-- ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ | | | ︽2024 ᠣᠨ ᠳᠤ᠂ ᠰᠢᠭᠤᠶᠢᠲᠤ ᠲᠣᠭᠤᠷᠢᠭ ᠨᠢ ᠬᠤᠲᠠ ᠶᠢᠨ ᠨᠠᠮ ᠤᠨ ᠬᠤᠷᠢᠶ᠎ᠠ ᠶᠢᠨ | ᠳᠤᠷᠠᠳᠤᠭᠰᠠᠨ ︿ᠳᠣᠯᠣᠭᠠᠨ ᠶᠡᠭᠡ ᠠᠵᠢᠯᠯᠠᠭ᠎ᠠ﹀ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 15% ᠠᠴᠠ ᠳᠡᠭᠡᠭᠰᠢ ᠨᠡᠮᠡᠭᠳᠡᠭᠦᠯᠬᠦ ᠶᠢ ᠠᠬᠢᠭᠤᠯᠵᠤ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 25% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 23 % ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8 % ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ 20 % ᠠᠴᠠ ᠳᠡᠭᠡᠭᠰᠢ ᠨᠡᠮᠡᠭᠳᠡᠭᠦᠯᠦᠨ᠎ᠡ︾ ᠭᠡᠵᠡᠢ᠃ ᠣᠶᠢᠷ᠎ᠠ ᠳᠤ᠂ | ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠰᠤᠷᠪᠤᠯᠵᠢᠯᠠᠭᠴᠢ ᠶᠢᠨ ᠲᠤᠰᠭᠠᠢ | ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠰᠢᠭᠤᠶᠢᠲᠤ ᠲᠣᠭᠤᠷᠢᠭ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ︽ | ᠲᠠᠪᠤᠨ ᠲᠠᠯᠠᠪᠤᠷ ᠪᠠᠶᠢᠯᠳᠤᠭᠠᠨ ᠢ ᠰᠠᠶᠢᠲᠤᠷ ᠬᠢᠵᠦ᠂ ᠲᠠᠪᠤᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠵᠦ᠂ | ᠪᠤᠭᠤᠲᠤ ᠶᠢᠨ ᠲᠡᠦᠬᠡ ᠶᠢᠨ ᠬᠠᠮᠤᠭ ᠥᠨᠳᠥᠷ ᠬᠢᠷᠢ ᠲᠦᠪᠰᠢᠨ ᠳᠤ ᠳᠠᠬᠢᠨ ᠪᠤᠴ ᠠᠬᠤ ᠳᠤ ᠦᠵᠡᠭᠦᠯᠪᠡᠰᠦ | ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠷᠬᠡᠶᠢᠯᠡᠪᠡ᠃ | ᠭᠠᠢ ᠯᠢᠶᠠᠨ ᠢᠦᠢ ᠬᠡᠯᠡᠬᠦ ᠳᠡᠭᠡᠨ᠂ ᠰᠢᠭᠤᠶᠢᠲᠤ ᠲᠣᠭᠤᠷᠢᠭ ᠨᠢ ᠦᠨᠳᠦᠰᠦ ᠶᠢ ᠪᠠᠬᠢᠵᠢᠭᠦᠯᠬᠦ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠰᠠᠶᠢᠲᠤᠷ ᠬᠢᠵᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠤᠨ ᠬᠥᠳᠡᠯᠭᠡᠬᠦ ᠬᠦᠴᠦᠨ ᠤ ᠰᠣᠯᠢᠭᠳᠠᠯ ᠤᠨ ᠳᠤᠮᠳᠠ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠬᠦ ᠶᠢ | ᠠᠬᠢᠭᠤᠯᠬᠤ ᠬᠡᠷᠡᠭᠲᠡᠢ ᠭᠡᠵᠡᠢ᠃ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠠᠯ᠎ᠠ ᠪᠠᠷ᠂ ᠪᠠᠳᠠᠷᠠᠯ ᠶᠡᠭᠡ ᠵᠡᠭᠡᠯᠢ᠂ ᠽᠢ ᠸᠧᠢ ᠶᠡᠭᠡ | ᠵᠡᠭᠡᠯᠢ ᠶᠢᠨ 2 ︽ᠮᠤᠬᠤᠷ ᠵᠠᠮ︾ ᠢ ᠤᠷᠲᠤᠳᠬᠠᠨ ᠰᠠᠭᠠᠳ ᠦᠭᠡᠢ ᠨᠡᠪᠲᠡᠷᠡᠭᠦᠯᠬᠦ ᠶᠢ ᠲᠦᠷᠭᠡᠳᠬᠡᠨ ᠠᠬᠢᠭᠤᠯᠵᠤ᠂ | ᠵᠣᠴᠢᠨ ᠤᠭᠲᠤᠬᠤ︽ᠬᠠᠷᠮᠠᠨ︾ ᠴᠡᠴᠡᠷᠯᠢᠭ ᠵᠡᠷᠭᠡ ᠣᠯᠠᠨ ᠨᠡᠶᠢᠲᠡ ᠶᠢᠨ ᠲᠠᠯᠠᠪᠤᠷ ᠢ ᠨᠢᠭᠲᠠᠷᠠᠭᠤᠯᠤᠨ᠎ᠠ᠃ ᠬᠤᠲᠠ | ᠬᠥᠳᠡᠭᠡ ᠶᠢᠨ ᠨᠠᠷᠢᠯᠢᠭ ᠬᠠᠮᠢᠶᠠᠷᠤᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠠᠳᠠᠯ | ᠠᠬᠤᠢ ᠶᠢᠨ ᠲᠠᠯ᠎ᠠ ᠪᠠᠷ ᠠᠵᠢᠯᠯᠠᠬᠤ ᠳᠤᠭᠤᠶᠢᠯᠠᠩ ᠲᠣᠮᠢᠯᠠᠬᠤ︾ ᠪᠠ ︽ᠬᠤᠪᠢᠰᠬᠠᠯᠲᠤ ᠠᠳᠠᠯ ᠠᠬᠤᠢ︾ ᠶᠢᠨ | ᠠᠵᠢᠯ ᠤᠨ ᠲᠣᠭᠲᠠᠴᠠ ᠶᠢ ᠬᠡᠷᠡᠭᠵᠢᠭᠦᠯᠦᠨ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ | ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠠᠮᠤ | ᠪᠤᠳᠠᠭᠠᠨ ᠤ ᠤᠨᠠᠯᠲᠠ᠂ ᠮᠠᠯ ᠤᠨ ᠠᠷᠠᠴᠢᠯᠠᠨ ᠲᠡᠵᠢᠭᠡᠵᠦ ᠪᠠᠶᠢᠭ᠎ᠠ ᠪᠠ ᠮᠢᠬᠠᠨ ᠤ ᠭᠠᠷᠤᠯᠲᠠ ᠵᠡᠷᠭᠡ ᠡᠭᠦᠷᠭᠡ ᠶᠢ | ᠳᠠᠪᠠᠭᠤᠯᠤᠨ ᠪᠡᠶᠡᠯᠡᠭᠦᠯᠪᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ | ᠲᠣᠰᠬᠤᠨ︾ ᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 2᠂ ᠬᠤᠲᠠ ᠶᠢᠨ ᠱᠠᠲᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 5 ᠶᠢ ᠪᠣᠶ ᠪᠣᠯᠭᠠᠪᠠ᠃ ︽ᠠᠵᠤ ᠦᠢᠯᠡᠰ ᠢᠶᠠᠷ | ᠬᠤᠲᠠ ᠶᠢ ᠮᠠᠨᠳᠤᠭᠤᠯᠬᠤ᠂ ᠬᠤᠲᠠ ᠪᠠᠷ ᠬᠥᠮᠥᠨ ᠢ ᠲᠥᠪᠯᠡᠷᠡᠭᠦᠯᠬᠦ︾ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠬᠥᠮᠥᠨ ᠠᠮᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ ᠪᠠᠶᠢᠩᠭᠤ ᠰᠠᠭᠤᠭ᠎ᠠ ᠬᠥᠮᠥᠨ ᠠᠮᠠ ᠶᠢ ᠳᠠᠬᠢᠨ ᠢᠶᠠᠷ | ᠨᠡᠮᠡᠭᠳᠡᠭᠦᠯᠬᠦ ᠪᠠᠷ ᠴᠢᠷᠮᠠᠶᠢᠨ᠎ᠠ᠃ | ᠠᠷᠠᠳ ᠤᠨ ᠠᠮᠢᠳᠤᠷᠠᠯ ᠤᠨ ᠲᠠᠯ᠎ᠠ ᠪᠠᠷ᠂ ︽ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ︾ | ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ | 3.9% ᠶᠢᠨ ᠳᠣᠲᠣᠷ᠎ᠠ ᠬᠢᠵᠠᠭᠠᠷᠯᠠᠬᠤ ᠶᠢ ᠦᠨᠡᠨᠬᠦ ᠪᠠᠲᠤᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠪᠦᠷᠬᠦᠴᠡ ᠶᠢᠨ ᠨᠤᠷᠮ᠎ᠠ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠲᠡᠰ ᠳᠠᠪᠬᠤᠷᠭ᠎ᠠ | ᠲᠦᠷᠦᠯ ᠬᠤᠪᠢᠶᠠᠨ ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠣᠨᠴᠠᠯᠢᠭᠲᠤ ᠠᠵᠢᠯ ᠮᠡᠷᠭᠡᠵᠢᠯ ᠤᠨ | ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠢᠳᠡᠪᠬᠢᠲᠡᠢ ᠪᠠᠷ ᠬᠥᠭᠵᠢᠭᠦᠯᠵᠦ᠂ ᠨᠢᠭᠲᠠ | ᠭᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠨ᠂ | ᠡᠮᠴᠢᠯᠡᠭᠡ ᠨᠠᠰᠤᠵᠢᠯ ᠠᠭᠤᠰᠤᠯᠴᠠᠯ ᠢ ᠲᠤᠪᠤᠶᠢᠯᠭᠠᠵᠦ ᠣᠳᠣ ᠦᠶ᠎ᠡ ᠶᠢᠨ ᠡᠷᠡᠭᠦᠯᠵᠢᠯ ᠤᠨ ᠠᠵᠤ ᠦᠢᠯᠡᠰ ᠢ | ᠬᠥᠭᠵᠢᠭᠦᠯᠦᠨ᠎ᠡ᠃ ᠠᠭᠤᠷᠬᠠᠢ ᠶᠢᠨ ᠰᠣᠶᠣᠯ᠂ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠨᠡᠭᠦᠷᠡᠰᠦᠨ | ᠠᠭᠤᠷᠬᠠᠢ ᠶᠢᠨ ᠮᠦᠽᠧᠢ᠂ ᠪᠡᠳᠡᠩ ᠵᠤᠤ ᠶᠢᠨ ᠮᠦᠽᠧᠢ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ | ᠳᠡᠮᠵᠢᠬᠦ ᠪᠠᠷ ᠴᠢᠷᠮᠠᠶᠢᠵᠤ᠂ ᠰᠤᠷᠭᠠᠨ ᠬᠥᠮᠦᠵᠢᠯ ᠡᠮ ᠡᠮᠨᠡᠯᠭᠡ ᠰᠣᠶᠣᠯ ᠤᠨ ︽ᠭᠤᠷᠪᠠᠨ ᠥᠨᠳᠦᠷᠯᠢᠭ︾ ᠤᠨ | ᠰᠢᠪᠲᠤᠯᠤᠯᠲᠠ ᠬᠢᠵᠦ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠡᠯ᠎ᠡ | ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ︽ᠠᠮᠤᠷ | ᠠᠮᠤᠭᠤᠯᠠᠩ ᠰᠢᠭᠤᠶᠢᠲᠤ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠨᠠᠩ ᠥᠨᠳᠥᠷ ᠲᠦᠪᠰᠢᠨ ᠢᠶᠠᠷ | ᠠᠬᠢᠭᠤᠯᠤᠨ᠎ᠠ᠃ | ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢ ᠬᠤᠪᠢᠷᠠᠭᠤᠯᠬᠤ ᠲᠠᠯ᠎ᠠ ᠪᠠᠷ᠂ 6.5 | ᠲᠦᠮᠡᠨ ᠮᠦ ᠣᠶ ᠰᠢᠭᠤᠢ ᠶᠢ ᠠᠷᠠᠴᠢᠯᠠᠨ ᠪᠣᠶᠢᠵᠢᠭᠤᠯᠬᠤ᠂ ᠮᠠᠭᠤᠳᠠᠭᠰᠠᠨ ᠣᠶ ᠶᠢ ᠰᠡᠷᠭᠦᠭᠡᠬᠦ ᠵᠡᠷᠭᠡ ᠤᠯᠤᠰ ᠤᠨ | ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠣᠶ | ᠰᠢᠭᠤᠢ ᠶᠢᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠡᠬᠢ ᠪᠠᠶᠠᠯᠢᠭ ᠤᠨ ᠪᠠᠶᠢᠳᠠᠯ ᠢ ᠠᠯᠢ ᠲᠦᠷᠭᠡᠨ ᠢᠶᠠᠷ | ᠲᠣᠳᠣᠷᠬᠠᠢ ᠣᠶᠢᠯᠠᠭᠠᠵᠤ᠂ ᠪᠥᠬᠦ ᠬᠤᠲᠠ ᠶᠢᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠡᠪᠡᠰᠦ | ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠥᠷᠲᠡᠭ ᠤᠨ ᠲᠤᠷᠰᠢᠯᠲᠠ ᠶᠢᠨ ᠭᠠᠵᠠᠷ ᠣᠷᠣᠨ | ᠪᠣᠯᠬᠤ ᠪᠠᠷ ᠴᠢᠷᠮᠠᠶᠢᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠪᠠᠶᠢᠩᠭᠤ ᠪᠥᠭᠡᠳ ᠣᠷᠳᠣ ᠬᠤᠭᠤᠴᠠᠭ᠎ᠠ ᠪᠠᠷ ᠰᠠᠶᠢᠲᠤᠷ ᠠᠳᠬᠤᠵᠤ᠂ ᠬᠥᠬᠡ ᠣᠭᠲᠠᠷᠭᠤᠢ᠂ | ᠨᠣᠮᠢᠨ ᠤᠰᠤ᠂ ᠴᠡᠪᠡᠷ ᠬᠥᠷᠥᠰᠥ ᠭᠤᠷᠪᠠᠨ ᠶᠡᠭᠡ ᠬᠠᠮᠠᠭᠠᠯᠠᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ | ᠰᠠᠶᠢᠨ ᠰᠠᠶᠢᠬᠠᠨ ᠡᠳᠦᠷ ᠤᠨ ᠲᠤᠭ᠎ᠠ ᠶᠢᠨ ᠬᠠᠷᠢᠴᠠᠯ ᠢ 85% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ | ᠪᠠᠲᠤᠯᠠᠨ᠎ᠠ᠃ ᠦ᠋ ᠳ᠋ᠠᠩ ᠭᠧᠦ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠳᠣᠷᠣᠭᠰᠢ ᠰᠠᠭᠤᠭᠰᠠᠨ ᠣᠷᠣᠨ ᠤ ᠠᠮᠢ | ᠠᠬᠤᠢ ᠶᠢ ᠰᠡᠷᠭᠦᠭᠡᠨ ᠵᠠᠰᠠᠬᠤ ᠠᠵᠢᠯ ᠢ ᠰᠠᠶᠢᠲᠤᠷ ᠬᠢᠵᠦ᠂ 19 ᠦᠯᠡᠳᠡᠭᠳᠡᠯ ᠬᠦᠳᠡᠷ ᠤᠨ ᠬᠥᠮᠥᠷᠭᠡ ᠶᠢ | ᠪᠢᠲᠡᠭᠦᠮᠵᠢᠯᠡᠨ ᠵᠠᠰᠠᠬᠤ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠦᠨ᠎ᠡ᠃ | ᠭᠠᠢ ᠯᠢᠶᠠᠨ ᠢᠦᠢ᠄ ︽ᠶᠡᠷᠦᠩᠬᠡᠶᠢᠯᠡᠪᠡᠯ᠂ ᠰᠢᠭᠤᠶᠢᠲᠤ ᠲᠣᠭᠤᠷᠢᠭ ᠭᠤᠣᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠯᠠᠪᠳᠠᠭᠤᠨ ᠪᠠᠲᠤᠲᠠᠢ | ᠤᠷᠤᠭᠰᠢᠯᠠᠨ ᠳᠠᠪᠰᠢᠬᠤ ᠬᠠᠷᠠᠯᠲᠠ ᠶᠢ ᠪᠠᠲᠤ ᠪᠣᠶ ᠪᠣᠯᠭᠠᠵᠤ᠂ ︿ᠠᠰᠠᠭᠤᠳᠠᠯ ᠢ ᠰᠢᠢᠳᠪᠦᠷᠢᠯᠡᠬᠦ ᠰᠡᠳᠬᠢᠬᠦᠢ﹀ ᠶᠢ ᠪᠠᠲᠤ | ᠪᠣᠶ ᠪᠣᠯᠭᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠲᠠᠩᠰᠠ ᠮᠡᠳᠡᠭᠦᠯᠬᠦ ᠤᠬᠠᠮᠰᠠᠷ ᠢᠶᠠᠨ ᠴᠢᠩᠭᠠᠳᠬᠠᠵᠤ᠂ | ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠵᠣᠷᠢᠭᠲᠠᠢ ᠪᠠᠷ ᠪᠠᠶᠢᠯᠳᠤᠵᠤ ᠢᠯᠠᠵᠤ | ᠳᠡᠶᠢᠯᠬᠦ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠣᠳᠠᠲᠠᠢ ᠠᠵᠢᠯᠯᠠᠬᠤ ᠶᠢ ᠠᠳᠬᠤᠨ ᠡᠯ᠎ᠡ ᠵᠦᠢᠯ ᠤᠨ | ᠠᠵᠢᠯ ᠤᠨ ᠡᠭᠦᠷᠭᠡ ᠪᠣᠯᠭᠠᠵᠤ᠂ ᠪᠤᠭᠤᠲᠤ ᠶᠢᠨ ᠪᠥᠬᠦ ᠤᠯᠤᠰ ᠤᠨ ᠵᠠᠭᠤᠨ ᠬᠦᠴᠦᠷᠬᠡᠭ ᠬᠤᠲᠠ ᠶᠢᠨ ᠳᠤᠮᠳᠠ | ᠲᠡᠷᠢᠭᠦᠨ ᠳᠤ ᠣᠷᠣᠬᠤ ᠪᠠᠷ ᠴᠢᠷᠮᠠᠶᠢᠬᠤ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠪᠣᠯᠣᠨ᠎ᠠ︾ ᠭᠡᠵᠦ ᠬᠡᠯᠡᠪᠡ | ᠃ |