ᠮᠥᠴᠢᠷ ᠬᠠᠮᠲᠤ ᠪᠠᠷ ᠴᠢᠷᠮᠠᠶᠢᠵᠤ᠂ ᠨᠢᠭᠲᠠ ᠬᠠᠮᠵᠢᠯᠴᠠᠬᠤ ᠬᠡᠷᠡᠭᠲᠡᠢ᠃ ᠬᠠᠮᠵᠢᠯᠴᠠᠭ᠎ᠠ ᠪᠠᠨ ᠴᠢᠩᠭᠠᠳᠬᠠᠵᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠬᠤ ᠬᠡᠷᠡᠭᠲᠡᠢ᠃ ᠨᠡᠪᠲᠡᠷᠡᠯᠴᠡᠨ ᠵᠣᠬᠢᠴᠠᠭᠤᠯᠬᠤ ᠪᠠ ᠮᠡᠳᠡᠭᠡ ᠵᠠᠩᠭᠢ ᠶᠢ ᠬᠠᠮᠲᠤ ᠳᠠᠭᠠᠨ ᠡᠳᠯᠡᠬᠦ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠬᠥᠳᠡᠯᠦᠩᠭᠦᠢ ᠮᠡᠳᠡᠭᠡ ᠵᠠᠩᠭᠢ ᠪᠣᠯᠣᠨ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠪᠠ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠴᠢᠩᠭᠠᠳᠬᠠᠨ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃
1710754152360048244 (1).jpeg
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号