ᠤᠯᠤᠰ ᠤᠨ ᠦᠨᠳᠦᠰᠦᠲᠡᠨ ᠤ ᠵᠥᠪᠯᠡᠯ ᠬᠤᠷᠢᠨ ᠬᠤᠶᠠᠳᠤᠭᠠᠷ ᠵᠦᠢᠯ ᠠᠷᠭ᠎ᠠ ᠬᠡᠮᠵᠢᠶ᠎ᠡ ᠲᠣᠭᠲᠠᠭᠠᠵᠤ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠡᠮᠵᠢᠨ᠎ᠡ
ᠨᠡᠶᠢᠲᠡᠯᠡᠭᠰᠡᠨ ᠴᠠᠭ᠄
2024/3/22
        ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠠᠷ ᠬᠦᠴᠦᠯᠡᠨ ᠴᠢᠷᠮᠠᠶᠢᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠣᠨᠣᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠥᠷᠨᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠬᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠳᠠᠰᠢ ᠬᠠᠮᠲᠤ ᠪᠠᠷ ᠤᠷᠤᠭᠰᠢᠯᠠᠬᠤ ᠶᠢ ᠳᠡᠮᠵᠢᠨ ᠠᠬᠢᠭᠤᠯᠬᠤ ᠵᠡᠷᠭᠡ ᠵᠢᠷᠭᠤᠭᠠᠨ ᠲᠠᠯ᠎ᠠ ᠪᠠᠷ ᠬᠤᠷᠢᠨ ᠬᠤᠶᠠᠷ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠵᠢᠯᠣᠭᠤᠳᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠭᠤᠣᠯ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠠᠲᠤ ᠴᠣᠭᠴᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠢ ᠪᠡᠶᠡᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠢ ᠨᠡᠭᠡᠭᠡᠵᠦ᠂ ᠵᠢᠱᠢᠶ᠎ᠡ ᠦᠵᠡᠭᠦᠯᠬᠦ ᠶᠢ ᠠᠬᠢᠭᠤᠯᠪᠠ᠃        ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠬᠤᠷᠢᠨ ᠬᠤᠶᠠᠷ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠣᠯ ᠳᠡᠮᠵᠢᠬᠦ ᠵᠦᠢᠯᠡᠰ ᠪᠠ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠠᠵᠢᠯ ᠤᠨ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠤᠨ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨ᠎ᠡ ᠥᠷᠲᠡᠭ ᠢᠶᠠᠷ ᠥᠨᠳᠥᠷ ᠪᠠᠶᠢᠵᠤ᠂ ᠮᠠᠨ ᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠥᠬᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠬᠤ᠂ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠴᠠᠭ ᠦᠶ᠎ᠡ ᠳᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠬᠤ ᠳᠤ ᠴᠢᠬᠤᠯᠠ ᠶᠡᠭᠡ ᠵᠢᠯᠣᠭᠤᠳᠤᠯᠭ᠎ᠠ ᠪᠠ ᠦᠢᠯᠡᠳᠦᠯᠭᠡ ᠶᠢᠨ ᠠᠴᠢ ᠬᠤᠯᠪᠣᠭᠳᠠᠯ ᠲᠠᠢ ᠶᠤᠮ᠃        ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠢᠨ ᠡᠨᠡ ᠬᠦ ᠠᠰᠢᠭᠲᠠᠢ ᠠᠵᠠ ᠲᠣᠬᠢᠶᠠᠯ ᠢ ᠴᠢᠩᠭ᠎ᠠ ᠠᠳᠬᠤᠵᠤ᠂ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠵᠢᠯ ᠤᠨ ᠲᠥᠰᠥᠯ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠵᠦᠢᠯ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠡᠮᠵᠢᠬᠦ ᠠᠷᠭ᠎ᠠ ᠬᠡᠮᠵᠢᠶ᠎ᠡ ᠨᠢᠭᠡᠪᠦᠷᠢ ᠶᠢ ᠦᠨᠡᠨᠬᠦ ᠮᠠᠨ ᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠢ ᠨᠡᠭᠡᠭᠡᠵᠦ᠂ ᠵᠢᠱᠢᠶ᠎ᠡ ᠦᠵᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠪᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号