ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ︽ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ | ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠠᠯᠪᠠᠨ | ᠲᠠᠷᠬᠠᠭᠠᠭᠰᠠᠨ﹇2022﹈ 19 ᠳ᠋ᠦ᠋ᠭᠡᠷ ᠲᠣᠭᠠᠲᠤ︶ ᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠣᠬᠢᠷᠳᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠶᠢᠨ ᠲᠤᠰᠠᠳᠠ᠂ ᠲᠣᠰ ᠨᠠᠷᠢᠨ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ | ᠬᠠᠩᠭᠠᠬᠤ ᠲᠥᠷᠥᠯ ᠵᠦᠢᠯ ᠪᠣᠯ ᠠᠳᠠᠯᠢ ᠨᠢᠭᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠤᠶᠤ ᠠᠳᠠᠯᠢ | ᠨᠢᠭᠡᠨ ᠨᠡᠮᠡᠭᠳᠡᠯ ᠤᠨ ᠴᠠᠬᠢᠯᠭᠠᠨ ᠲᠦᠭᠡᠭᠡᠬᠦ ᠲᠣᠣᠷ ᠤᠨ ᠣᠷᠣᠨ ᠪᠦᠰᠡ ᠶᠢᠨ ᠳᠣᠲᠣᠷᠠᠬᠢ ᠰᠢᠨ᠎ᠡ ᠪᠠᠷ ᠨᠡᠮᠡᠭᠳᠡᠬᠦ | ᠳᠠᠭᠠᠭᠠᠴᠠ ᠶᠢᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠵᠣᠬᠢᠴᠠᠩᠭᠤᠢ ᠰᠢᠨ᠎ᠡ | ᠡᠨᠧᠷᠭᠢ ᠶᠢᠨ ᠬᠡᠪᠴᠢᠶ᠎ᠡ ᠶᠢ ᠵᠠᠬ᠎ᠠ ᠳᠡᠯᠭᠡᠭᠦᠷᠴᠢᠯᠡᠨ ᠠᠷᠢᠯᠭᠠᠬᠤ ᠰᠢᠨ᠎ᠡ ᠡᠨᠧᠷᠭᠢ ᠶᠢᠨ ᠲᠥᠷᠥᠯ ᠵᠦᠢᠯ ᠪᠣᠯᠣᠨ᠎ᠠ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ | ᠥᠪᠡᠷ ᠢᠶᠠᠨ ᠰᠢᠩᠭᠡᠭᠡᠬᠦ ᠵᠠᠷᠴᠢᠮ ᠢ ᠪᠠᠷᠢᠮᠲᠠᠯᠠᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠶᠢ | ᠪᠦᠬᠦᠨ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠣᠲᠣᠷ᠎ᠠ ᠰᠢᠨ᠎ᠡ ᠪᠠᠷ ᠨᠡᠮᠡᠭᠰᠡᠨ ᠳᠠᠭᠠᠭᠠᠴᠠ ᠶᠢ | ᠰᠢᠩᠭᠡᠬᠡᠨ ᠠᠪᠴᠤ᠂ ᠡᠨᠧᠷᠭᠢ ᠬᠡᠷᠡᠭᠯᠡᠬᠦ ᠪᠣᠬᠢᠷᠲᠤᠯ ᠦᠭᠡᠢ ᠴᠠᠬᠢᠯᠭᠠᠨ ᠬᠦᠴᠦᠨ ᠤ ᠬᠤᠪᠢ ᠶᠢᠨ ᠵᠢᠩ ᠢ | ᠳᠡᠭᠡᠭᠰᠢᠯᠡᠭᠦᠯᠦᠨ᠎ᠡ᠃ | ᠭᠤᠷᠪᠠᠳᠤᠭᠠᠷ ᠵᠦᠢᠯ ᠴᠠᠬᠢᠯᠭᠠᠨ ᠲᠣᠣᠷ ᠤᠨ ᠠᠵᠤ ᠠᠬᠤᠶᠢᠯᠠᠯ ᠳᠤ ᠤᠭᠰᠠᠷᠠᠭᠰᠠᠨ ᠦᠭᠡᠢ ᠴᠠᠬᠢᠯᠭᠠᠨ | ᠬᠡᠷᠡᠭᠯᠡᠬᠦ ᠲᠥᠷᠥᠯ ᠵᠦᠢᠯ᠂ ᠨᠢᠭᠡᠨᠲᠡ ᠤᠭᠰᠠᠷᠠᠬᠤ ᠪᠠᠷ ᠮᠡᠳᠡᠭᠦᠯᠦᠭᠰᠡᠨ ᠪᠣᠯᠪᠠᠴᠤ ᠴᠠᠬᠢᠯᠭᠠᠨ ᠬᠠᠩᠭᠠᠬᠤ | ᠢᠨᠵᠧᠨᠧᠷᠢᠩ ᠤᠨ ᠠᠵᠢᠯ ᠬᠠᠷᠠᠬᠠᠨ ᠡᠬᠢᠯᠡᠭᠡᠳᠦᠢ ᠴᠠᠬᠢᠯᠭᠠᠨ ᠬᠡᠷᠡᠭᠯᠡᠬᠦ ᠲᠥᠷᠥᠯ ᠵᠦᠢᠯ᠂ ᠤᠯᠤᠰ ᠠᠴᠠ ᠪᠣᠬᠢᠷᠲᠤᠯ | ᠦᠭᠡᠢ ᠪᠠᠷ ᠣᠷᠣᠯᠠᠭᠤᠯᠬᠤ ᠶᠢ ᠵᠣᠷᠢᠭᠵᠢᠭᠤᠯᠤᠭᠰᠠᠨ᠂ ᠴᠠᠬᠢᠯᠭᠠᠨ ᠲᠣᠣᠷ ᠤᠨ ᠠᠵᠤ ᠠᠬᠤᠶᠢᠯᠠᠯ ᠯᠤᠭ᠎ᠠ | ᠵᠥᠪᠳᠡᠯᠴᠡᠭᠡᠳ ᠰᠠᠨᠠᠯ ᠨᠢᠭᠡᠲᠡᠢ ᠣᠷᠣᠯᠠᠵᠤ ᠪᠣᠯᠬᠤ ᠦᠯᠡᠳᠡᠭᠡᠯ ᠴᠠᠬᠢᠯᠭᠠᠨ ᠬᠡᠷᠡᠭᠯᠡᠬᠦ ᠲᠥᠷᠥᠯ ᠵᠦᠢᠯ ᠢ ᠴᠥᠮ | ᠰᠢᠨ᠎ᠡ ᠪᠠᠷ ᠨᠡᠮᠡᠭᠳᠡᠭᠦᠯᠦᠭᠰᠡᠨ ᠢᠶᠠᠷ ᠦᠵᠡᠨ᠎ᠡ᠃ | ᠬᠤᠶᠠᠳᠤᠭᠠᠷ ᠪᠦᠯᠦᠭ ᠭᠤᠶᠤᠴᠢᠯᠠᠨ ᠮᠡᠳᠡᠭᠦᠯᠬᠦ ᠨᠥᠬᠦᠴᠡᠯ | ᠳᠥᠷᠪᠡᠳᠦᠭᠡᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠨᠠᠨ ᠬᠠᠷᠭᠤᠭᠤᠯᠬᠤ | ᠠᠯᠪᠠᠨ ᠵᠠᠷᠯᠠᠯ ᠤᠨ ᠭᠠᠷᠴᠠᠭ ᠤᠨ ᠳᠣᠲᠣᠷ᠎ᠠ᠂ ᠨᠡᠮᠡᠭᠳᠡᠯ ᠴᠠᠬᠢᠯᠭᠠᠨ ᠲᠦᠭᠡᠭᠡᠬᠦ ᠲᠣᠣᠷ ᠨᠢ ᠡᠷᠬᠡᠪᠰᠢ ᠴᠠᠬᠢᠯᠭᠠᠨ | ᠬᠦᠴᠦᠨ ᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠤᠨ ᠦᠨᠡᠮᠯᠡᠯ ᠢ ᠨᠢᠭᠡᠨᠲᠡ ᠣᠯᠣᠭᠰᠠᠨ ᠪᠠᠶᠢᠬᠤ ᠬᠡᠷᠡᠭᠲᠡᠢ︔ | ᠰᠢᠨ᠎ᠡ ᠪᠠᠷ ᠨᠡᠮᠡᠭᠳᠡᠭᠦᠯᠬᠦ ᠳᠠᠭᠠᠭᠠᠴᠠ ᠨᠢ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ | ᠵᠥᠪᠰᠢᠶᠡᠷᠡᠭᠰᠡᠨ︵ᠳᠠᠩᠰᠠᠯᠠᠬᠤ︶ ᠪᠢᠴᠢᠭ ᠮᠠᠲ᠋ᠧᠷᠢᠶᠠᠯ ᠢ ᠣᠯᠵᠤ᠂ ᠵᠠᠷᠴᠢᠮ ᠳᠡᠭᠡᠷ᠎ᠡ ᠪᠠᠨ ᠵᠢᠯ ᠤᠨ ᠶᠡᠷᠦᠩᠬᠡᠢ | ᠴᠠᠬᠢᠯᠭᠠᠨ ᠬᠡᠷᠡᠭᠯᠡᠬᠦ ᠬᠡᠮᠵᠢᠶ᠎ᠡ ᠶᠢ 5 ᠳ᠋ᠦᠩᠰᠢᠭᠤᠷ ᠺᠢᠯᠣᠸᠠᠲ ᠴᠠᠭ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠲᠠᠪᠤᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠴᠠᠬᠢᠯᠭᠠᠨ | ᠬᠠᠩᠭᠠᠬᠤ ᠲᠥᠷᠥᠯ ᠵᠦᠢᠯ ᠢ ᠵᠠᠷᠴᠢᠮ ᠳᠡᠭᠡᠷ᠎ᠡ ᠪᠠᠨ ᠰᠢᠨ᠎ᠡ ᠡᠨᠧᠷᠭᠢ ᠶᠢᠨ ᠬᠡᠪᠴᠢᠶ᠎ᠡ ᠶᠢᠨ 15% ᠠᠴᠠ ᠳᠣᠣᠷ᠎ᠠ | ᠪᠠᠶᠢᠯᠭᠠᠬᠤ ᠦᠭᠡᠢ ︵4 ᠴᠠᠭ︶ ᠡᠨᠧᠷᠭᠢ ᠬᠠᠳᠠᠭᠠᠯᠠᠬᠤ ᠲᠥᠬᠦᠭᠡᠷᠦᠮᠵᠢ ᠶᠢ ᠲᠣᠬᠢᠷᠠᠭᠤᠯᠬᠤ ᠪᠤᠶᠤ ᠠᠳᠠᠯᠢ ᠬᠢᠷᠢ | ᠲᠦᠪᠰᠢᠨ ᠲᠠᠢ ᠣᠷᠭᠢᠯ ᠢ ᠲᠣᠬᠢᠷᠠᠭᠤᠯᠬᠤ ᠴᠢᠳᠠᠪᠤᠷᠢ ᠶᠢ ᠪᠦᠷᠢᠯᠳᠦᠭᠦᠯᠦᠨ᠎ᠡ᠃ ᠰᠢᠨ᠎ᠡ ᠪᠠᠷ ᠨᠡᠮᠡᠭᠳᠡᠭᠰᠡᠨ ᠳᠠᠭᠠᠭᠠᠴᠠ | ᠨᠢ ᠲᠣᠬᠢᠷᠠᠭᠤᠯᠬᠤ ᠴᠢᠳᠠᠪᠤᠷᠢ ᠲᠠᠢ ᠪᠠᠶᠢᠪᠠᠯ᠂ ᠡᠨᠧᠷᠭᠢ ᠬᠠᠳᠠᠭᠠᠯᠠᠬᠤ ᠲᠥᠰᠥᠯ ᠢ ᠵᠣᠬᠢᠰᠲᠠᠢ ᠰᠢᠯᠢᠳᠡᠭᠵᠢᠭᠦᠯᠵᠦ᠂ | ᠨᠡᠶᠢᠲᠡ ᠶᠢᠨ ᠬᠡᠷᠡᠭᠯᠡᠭᠡᠨ ᠤ ᠴᠠᠬᠢᠯᠭᠠᠨ ᠤ ᠲᠣᠣᠷ ᠤᠨ ᠴᠠᠬᠢᠯᠭᠠᠨ ᠭᠥᠷᠳᠡᠬᠦ ᠴᠠᠬᠢᠯᠭᠠᠨ ᠬᠦᠴᠦᠨ ᠤ ᠣᠷᠭᠢᠯ ᠤᠨ | ᠵᠥᠷᠢᠶ᠎ᠡ ᠶᠢᠨ ᠨᠣᠷᠮ᠎ᠠ ᠶᠢ ᠰᠢᠨ᠎ᠡ ᠪᠠᠷ ᠨᠡᠮᠡᠭᠳᠡᠭᠰᠡᠨ ᠳᠠᠭᠠᠭᠠᠴᠠ ᠶᠢᠨ ᠪᠠᠶᠢᠭᠠᠯᠢ ᠶᠢᠨ ᠣᠷᠭᠢᠯ ᠤᠨ ᠵᠥᠷᠢᠶ᠎ᠡ ᠶᠢᠨ | ᠨᠤᠷᠮ᠎ᠠ ᠠᠴᠠ ᠥᠨᠳᠥᠷ ᠪᠠᠶᠢᠯᠭᠠᠬᠤ ᠦᠭᠡᠢ ᠪᠠᠶᠢᠬᠤ ᠶᠢ ᠪᠠᠲᠤᠯᠠᠨ᠎ᠠ᠃ | ᠵᠢᠷᠭᠤᠳᠤᠭᠠᠷ ᠵᠦᠢᠯ ᠰᠢᠨ᠎ᠡ ᠡᠨᠧᠷᠭᠢ ᠵᠢᠴᠢ ᠵᠠᠯᠭᠠᠨ ᠣᠷᠣᠭᠤᠯᠬᠤ ᠢᠨᠵᠧᠨᠧᠷᠢᠩ ᠨᠢ ᠬᠠᠮᠢᠶ᠎ᠠ ᠪᠦᠬᠦᠢ | ᠬᠢᠵᠠᠭᠠᠷᠯᠠᠬᠤ ᠴᠢᠨᠠᠷᠲᠠᠢ ᠵᠢᠭᠰᠠᠭᠠᠨ ᠪᠠᠶᠢᠴᠠᠭᠠᠬᠤ ᠪᠢᠴᠢᠭ ᠮᠠᠲ᠋ᠧᠷᠢᠶᠠᠯ ᠢ ᠣᠯᠬᠤ ᠬᠡᠷᠡᠭᠲᠡᠢ︔ ᠲᠥᠷᠥᠯ ᠵᠦᠢᠯ ᠤᠨ | ᠪᠡᠯᠡ ᠣᠷᠣᠭᠤᠯᠤᠯᠲᠠ ᠶᠢᠨ ᠭᠤᠣᠯ ᠴᠣᠭᠴᠠ ᠨᠢ ᠬᠦᠷᠢᠶᠡᠯᠡᠩ ᠲᠣᠭᠤᠷᠢᠭ ᠤᠨ ᠳᠣᠲᠣᠷᠠᠬᠢ ᠰᠢᠨ᠎ᠡ ᠪᠠᠷ ᠨᠡᠮᠡᠭᠳᠡᠭᠰᠡᠨ | ᠳᠠᠭᠠᠭᠠᠴᠠ ᠶᠢᠨ ᠠᠵᠤ ᠠᠬᠤᠶᠢᠯᠠᠯ ᠤᠨ ᠰᠢᠩᠭᠡᠭᠡᠬᠦ ᠠᠮᠠᠯᠠᠯᠲᠠ ︵ᠴᠠᠬᠢᠯᠭᠠᠨ ᠤ ᠬᠡᠮᠵᠢᠶ᠎ᠡ ᠪᠠ ᠴᠠᠬᠢᠯᠭᠠᠨ ᠤ | ᠦᠨ᠎ᠡ ᠶᠢᠨ ᠣᠷᠣᠨ ᠵᠠᠢ ᠪᠠᠭᠲᠠᠨ᠎ᠠ︶ ᠶᠢ ᠬᠢᠵᠦ ᠥᠭᠬᠦ ᠶᠢᠨ ᠬᠠᠮᠲᠤ ᠣᠷᠳᠣ ᠬᠤᠭᠤᠴᠠᠭᠠᠨ ᠤ ᠴᠠᠬᠢᠯᠭᠠᠨ ᠬᠠᠩᠭᠠᠬᠤ | ᠬᠡᠯᠡᠯᠴᠡᠭᠡᠷ ᠲᠣᠭᠲᠠᠨ᠎ᠠ︔ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠨᠢ ᠵᠢᠩᠬᠢᠨᠢ | ᠠᠮᠠᠯᠠᠯᠲᠠ ᠬᠢᠵᠦ᠂ ᠲᠥᠷᠥᠯ ᠵᠦᠢᠯ ᠤᠨ ᠠᠵᠢᠯᠯᠠᠭᠠᠨ ᠤ ᠬᠤᠭᠤᠴᠠᠭᠠᠨ ᠳᠤ᠂ ᠳᠠᠭᠠᠭᠠᠴᠠ ᠶᠢᠨ ᠲᠡᠭᠡᠭᠡᠪᠦᠷᠢ ᠶᠢ | ᠵᠣᠭᠰᠤᠭᠠᠬᠤ ︵ᠪᠠᠶᠢᠴᠠᠭᠠᠨ ᠵᠠᠰᠠᠬᠤ︶ ᠪᠤᠶᠤ ᠣᠷᠭᠢᠯ ᠤᠨ ᠬᠤᠭᠤᠴᠠᠭ᠎ᠠ ᠶᠢ ᠲᠣᠬᠢᠷᠠᠭᠤᠯᠬᠤ ᠴᠢᠳᠠᠪᠤᠷᠢ ᠨᠢ | ᠬᠦᠷᠦᠯᠴᠡᠬᠦ ᠦᠭᠡᠢ ᠠᠴᠠ ᠪᠣᠯᠵᠤ ᠰᠠᠯᠬᠢ ᠬᠠᠶᠠᠵᠤ ᠭᠡᠷᠡᠯ ᠬᠠᠶᠠᠬᠤ᠂ ᠲᠦᠭᠰᠢᠭᠦᠷᠢ ᠶᠢ ᠥᠪᠡᠰᠦᠪᠡᠨ ᠡᠭᠦᠷᠭᠡᠯᠡᠨ᠎ᠡ᠃ | ᠭᠤᠷᠪᠠᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ | ᠳᠣᠯᠣᠳᠤᠭᠠᠷ ᠵᠦᠢᠯ ᠰᠢᠨ᠎ᠡ ᠡᠨᠧᠷᠭᠢ ᠶᠢᠨ ᠲᠥᠷᠥᠯ ᠵᠦᠢᠯ ᠢ ᠰᠢᠨ᠎ᠡ ᠪᠠᠷ ᠨᠡᠮᠡᠭᠳᠡᠭᠰᠡᠨ ᠳᠠᠭᠠᠭᠠᠴᠠ᠂ | ᠡᠨᠧᠷᠭᠢ ᠬᠠᠳᠠᠭᠠᠯᠠᠬᠤ ᠪᠡᠯᠡᠳᠬᠡᠮᠵᠢ ᠶᠢ ᠠᠰᠢᠭᠯᠠᠯᠲᠠ ᠳᠤ ᠣᠷᠣᠭᠤᠯᠵᠤ ᠪᠣᠯᠬᠤ ᠦᠭᠡᠢ ᠪᠥᠭᠡᠳ ᠰᠢᠨ᠎ᠡ ᠪᠠᠷ | ᠨᠡᠮᠡᠭᠳᠡᠭᠰᠡᠨ ᠳᠠᠭᠠᠭᠠᠴᠠ ᠶᠢᠨ ᠲᠥᠷᠥᠯ ᠵᠦᠢᠯ ᠤᠨ ᠠᠵᠢᠯᠯᠠᠭᠠᠨ ᠤ ᠦᠶᠡᠯᠡᠯ ᠤᠨ ᠬᠤᠭᠤᠴᠠᠭ᠎ᠠ ᠯᠤᠭ᠎ᠠ | ᠵᠣᠬᠢᠴᠠᠭᠤᠯᠵᠤ ᠪᠣᠯᠬᠤ ᠦᠭᠡᠢ᠃ | ᠨᠠᠢᠮᠠᠳᠤᠭᠠᠷ ᠵᠦᠢᠯ ᠰᠢᠨ᠎ᠡ ᠡᠨᠧᠷᠭᠢ ᠶᠢᠨ ᠲᠥᠷᠥᠯ ᠵᠦᠢᠯ ᠢ ᠬᠦᠷᠢᠶᠡᠯᠡᠩ ᠲᠣᠭᠤᠷᠢᠭ ᠤᠨ ᠨᠡᠶᠢᠲᠡ ᠶᠢᠨ | ᠲᠣᠣᠷ ᠤᠨ ᠬᠦᠴᠦᠳᠡᠯ ᠥᠭᠡᠷᠡᠴᠢᠯᠡᠬᠦ ᠥᠷᠲᠡᠭᠡ ᠪᠤᠶᠤ ᠴᠠᠬᠢᠯᠭᠠᠨ ᠲᠦᠭᠡᠭᠡᠬᠦ ᠲᠣᠣᠷ ᠲᠤ ᠰᠢᠭᠤᠳ ᠵᠠᠯᠭᠠᠨ | ᠣᠷᠣᠭᠤᠯᠵᠤ᠂ ᠴᠠᠬᠢᠯᠭᠠᠨ ᠬᠡᠯᠬᠢᠶ᠎ᠡ ᠶᠢ ᠴᠠᠬᠢᠯᠭᠠᠨ ᠲᠣᠣᠷ ᠤᠨ ᠠᠵᠤ ᠠᠬᠤᠶᠢᠯᠠᠯ ᠠᠴᠠ ᠪᠦᠲᠦᠭᠡᠨ ᠪᠠᠶᠢᠭᠤᠯᠤᠭᠰᠠᠨ | ᠴᠦ ᠪᠣᠯᠣᠨ᠎ᠠ᠂ ᠪᠠᠰᠠ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢᠨ ᠭᠤᠣᠯ ᠴᠣᠭᠴᠠ ᠠᠴᠠ ᠪᠦᠲᠦᠭᠡᠨ | ᠪᠠᠶᠢᠭᠤᠯᠵᠤ ᠪᠣᠯᠣᠨ᠎ᠠ᠂ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢᠨ ᠭᠤᠣᠯ ᠴᠣᠭᠴᠠ ᠨᠢ ᠴᠠᠬᠢᠯᠭᠠᠨ | ᠲᠣᠣᠷ ᠤᠨ ᠠᠵᠤ ᠠᠬᠤᠶᠢᠯᠠᠯ ᠯᠤᠭ᠎ᠠ ᠵᠥᠪᠳᠡᠯᠴᠡᠵᠦ ᠰᠠᠨᠠᠯ ᠨᠢᠭᠡᠳᠦᠭᠰᠡᠨ ᠤ ᠳᠠᠷᠠᠭ᠎ᠠ᠂ ᠴᠠᠬᠢᠯᠭᠠᠨ ᠲᠣᠣᠷ ᠤᠨ ᠠᠵᠤ | ᠠᠬᠤᠶᠢᠯᠠᠯ ᠠᠴᠠ ᠴᠠᠭ ᠲᠤᠬᠠᠢ ᠳᠤᠨᠢ ᠴᠠᠬᠢᠯᠭᠠᠨ ᠲᠣᠣᠷ ᠤᠨ ᠠᠵᠤ ᠠᠬᠤᠶᠢᠯᠠᠯ ᠠᠴᠠ ᠬᠠᠤᠯᠢ ᠲᠣᠭᠲᠠᠭᠠᠯ | ᠶᠣᠰᠣᠭᠠᠷ ᠡᠭᠡᠭᠦᠯᠦᠨ ᠬᠤᠳᠠᠯᠳᠤᠨ ᠠᠪᠴᠤ ᠪᠣᠯᠣᠨ᠎ᠠ᠃ | ᠳᠥᠷᠪᠡᠳᠦᠭᠡᠷ ᠪᠦᠯᠦᠭ ᠮᠡᠳᠡᠭᠦᠯᠵᠦ ᠬᠢᠨᠠᠨ ᠵᠥᠪᠰᠢᠶᠡᠷᠡᠭᠦᠯᠬᠦ | ᠶᠢᠰᠦᠳᠦᠭᠡᠷ ᠵᠦᠢᠯ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠨᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠲᠥᠰᠥᠯ ᠢ ᠥᠪᠡᠰᠦᠪᠡᠨ ᠨᠠᠶᠢᠷᠠᠭᠤᠯᠤᠨ ᠵᠣᠬᠢᠶᠠᠵᠤ᠂ ᠲᠥᠷᠥᠯ ᠵᠦᠢᠯ ᠤᠨ ᠪᠠᠶᠢᠭ᠎ᠠ ᠠᠶᠢᠮᠠᠭ | ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃ | ᠠᠷᠪᠠᠳᠤᠭᠠᠷ ᠵᠦᠢᠯ ᠠᠶᠢᠮᠠᠭ ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠲᠥᠷᠥᠯ ᠵᠦᠢᠯ ᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠠᠶᠢᠮᠠᠭ ᠬᠤᠲᠠ ᠠᠯᠤᠰᠯᠠᠭᠰᠠᠨ ᠲᠥᠷᠥᠯ ᠵᠦᠢᠯ ᠢ ᠬᠠᠮᠢᠶ᠎ᠠ | ᠪᠦᠬᠦᠢ ᠠᠶᠢᠮᠠᠭ ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠲᠤᠷᠠᠨ | ᠮᠡᠳᠡᠭᠦᠯᠦᠨ ᠬᠦᠷᠭᠡᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ︽ᠪᠣᠯᠪᠠᠰᠤᠷᠠᠩᠭᠤᠢ | ᠪᠣᠯᠪᠠᠯ ᠨᠢᠭᠡ ᠶᠢ ᠬᠢᠨᠠᠨ ᠵᠥᠪᠰᠢᠶᠡᠷᠡᠬᠦ︾ ᠵᠠᠷᠴᠢᠮ ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠲᠥᠷᠥᠯ ᠵᠦᠢᠯ ᠢ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ | ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠢ ᠳᠠᠷᠤᠮᠠᠯᠯᠠᠨ ᠶᠠᠪᠤᠭᠤᠯᠬᠤ ᠶᠢᠨ ᠬᠠᠮᠲᠤ ᠳᠡᠭᠡᠭᠰᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ | ᠲᠠᠪᠤᠳᠤᠭᠠᠷ ᠪᠦᠯᠦᠭ ᠵᠣᠬᠢᠶᠠᠨ ᠪᠠᠶᠢᠭᠤᠯᠵᠤ ᠬᠡᠷᠡᠭᠵᠢᠭᠦᠯᠬᠦ | ᠠᠷᠪᠠᠨ ᠬᠤᠶᠠᠳᠤᠭᠠᠷ ᠵᠦᠢᠯ ᠠᠶᠢᠮᠠᠭ ᠬᠤᠲᠠ ᠶᠢᠨ ᠡᠨᠧᠷᠭᠢ ᠶᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠴᠣᠬᠤᠯᠠᠪᠤᠷᠢᠯᠠᠭᠰᠠᠨ ᠱᠠᠭᠠᠷᠳᠠᠯᠭ᠎ᠠ ᠶᠣᠰᠣᠭᠠᠷ ᠰᠢᠨ᠎ᠡ ᠡᠨᠧᠷᠭᠢ᠂ ᠡᠨᠧᠷᠭᠢ ᠬᠠᠳᠠᠭᠠᠯᠠᠬᠤ ᠪᠠ ᠵᠠᠮ | ᠱᠤᠭᠤᠮ ᠤᠨ ᠪᠠᠷᠢᠯᠭ᠎ᠠ ᠶᠢ ᠴᠠᠭ ᠲᠤᠬᠠᠢ ᠳᠤᠨᠢ ᠬᠢᠨᠠᠨ ᠵᠥᠪᠰᠢᠶᠡᠷᠡᠬᠦ ᠬᠡᠷᠡᠭᠲᠡᠢ᠃ ᠰᠢᠨ᠎ᠡ ᠪᠠᠷ ᠨᠡᠮᠡᠭᠳᠡᠬᠦ | ᠳᠠᠭᠠᠭᠠᠴᠠ ᠶᠢᠨ ᠲᠥᠷᠥᠯ ᠵᠦᠢᠯ ᠨᠢ ᠡᠮᠦᠨᠡᠬᠢ ᠬᠤᠭᠤᠴᠠᠭᠠᠨ ᠤ ᠪᠠ ᠬᠢᠨᠠᠨ ᠵᠥᠪᠰᠢᠶᠡᠷᠡᠬᠦ ᠭᠠᠷᠳᠠᠮ ᠢ ᠴᠠᠭ | ᠲᠤᠬᠠᠢ ᠳᠤᠨᠢ ᠭᠦᠢᠴᠡᠳᠬᠡᠬᠦ ᠬᠡᠷᠡᠭᠲᠡᠢ᠃ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠨᠢ | ᠴᠣᠬᠤᠯᠠᠪᠤᠷᠢᠯᠠᠭᠰᠠᠨ ᠲᠥᠰᠥᠯ ᠢ ᠴᠢᠩᠭ᠎ᠠ ᠵᠢᠷᠤᠮᠯᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠢᠵᠦ᠂ | ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠰᠲ᠋ᠣᠺ ᠤᠨ ᠡᠷᠬᠡ ᠶᠢᠨ ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠵᠤ | ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠠᠶᠢᠮᠠᠭ ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠳᠤ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠠᠶᠢᠮᠠᠭ ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠤᠯᠪᠣᠭᠳᠠᠯ ᠪᠦᠬᠦᠢ ᠨᠢᠭᠡᠴᠡ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠴᠣᠬᠤᠯᠠᠪᠤᠷᠢᠯᠠᠭᠰᠠᠨ ᠲᠥᠰᠥᠯ | ᠪᠣᠯᠣᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠰᠢᠯᠭᠠᠨ ᠠᠪᠴᠤ᠂ ᠰᠢᠯᠭᠠᠨ ᠠᠪᠬᠤ ᠳᠤ ᠬᠢᠷᠢ | ᠲᠡᠩᠴᠡᠭᠰᠡᠨ ᠤ ᠳᠠᠷᠠᠭ᠎ᠠ ᠰᠠᠶ᠋ᠢ ᠲᠣᠣᠷ ᠲᠤ ᠨᠡᠶᠢᠯᠡᠭᠦᠯᠵᠦ ᠪᠣᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠨᠢ | ᠡᠷᠬᠡᠪᠰᠢ ᠰᠢᠢᠳᠪᠦᠷᠢᠯᠡᠬᠦ ᠪᠡᠯᠡᠳᠬᠡᠯ ᠲᠥᠰᠥᠯ ᠢ ᠤᠷᠢᠳᠴᠢᠯᠠᠨ ᠲᠣᠭᠲᠠᠭᠠᠵᠤ᠂ ᠲᠥᠷᠥᠯ ᠵᠦᠢᠯ ᠤᠨ ᠳᠠᠭᠠᠭᠠᠴᠠ | ᠬᠦᠷᠦᠯᠴᠡᠬᠦ ᠦᠭᠡᠢ᠂ ᠣᠷᠭᠢᠯ ᠢ ᠲᠣᠬᠢᠷᠠᠭᠤᠯᠬᠤ ᠴᠢᠳᠠᠪᠤᠷᠢ ᠳᠣᠷᠣᠭᠰᠢᠯᠠᠬᠤ ᠪᠤᠶᠤ ᠵᠣᠭᠰᠤᠭᠠᠬᠤ ᠦᠶ᠎ᠡ ᠳᠤ᠂ ᠰᠢᠨ᠎ᠡ | ᠳᠠᠭᠠᠭᠠᠴᠠ᠂ ᠰᠢᠨ᠎ᠡ ᠪᠠᠷ ᠪᠠᠶᠢᠭᠤᠯᠬᠤ ᠣᠷᠭᠢᠯ ᠢ ᠲᠣᠬᠢᠷᠠᠭᠤᠯᠬᠤ ᠴᠢᠳᠠᠪᠤᠷᠢ ᠶᠢ ᠣᠷᠣᠭᠤᠯᠤᠨ ᠠᠪᠴᠢᠷᠠᠵᠤ᠂ | ᠬᠡᠷᠡᠭᠵᠢᠭᠦᠯᠦᠭᠰᠡᠨ ᠦᠷ᠎ᠡ ᠪᠦᠲᠦᠮᠵᠢ ᠨᠢ ᠲᠥᠷᠥᠯ ᠵᠦᠢᠯ ᠤᠨ ᠮᠡᠳᠡᠭᠦᠯᠬᠦ ᠬᠢᠷᠢ ᠲᠦᠪᠰᠢᠨ ᠠᠴᠠ ᠳᠣᠣᠷ᠎ᠠ | ᠪᠠᠶᠢᠯᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠪᠡᠯᠡ ᠣᠷᠣᠭᠤᠯᠬᠤ ᠭᠤᠣᠯ ᠴᠣᠭᠴᠠ ᠨᠢ ᠬᠡᠷᠡᠭᠵᠢᠭᠦᠯᠬᠦ ᠬᠦᠴᠦᠨ ᠦᠭᠡᠢ ᠪᠣᠯ᠂ | ᠠᠶᠢᠮᠠᠭ ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠥᠷᠥᠯ ᠵᠦᠢᠯ ᠢ ᠨᠢ | ᠳᠠᠭᠤᠰᠬᠠᠬᠤ ᠪᠠᠷ ᠭᠤᠶᠤᠴᠢᠯᠠᠵᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠨᠢ ᠵᠣᠬᠢᠬᠤ ᠰᠢᠨ᠎ᠡ | ᠡᠨᠧᠷᠭᠢ ᠶᠢᠨ ᠬᠡᠪᠴᠢᠶ᠎ᠡ ᠪᠠᠨ ᠬᠤᠷᠢᠶᠠᠨ ᠠᠪᠬᠤ ᠬᠡᠷᠡᠭᠲᠡᠢ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠠᠷᠪᠠᠨ ᠳᠣᠯᠣᠳᠤᠭᠠᠷ ᠵᠦᠢᠯ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ ᠨᠢᠭᠡᠨᠲᠡ ᠴᠣᠬᠤᠯᠠᠪᠤᠷᠢᠯᠠᠨ ᠬᠠᠷᠢᠭᠤᠯᠤᠭᠰᠠᠨ ᠲᠥᠷᠥᠯ ᠵᠦᠢᠯ ᠢ ᠵᠠᠷᠴᠢᠮ ᠳᠡᠭᠡᠷ᠎ᠡ ᠪᠠᠨ ᠮᠥᠨ | ᠬᠦ ᠤᠤᠯ ᠤᠨ ᠴᠣᠬᠤᠯᠠᠪᠤᠷᠢᠯᠠᠭᠰᠠᠨ ᠱᠠᠭᠠᠷᠳᠠᠯᠭ᠎ᠠ ᠶᠢ ᠬᠡᠷᠡᠭᠵᠢᠭᠦᠯᠵᠦ᠂ ᠤᠤᠯ ᠤᠨ ᠨᠠᠷᠢᠨ ᠳᠦᠷᠢᠮ ᠪᠠ | ᠴᠣᠬᠤᠯᠪᠣᠷᠢᠯᠠᠭᠰᠠᠨ ᠱᠠᠭᠠᠷᠳᠠᠯᠭ᠎ᠠ ᠳᠤ ᠲᠣᠳᠣᠷᠬᠠᠢ ᠲᠣᠳᠣᠷᠬᠠᠶᠢᠯᠠᠭᠰᠠᠨ ᠦᠭᠡᠢ ᠪᠣᠯᠪᠠᠴᠤ ᠲᠤᠰ ᠨᠠᠷᠢᠨ | ᠳᠦᠷᠢᠮ ᠤᠨ ᠳᠣᠲᠣᠷ᠎ᠠ ᠲᠣᠳᠣᠷᠬᠠᠢ ᠱᠠᠭᠠᠷᠳᠠᠯᠭ᠎ᠠ ᠲᠠᠢ ᠪᠣᠯ ᠲᠤᠰ ᠨᠠᠷᠢᠨ ᠳᠦᠷᠢᠮ ᠢᠶᠠᠷ ᠯᠠᠪᠯᠠᠯᠲᠠ ᠪᠣᠯᠭᠠᠨ | ᠬᠡᠷᠡᠭᠵᠢᠭᠦᠯᠵᠦ ᠪᠣᠯᠣᠨ᠎ᠠ᠂ ᠨᠢᠭᠡᠨᠲᠡ ᠴᠣᠬᠤᠯᠪᠣᠷᠢᠯᠠᠭᠰᠠᠨ ᠲᠥᠷᠥᠯ ᠵᠦᠢᠯ ᠢ ᠨᠢᠭᠡᠨᠲᠡ ᠴᠣᠬᠤᠯᠪᠣᠷᠢᠯᠠᠨ | ᠵᠥᠪᠰᠢᠶᠡᠷᠡᠪᠡᠯ᠂ ᠲᠤᠰ ᠨᠠᠷᠢᠨ ᠳᠦᠷᠢᠮ ᠤᠨ ᠶᠣᠰᠣᠭᠠᠷ ᠮᠡᠳᠡᠭᠦᠯᠬᠦ ᠭᠠᠷᠳᠠᠮ ᠢ ᠳᠠᠬᠢᠵᠤ ᠭᠦᠢᠴᠡᠳᠬᠡᠵᠦ ᠪᠣᠯᠣᠨ᠎ᠠ᠃ | | ᠠᠷᠪᠠᠨ ᠨᠠᠢᠮᠠᠳᠤᠭᠠᠷ ᠵᠦᠢᠯ ᠲᠤᠰ ᠨᠠᠷᠢᠨ ᠳᠦᠷᠢᠮ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠨᠧᠷᠭᠢ ᠶᠢᠨ ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠬᠢᠬᠦ ᠶᠠᠪᠤᠳᠠᠯ ᠲᠣᠬᠢᠶᠠᠯᠳᠤᠪᠠᠯ᠂ ᠤᠯᠤᠰ ᠤᠨ ᠲᠥᠷᠥ ᠶᠢᠨ ᠪᠣᠳᠣᠯᠭ᠎ᠠ ᠯᠤᠭ᠎ᠠ ᠨᠢᠭᠡᠳᠦᠯ ᠦᠭᠡᠢ | ᠪᠣᠯ ᠤᠯᠤᠰ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ | ᠳᠠᠭᠠᠯᠳᠤᠭᠤᠯᠤᠯ᠄ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠨᠢᠭᠡ᠂ ︽ᠬᠡᠷᠡᠭᠵᠢᠭᠦᠯᠬᠦ ᠨᠠᠷᠢᠨ ᠳᠦᠷᠢᠮ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠡᠨᠧᠷᠭᠢ ᠶᠢᠨ | ᠲᠣᠪᠴᠢᠶ᠎ᠠ ᠶᠢᠨ ︽ᠰᠢᠨ᠎ᠡ ᠴᠠᠭ ᠦᠶ᠎ᠡ ᠶᠢᠨ ᠰᠢᠨ᠎ᠡ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠤᠬᠠᠢ ᠬᠡᠷᠡᠭᠵᠢᠭᠦᠯᠬᠦ ᠲᠥᠰᠥᠯ︾ ︵ᠲᠥᠷᠥ ᠠᠯᠪᠠᠨ ᠵᠠᠬᠢᠳᠠᠯ ﹇2022﹈ 39 ᠳ᠋ᠦ᠋ᠭᠡᠷ ᠲᠣᠭᠠᠲᠤ︶᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠪᠥᠬᠦ | ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ﹇2022﹈ 19 | ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ 2022 | ᠣᠨ ᠳᠤ ᠵᠢᠷᠭᠤᠭᠠᠨ ᠲᠥᠷᠥᠯ ᠤᠨ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠲᠥᠷᠥᠯ ᠵᠦᠢᠯ ᠤᠨ | ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠲᠠᠷᠬᠠᠭᠠᠪᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ | ᠠᠰᠠᠭᠤᠳᠠᠯ ᠳᠤ ᠴᠢᠭᠯᠡᠭᠦᠯᠦᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠬᠡᠷᠡᠭᠵᠢᠭᠦᠯᠬᠦ ᠨᠠᠷᠢᠨ | ᠳᠦᠷᠢᠮ ᠢ 2023 ᠣᠨ ᠤ ᠵᠠᠰᠠᠪᠤᠷᠢ ᠣᠷᠣᠭᠤᠯᠤᠭᠰᠠᠨ ᠬᠡᠪᠯᠡᠯ ︵ᠲᠤᠷᠰᠢᠨ ᠬᠡᠷᠡᠭᠵᠢᠭᠦᠯᠬᠦ︶︾ ︵ᠳᠣᠷᠣᠭᠰᠢ | ︽ᠬᠡᠷᠡᠭᠵᠢᠭᠦᠯᠬᠦ ᠨᠠᠷᠢᠨ ᠳᠦᠷᠢᠮ︾ ᠭᠡᠵᠦ ᠲᠣᠪᠴᠢᠯᠠᠨ᠎ᠠ︶ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ | ᠤᠤᠯ ᠤᠨ ᠬᠡᠷᠡᠭᠵᠢᠭᠦᠯᠬᠦ ᠨᠠᠷᠢᠨ ᠳᠦᠷᠢᠮ ᠢ ᠬᠦᠴᠦᠨ ᠦᠭᠡᠢ ᠪᠣᠯᠭᠠᠪᠠ᠃ ︽ᠬᠡᠷᠡᠭᠵᠢᠭᠦᠯᠬᠦ ᠨᠠᠷᠢᠨ ᠳᠦᠷᠢᠮ︾ ᠨᠢ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ | ᠵᠦᠢᠯ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢ ᠪᠠᠲᠤᠯᠠᠵᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠳᠠᠬᠢᠯᠲᠠ ᠡᠨᠧᠷᠭᠢ ᠪᠠᠷ ᠣᠷᠣᠯᠠᠭᠤᠯᠬᠤ ᠶᠢ ᠠᠬᠢᠭᠤᠯᠬᠤ ᠶᠢᠨ ᠲᠥᠯᠥᠭᠡ ᠶᠤᠮ᠃ | ᠬᠤᠶᠠᠷ᠂ ︽ᠬᠡᠷᠡᠭᠵᠢᠭᠦᠯᠬᠦ ᠨᠠᠷᠢᠨ ᠳᠦᠷᠢᠮ︾ ᠤᠨ ᠭᠤᠣᠯ ᠠᠭᠤᠯᠭ᠎ᠠ ᠳᠤ ᠶᠠᠭᠤ ᠪᠠᠭᠲᠠᠬᠤ ᠪᠤᠢ︖ | ︽ᠬᠡᠷᠡᠭᠵᠢᠭᠦᠯᠬᠦ ᠨᠠᠷᠢᠨ ᠳᠦᠷᠢᠮ︾ ᠳᠤ ᠨᠡᠶᠢᠲᠡ 6 ᠪᠦᠯᠦᠭ᠂ 18 ᠵᠦᠢᠯ ᠵᠤᠷᠪᠤᠰ ᠪᠠᠭᠲᠠᠨ᠎ᠠ᠃ | ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ ᠪᠣᠯᠣᠨ᠎ᠠ᠂ ᠭᠤᠣᠯᠳᠠᠭᠤ ᠵᠣᠷᠢᠯᠭ᠎ᠠ ᠶᠢᠨ ᠦᠨᠳᠦᠰᠦᠯᠡᠯ᠂ | ᠲᠣᠳᠣᠷᠬᠠᠶᠢᠯᠠᠯᠲᠠ ᠶᠢ ᠪᠠᠭᠲᠠᠭᠠᠵᠤ᠂ ᠬᠤᠶᠠᠷ ᠲᠦᠷᠦᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠣᠬᠢᠷᠳᠤᠯ ᠦᠭᠡᠢ ᠴᠠᠬᠢᠯᠭᠠᠨ ᠬᠠᠩᠭᠠᠬᠤ ᠲᠦᠷᠦᠯ ᠵᠦᠢᠯ ᠢ ᠳᠤᠷᠠᠳᠴᠤ᠂ ᠥᠪᠡᠷ ᠢ ᠪᠠᠨ ᠪᠠᠭᠲᠠᠭᠠᠨ ᠰᠢᠩᠭᠡᠭᠡᠬᠦ᠂ | ᠪᠡᠶ᠎ᠡ ᠪᠠᠨ ᠳᠠᠭᠠᠭᠠᠨ ᠣᠷᠭᠢᠯ ᠢ ᠲᠣᠬᠢᠷᠠᠭᠤᠯᠬᠤ ᠵᠠᠷᠴᠢᠮ ᠢ ᠪᠠᠷᠢᠮᠲᠠᠯᠠᠵᠤ᠂ ᠰᠢᠨ᠎ᠡ ᠪᠠᠷ ᠨᠡᠮᠡᠭᠰᠡᠨ ᠳᠠᠭᠠᠭᠠᠴᠠ ᠶᠢᠨ | ᠲᠣᠳᠣᠷᠬᠠᠶᠢᠯᠠᠯᠲᠠ ᠶᠢ ᠳᠤᠷᠠᠳᠤᠭᠰᠠᠨ ᠪᠠᠶᠢᠨ᠎ᠠ᠃ | ᠬᠤᠶᠠᠳᠤᠭᠠᠷ ᠪᠦᠯᠦᠭ ᠮᠡᠳᠡᠭᠦᠯᠬᠦ ᠨᠥᠬᠦᠴᠡᠯ ᠪᠣᠯᠣᠨ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ | ᠢᠵᠢ ᠪᠦᠷᠢᠳᠦᠭᠦᠯᠬᠦ ᠠᠵᠤ ᠦᠢᠯᠡᠰ᠂ ᠰᠢᠨ᠎ᠡ ᠪᠠᠷ ᠨᠡᠮᠡᠭᠳᠡᠭᠰᠡᠨ ᠳᠠᠭᠠᠭᠠᠴᠠ ᠶᠢᠨ ᠵᠢᠯ ᠤᠨ ᠴᠠᠬᠢᠯᠭᠠᠨ ᠬᠡᠷᠡᠭᠯᠡᠬᠦ | ᠬᠡᠮᠵᠢᠶ᠎ᠡ᠂ ᠨᠡᠮᠡᠭᠳᠡᠯ ᠤᠨ ᠲᠣᠣᠷ᠂ ᠡᠨᠧᠷᠭᠢ ᠬᠠᠳᠠᠭᠠᠯᠠᠬᠤ ᠲᠣᠬᠢᠷᠠᠭᠤᠯᠤᠯᠲᠠ᠂ ᠡᠮᠦᠨᠡᠬᠢ ᠬᠤᠭᠤᠴᠠᠭᠠᠨ ᠤ ᠠᠵᠢᠯ᠂ | ᠠᠮᠠᠯᠠᠯᠲᠠ ᠬᠢᠵᠦ ᠥᠭᠬᠦ ᠵᠡᠷᠭᠡ ᠳᠤ ᠴᠢᠭᠯᠡᠭᠦᠯᠦᠨ ᠱᠠᠭᠠᠷᠳᠠᠯᠭ᠎ᠠ ᠳᠤᠷᠠᠳᠪᠠ᠃ ᠰᠢᠨ᠎ᠡ ᠡᠨᠧᠷᠭᠢ ᠶᠢᠨ ᠲᠥᠷᠥᠯ ᠵᠦᠢᠯ | ᠵᠢᠴᠢ ᠵᠠᠯᠭᠠᠵᠤ ᠣᠷᠣᠭᠤᠯᠬᠤ ᠢᠨᠵᠧᠨᠧᠷᠢᠩ ᠨᠢ ᠬᠠᠮᠢᠶ᠎ᠠ ᠪᠦᠬᠦᠢ ᠬᠢᠵᠠᠭᠠᠷᠯᠠᠬᠤ ᠴᠢᠨᠠᠷᠲᠠᠢ ᠵᠢᠭᠰᠠᠭᠠᠨ ᠪᠠᠶᠢᠴᠠᠭᠠᠬᠤ | ᠪᠢᠴᠢᠭ ᠮᠠᠲ᠋ᠧᠷᠢᠶᠠᠯ ᠢ ᠣᠯᠬᠤ ᠴᠢᠬᠤᠯᠠᠲᠠᠢ᠂ ᠲᠥᠷᠥᠯ ᠵᠦᠢᠯ ᠤᠨ ᠭᠤᠣᠯ ᠴᠣᠭᠴᠠ ᠨᠢ ᠳᠠᠭᠠᠭᠠᠴᠠ ᠪᠤᠶᠤ | ᠣᠷᠭᠢᠯ ᠤᠨ ᠬᠤᠭᠤᠴᠠᠭ᠎ᠠ ᠶᠢ ᠲᠣᠬᠢᠷᠠᠭᠤᠯᠬᠤ ᠴᠢᠳᠠᠪᠤᠷᠢ ᠬᠦᠷᠦᠯᠴᠡᠬᠦ ᠦᠭᠡᠢ ᠠᠴᠠ ᠪᠣᠯᠤᠭᠰᠠᠨ ᠰᠠᠯᠬᠢ ᠪᠠ ᠬᠡᠷᠡᠯ ᠢ | ᠬᠠᠶᠠᠬᠤ ᠲᠦᠭᠰᠢᠭᠦᠷᠢ ᠶᠢ ᠥᠪᠡᠰᠦᠪᠡᠨ ᠡᠭᠦᠷᠭᠡᠯᠡᠨ᠎ᠡ᠃ | ᠭᠤᠷᠪᠠᠳᠤᠭᠠᠷ ᠪᠦᠯᠦᠭ ᠨᠢ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠣᠯᠣᠨ᠎ᠠ᠂ ᠰᠢᠨ᠎ᠡ | ᠡᠨᠧᠷᠭᠢ ᠶᠢᠨ ᠲᠥᠷᠥᠯ ᠵᠦᠢᠯ ᠨᠢ ᠰᠢᠨ᠎ᠡ ᠪᠠᠷ ᠨᠡᠮᠡᠭᠳᠡᠭᠰᠡᠨ ᠳᠠᠭᠠᠭᠠᠴᠠ᠂ ᠡᠨᠧᠷᠭᠢ ᠬᠠᠳᠠᠭᠠᠯᠠᠬᠤ ᠪᠡᠯᠡᠳᠬᠡᠮᠵᠢ ᠶᠢ | ᠠᠰᠢᠭᠯᠠᠯᠲᠠ ᠳᠤ ᠣᠷᠣᠭᠤᠯᠵᠤ ᠪᠣᠯᠬᠤ ᠦᠭᠡᠢ ᠪᠥᠭᠡᠳ ᠰᠢᠨ᠎ᠡ ᠪᠠᠷ ᠨᠡᠮᠡᠭᠳᠡᠭᠰᠡᠨ ᠳᠠᠭᠠᠭᠠᠴᠠ ᠶᠢᠨ ᠲᠥᠷᠥᠯ | ᠵᠦᠢᠯ ᠤᠨ ᠠᠵᠢᠯᠯᠠᠭᠠᠨ ᠤ ᠦᠶᠡᠯᠡᠯ ᠤᠨ ᠬᠤᠭᠤᠴᠠᠭ᠎ᠠ ᠯᠤᠭ᠎ᠠ ᠵᠣᠬᠢᠴᠠᠭᠤᠯᠵᠤ ᠪᠣᠯᠬᠤ ᠦᠭᠡᠢ᠃ ᠰᠢᠨ᠎ᠡ ᠡᠨᠧᠷᠭᠢ ᠶᠢ | ᠵᠠᠯᠭᠠᠬᠤ ᠱᠠᠭᠠᠷᠳᠠᠯᠭ᠎ᠠ ᠳᠤᠷᠠᠳᠴᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ | ᠱᠠᠭᠠᠷᠳᠠᠯᠭ᠎ᠠ ᠶᠢ ᠲᠣᠳᠣᠷᠬᠠᠶᠢᠯᠠᠨ᠎ᠠ᠃ | ᠳᠥᠷᠪᠡᠳᠦᠭᠡᠷ ᠪᠦᠯᠦᠭ ᠮᠡᠳᠡᠭᠦᠯᠵᠦ ᠬᠢᠨᠠᠨ ᠵᠥᠪᠰᠢᠶᠡᠷᠡᠭᠦᠯᠬᠦ᠂ ᠭᠤᠶᠤᠴᠢᠯᠠᠨ ᠮᠡᠳᠡᠭᠦᠯᠬᠦ᠂ ᠦᠨᠡᠯᠡᠨ ᠵᠢᠱᠢᠬᠦ | ᠪᠠ ᠴᠣᠬᠤᠯᠠᠪᠤᠷᠢᠯᠠᠬᠤ ᠵᠡᠷᠭᠡ ᠭᠤᠭᠴᠤᠭ᠎ᠠ ᠶᠢᠨ ᠱᠠᠭᠠᠷᠳᠠᠯᠭ᠎ᠠ ᠶᠢ ᠳᠤᠷᠠᠳᠬᠤ ᠬᠡᠷᠡᠭᠲᠡᠢ᠃ ᠲᠥᠷᠥᠯ ᠵᠦᠢᠯ ᠤᠨ ᠪᠡᠯᠡ | ᠣᠷᠣᠭᠤᠯᠤᠯᠲᠠ ᠶᠢᠨ ᠭᠤᠣᠯ ᠴᠣᠭᠴᠠ ᠨᠢ ᠮᠡᠳᠡᠭᠦᠯᠬᠦ ᠲᠥᠰᠥᠯ ᠢᠶᠠᠨ ᠥᠪᠡᠰᠦᠪᠡᠨ ᠨᠠᠶᠢᠷᠠᠭᠤᠯᠤᠨ ᠵᠣᠬᠢᠶᠠᠵᠤ᠂ | ᠲᠥᠷᠥᠯ ᠵᠦᠢᠯ ᠤᠨ ᠪᠠᠶᠢᠭ᠎ᠠ ᠠᠶᠢᠮᠠᠭ ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠮᠡᠳᠡᠭᠦᠯᠦᠨ ᠬᠦᠷᠭᠡᠬᠦ ᠬᠡᠷᠡᠭᠲᠡᠢ᠃ ᠠᠶᠢᠮᠠᠭ ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠨᠢ ᠲᠥᠷᠥᠯ ᠵᠦᠢᠯ ᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠠᠶᠢᠮᠠᠭ ᠬᠤᠲᠠ ᠠᠯᠤᠰᠯᠠᠭᠰᠠᠨ ᠲᠥᠷᠥᠯ ᠵᠦᠢᠯ ᠢ ᠬᠠᠮᠢᠶ᠎ᠠ | ᠪᠦᠬᠦᠢ ᠠᠶᠢᠮᠠᠭ ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠲᠤᠷᠠᠨ | ᠮᠡᠳᠡᠭᠦᠯᠦᠨ ᠬᠦᠷᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ︽ᠪᠣᠯᠪᠠᠰᠤᠷᠠᠩᠭᠤᠢ | ᠪᠣᠯᠪᠠᠯ ᠨᠢᠭᠡ ᠶᠢ ᠬᠢᠨᠠᠨ ᠵᠥᠪᠰᠢᠶᠡᠷᠡᠬᠦ︾ ᠵᠠᠷᠴᠢᠮ ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠲᠥᠷᠥᠯ ᠵᠦᠢᠯ ᠢ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ | ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠢ ᠳᠠᠷᠤᠮᠠᠯᠯᠠᠨ ᠶᠠᠪᠤᠭᠤᠯᠬᠤ ᠶᠢᠨ ᠬᠠᠮᠲᠤ ᠳᠡᠭᠡᠭᠰᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ | ᠲᠠᠪᠤᠳᠤᠭᠠᠷ ᠪᠦᠯᠦᠭ ᠨᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠲᠤᠰᠠᠳᠠ᠂ ᠠᠶᠢᠮᠠᠭ ᠬᠤᠲᠠ ᠶᠢᠨ | ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ | ᠴᠣᠬᠤᠯᠠᠪᠤᠷᠢᠯᠠᠭᠰᠠᠨ ᠬᠡᠷᠡᠭᠵᠢᠭᠦᠯᠬᠦ ᠲᠥᠰᠥᠯ ᠢ ᠦᠨᠳᠦᠰᠦᠯᠡᠨ᠂ ᠲᠥᠷᠥᠯ ᠵᠦᠢᠯ ᠢ ᠴᠠᠭ ᠲᠤᠬᠠᠢ ᠳᠤ ᠨᠢ ᠬᠢᠨᠠᠨ | ᠵᠥᠪᠰᠢᠶᠡᠷᠡᠨ᠎ᠡ᠃ ᠲᠥᠷᠥᠯ ᠵᠦᠢᠯ ᠤᠨ ᠨᠡᠭᠡᠭᠡᠨ ᠬᠥᠭᠵᠢᠭᠦᠯᠬᠦ ᠭᠤᠣᠯ ᠴᠣᠭᠴᠠ ᠨᠢ ᠳᠠᠷᠤᠮᠠᠯᠯᠠᠨ ᠲᠠᠷᠬᠠᠭᠠᠭᠰᠠᠨ ᠤ | ᠳᠠᠷᠠᠭᠠᠬᠢ ᠬᠡᠷᠡᠭᠵᠢᠭᠦᠯᠬᠦ ᠲᠥᠰᠥᠯ ᠢ ᠴᠢᠩᠭ᠎ᠠ ᠵᠢᠷᠤᠮᠯᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠢᠵᠦ᠂ | ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠰᠲ᠋ᠣᠺ ᠤᠨ ᠡᠷᠬᠡ ᠶᠢᠨ ᠪᠦᠲᠦᠴᠡ ᠶᠢ ᠬᠤᠪᠢᠷᠠᠭᠤᠯᠵᠤ ᠪᠣᠯᠬᠤ ᠦᠭᠡᠢ᠃ | ᠠᠶᠢᠮᠠᠭ ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ | ᠮᠡᠳᠡᠭᠦᠯᠦᠨ ᠬᠦᠷᠭᠡᠵᠦ᠂ ᠴᠣᠬᠤᠯᠪᠣᠷᠢᠯᠠᠨ ᠬᠠᠷᠢᠭᠤᠯᠬᠤ ᠶᠢᠨ ᠬᠡᠷᠡᠭᠵᠢᠭᠦᠯᠬᠦ ᠲᠥᠰᠥᠯ ᠪᠣᠯᠣᠨ ᠬᠠᠮᠢᠶ᠎ᠠ ᠪᠦᠬᠦᠢ | ᠲᠣᠭᠲᠠᠭᠠᠯ ᠢ ᠦᠨᠳᠦᠰᠦᠯᠡᠨ ᠰᠢᠯᠭᠠᠨ ᠠᠪᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠭᠤᠣᠯ ᠴᠣᠭᠴᠠ ᠨᠢ | ᠡᠷᠬᠡᠪᠰᠢ ᠳᠠᠭᠠᠭᠠᠴᠠ ᠨᠢ ᠬᠦᠷᠦᠯᠴᠡᠬᠦ ᠦᠭᠡᠢ᠂ ᠣᠷᠭᠢᠯ ᠢ ᠲᠣᠬᠢᠷᠠᠭᠤᠯᠬᠤ ᠴᠢᠳᠠᠪᠤᠷᠢ ᠶᠢ ᠨᠢ ᠪᠠᠭᠤᠷᠠᠭᠤᠯᠬᠤ | ᠪᠤᠶᠤ ᠠᠵᠢᠯᠯᠠᠭᠠᠨ ᠢ ᠨᠢ ᠵᠣᠭᠰᠤᠭᠠᠬᠤ ᠤᠷᠢᠳᠴᠢᠯᠠᠭᠰᠠᠨ ᠲᠥᠰᠥᠯ ᠢ ᠤᠷᠢᠳᠴᠢᠯᠠᠨ ᠲᠣᠭᠲᠠᠭᠠᠬᠤ ᠬᠡᠷᠡᠭᠲᠡᠢ᠃ | ᠪᠡᠯᠡ ᠣᠷᠣᠭᠤᠯᠬᠤ ᠭᠤᠣᠯ ᠴᠣᠭᠴᠠ ᠨᠢ ᠬᠡᠷᠡᠭᠵᠢᠭᠦᠯᠬᠦ ᠬᠦᠴᠦᠨ ᠦᠭᠡᠢ ᠪᠣᠯ᠂ ᠠᠶᠢᠮᠠᠭ ᠬᠤᠲᠠ ᠶᠢᠨ ᠡᠨᠧᠷᠭᠢ ᠶᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠨ ᠲᠥᠷᠥᠯ ᠵᠦᠢᠯ ᠢ ᠨᠢ ᠳᠠᠭᠤᠰᠬᠠᠵᠤ᠂ | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠨᠢ ᠵᠣᠬᠢᠬᠤ ᠰᠢᠨ᠎ᠡ ᠡᠨᠧᠷᠭᠢ ᠶᠢᠨ ᠬᠡᠪᠴᠢᠶ᠎ᠡ ᠪᠠᠨ | ᠬᠤᠷᠢᠶᠠᠨ ᠠᠪᠬᠤ ᠬᠡᠷᠡᠭᠲᠡᠢ᠃ | ᠵᠢᠷᠭᠤᠳᠤᠭᠠᠷ ᠪᠦᠯᠦᠭ ᠪᠣᠯ ᠳᠠᠭᠠᠯᠳᠤᠭᠤᠯᠤᠯ ᠳᠦᠷᠢᠮ ᠪᠣᠯᠣᠨ᠎ᠠ᠂ ᠲᠤᠰ ᠨᠠᠷᠢᠨ ᠳᠦᠷᠢᠮ ᠢ | ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠨᠢᠭᠡᠨᠲᠡ ᠴᠣᠬᠤᠯᠠᠪᠤᠷᠢᠯᠠᠨ ᠬᠠᠷᠢᠭᠤᠯᠤᠭᠰᠠᠨ ᠲᠥᠷᠥᠯ | ᠵᠦᠢᠯ ᠢ ᠵᠠᠷᠴᠢᠮ ᠳᠡᠭᠡᠷ᠎ᠡ ᠪᠠᠨ ᠮᠥᠨ ᠬᠦ ᠤᠤᠯ ᠤᠨ ᠴᠣᠬᠤᠯᠠᠪᠤᠷᠢᠯᠠᠭᠰᠠᠨ ᠱᠠᠭᠠᠷᠳᠠᠯᠭ᠎ᠠ ᠶᠢ ᠬᠡᠷᠡᠭᠵᠢᠭᠦᠯᠵᠦ᠂ | ᠤᠤᠯ ᠤᠨ ᠨᠠᠷᠢᠨ ᠳᠦᠷᠢᠮ ᠪᠠ ᠴᠣᠬᠤᠯᠪᠣᠷᠢᠯᠠᠭᠰᠠᠨ ᠱᠠᠭᠠᠷᠳᠠᠯᠭ᠎ᠠ ᠳᠤ ᠲᠣᠳᠣᠷᠬᠠᠢ ᠲᠣᠳᠣᠷᠬᠠᠶᠢᠯᠠᠭᠰᠠᠨ ᠦᠭᠡᠢ | ᠪᠣᠯᠪᠠᠴᠤ ᠲᠤᠰ ᠨᠠᠷᠢᠨ ᠳᠦᠷᠢᠮ ᠤᠨ ᠳᠣᠲᠣᠷ᠎ᠠ ᠲᠣᠳᠣᠷᠬᠠᠢ ᠱᠠᠭᠠᠷᠳᠠᠯᠭ᠎ᠠ ᠲᠠᠢ ᠪᠣᠯ ᠲᠤᠰ ᠨᠠᠷᠢᠨ ᠳᠦᠷᠢᠮ ᠢᠶᠠᠷ | ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠂ ᠨᠢᠭᠡᠨᠲᠡ ᠴᠣᠬᠤᠯᠪᠣᠷᠢᠯᠠᠭᠰᠠᠨ ᠲᠥᠷᠥᠯ ᠵᠦᠢᠯ ᠢ ᠨᠢᠭᠡᠨᠲᠡ | ᠴᠣᠬᠤᠯᠪᠣᠷᠢᠯᠠᠨ ᠵᠥᠪᠰᠢᠶᠡᠷᠡᠪᠡᠯ᠂ ᠲᠤᠰ ᠨᠠᠷᠢᠨ ᠳᠦᠷᠢᠮ ᠤᠨ ᠶᠣᠰᠣᠭᠠᠷ ᠮᠡᠳᠡᠭᠦᠯᠬᠦ ᠭᠠᠷᠳᠠᠮ ᠢ ᠳᠠᠬᠢᠵᠤ | ᠭᠦᠢᠴᠡᠳᠬᠡᠵᠦ ᠪᠣᠯᠣᠨ᠎ᠠ᠃ ᠲᠤᠰ ᠨᠠᠷᠢᠨ ᠳᠦᠷᠢᠮ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠬᠢᠬᠦ ᠶᠠᠪᠤᠳᠠᠯ ᠲᠣᠬᠢᠶᠠᠯᠳᠤᠪᠠᠯ᠂ ᠤᠯᠤᠰ ᠤᠨ ᠲᠥᠷᠥ ᠶᠢᠨ ᠪᠣᠳᠣᠯᠭ᠎ᠠ ᠯᠤᠭ᠎ᠠ ᠨᠢᠭᠡᠳᠦᠯ ᠦᠭᠡᠢ | ᠪᠣᠯ ᠤᠯᠤᠰ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ | ᠭᠤᠷᠪᠠ᠂ ︽ᠬᠡᠷᠡᠭᠵᠢᠭᠦᠯᠬᠦ ᠨᠠᠷᠢᠨ ᠳᠦᠷᠢᠮ︾ ᠳᠤ ᠭᠤᠣᠯ ᠵᠠᠰᠠᠪᠤᠷᠢ ᠣᠷᠣᠭᠤᠯᠤᠭᠰᠠᠨ ᠲᠠᠯ᠎ᠠ ᠪᠠᠷ ᠶᠠᠭᠤ | ᠶᠠᠭᠤ ᠪᠣᠢ︖ | 1. ᠰᠢᠨ᠎ᠡ ᠪᠠᠷ ᠨᠡᠮᠡᠭᠳᠡᠬᠦ ᠳᠠᠭᠠᠭᠠᠴᠠ ᠶᠢᠨ ᠱᠠᠭᠠᠷᠳᠠᠯᠭ᠎ᠠ ᠶᠢ ᠠᠭᠤᠵᠢᠭᠤ ᠲᠠᠯᠪᠢᠵᠤ᠂ ᠨᠢᠭᠡᠨᠲᠡ | ᠤᠭᠰᠠᠷᠠᠬᠤ ᠪᠠᠷ ᠮᠡᠳᠡᠭᠦᠯᠦᠭᠰᠡᠨ ᠪᠣᠯᠪᠠᠴᠤ ᠴᠠᠬᠢᠯᠭᠠᠨ ᠬᠠᠩᠭᠠᠬᠤ ᠢᠨᠵᠧᠨᠧᠷᠢᠩ ᠤᠨ ᠬᠠᠷᠠᠬᠠᠨ ᠠᠵᠢᠯ | ᠡᠬᠢᠯᠡᠭᠦᠯᠦᠭᠡᠳᠦᠢ ᠴᠠᠬᠢᠯᠭᠠᠨ ᠬᠡᠷᠡᠭᠯᠡᠬᠦ ᠲᠥᠷᠥᠯ ᠵᠦᠢᠯ᠂ ᠤᠯᠤᠰ ᠠᠴᠠ ᠪᠣᠬᠢᠷᠲᠤᠯ ᠦᠭᠡᠢ ᠪᠠᠷ ᠣᠷᠣᠯᠠᠭᠤᠯᠬᠤ ᠶᠢ | ᠵᠣᠷᠢᠭᠵᠢᠭᠤᠯᠬᠤ ᠦᠯᠡᠳᠡᠭᠡᠯ ᠴᠠᠬᠢᠯᠭᠠᠨ ᠬᠡᠷᠡᠭᠯᠡᠬᠦ ᠲᠥᠷᠥᠯ ᠵᠦᠢᠯ ᠪᠤᠶᠤ ᠴᠠᠬᠢᠯᠭᠠᠨ ᠲᠣᠣᠷ ᠤᠨ ᠠᠵᠤ | ᠠᠬᠤᠶᠢᠯᠠᠯ ᠲᠠᠢ ᠵᠥᠪᠳᠡᠯᠴᠡᠵᠦ ᠪᠠᠶᠢᠭᠠᠳ ᠨᠢᠭᠡᠳᠦᠯᠲᠡᠢ ᠣᠷᠣᠯᠠᠭᠤᠯᠵᠤ ᠪᠣᠯᠬᠤ ᠦᠯᠡᠳᠡᠭᠡᠯ ᠴᠠᠬᠢᠯᠭᠠᠨ ᠬᠡᠷᠡᠭᠯᠡᠬᠦ | ᠲᠥᠷᠥᠯ ᠵᠦᠢᠯ ᠨᠢ ᠴᠥᠮ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠳᠤ ᠣᠷᠣᠯᠴᠠᠵᠤ ᠪᠣᠯᠣᠨ᠎ᠠ᠃ | 2. ᠴᠠᠬᠢᠯᠭᠠᠨ ᠭᠠᠷᠭᠠᠬᠤ ᠣᠷᠭᠢᠯ ᠤᠨ ᠵᠥᠷᠢᠶ᠎ᠡ ᠶᠢᠨ ᠨᠣᠷᠮ᠎ᠠ ᠶᠢᠨ ᠤᠬᠠᠭᠳᠠᠬᠤᠨ ᠢ ᠣᠷᠣᠭᠤᠯᠤᠨ | ᠠᠪᠴᠢᠷᠠᠵᠤ᠂ ᠡᠨᠧᠷᠭᠢ ᠬᠠᠳᠠᠭᠠᠯᠠᠬᠤ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠲᠥᠰᠥᠯ ᠢᠶᠠᠷ ᠣᠯᠠᠨ ᠨᠡᠶᠢᠲᠡ ᠶᠢᠨ | ᠴᠠᠬᠢᠯᠭᠠᠨ ᠲᠣᠣᠷ ᠤᠨ ᠴᠠᠬᠢᠯᠭᠠᠨ ᠭᠥᠷᠳᠡᠬᠦ ᠴᠠᠬᠢᠯᠭᠠᠨ ᠬᠦᠴᠦᠨ ᠤ ᠣᠷᠭᠢᠯ ᠤᠨ ᠵᠥᠷᠢᠶ᠎ᠡ ᠶᠢᠨ ᠨᠣᠷᠮ᠎ᠠ ᠶᠢ | ᠰᠢᠨ᠎ᠡ ᠪᠠᠷ ᠨᠡᠮᠡᠭᠳᠡᠭᠦᠯᠬᠦ ᠳᠠᠭᠠᠭᠠᠴᠠ ᠶᠢᠨ ᠪᠠᠶᠢᠭᠠᠯᠢ ᠶᠢᠨ ᠣᠷᠭᠢᠯ ᠦᠶ᠎ᠡ ᠶᠢᠨ ᠵᠥᠷᠢᠶ᠎ᠡ ᠶᠢᠨ ᠨᠣᠷᠮ᠎ᠠ ᠠᠴᠠ ᠥᠨᠳᠥᠷ | ᠪᠠᠶᠢᠯᠭᠠᠬᠤ ᠦᠭᠡᠢ ᠪᠠᠶᠢᠬᠤ ᠶᠢ ᠪᠠᠲᠤᠯᠠᠨ᠎ᠠ᠂ ᠣᠷᠭᠢᠯ ᠦᠶ᠎ᠡ ᠶᠢᠨ ᠵᠥᠷᠢᠶ᠎ᠡ ᠶᠢᠨ ᠨᠣᠷᠮ᠎ᠠ = ︵ᠬᠠᠮᠤᠭ ᠤᠨ ᠥᠨᠳᠥᠷ | ᠳᠠᠭᠠᠭᠠᠴᠠ - ᠬᠠᠮᠤᠭ ᠤᠨ ᠳᠣᠣᠷ᠎ᠠ ᠳᠠᠭᠠᠭᠠᠴᠠ︶ / ᠬᠠᠮᠤᠭ ᠤᠨ ᠥᠨᠳᠥᠷ ᠳᠠᠭᠠᠭᠠᠴᠠ ᠶᠢ ᠪᠠᠲᠤᠯᠠᠨ᠎ᠠ᠃ | 3. ᠰᠢᠨ᠎ᠡ ᠡᠨᠧᠷᠭᠢ᠂ ᠳᠠᠭᠠᠭᠠᠴᠠ᠂ ᠡᠨᠧᠷᠭᠢ ᠨᠥᠭᠡᠴᠡᠯᠡᠬᠦ ᠠᠰᠢᠭᠯᠠᠯᠲᠠ ᠳᠤ ᠣᠷᠣᠭᠤᠯᠬᠤ ᠴᠠᠭ ᠤᠨ | ᠳᠠᠷᠠᠭᠠᠯᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠰᠢᠨ᠎ᠡ ᠡᠨᠧᠷᠭᠢ ᠶᠢᠨ ᠲᠥᠷᠥᠯ ᠵᠦᠢᠯ ᠢ ᠰᠢᠨ᠎ᠡ ᠪᠠᠷ | ᠨᠡᠮᠡᠭᠳᠡᠭᠦᠯᠬᠦ ᠳᠠᠭᠠᠭᠠᠴᠠ᠂ ᠡᠨᠧᠷᠭᠢ ᠬᠠᠳᠠᠭᠠᠯᠠᠬᠤ ᠪᠡᠯᠡᠳᠬᠡᠮᠵᠢ ᠶᠢ ᠠᠰᠢᠭᠯᠠᠯᠲᠠ ᠳᠤ ᠣᠷᠣᠭᠤᠯᠵᠤ ᠪᠣᠯᠬᠤ ᠦᠭᠡᠢ᠂ | ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠴᠠᠭ ᠤᠨ ᠳᠠᠷᠠᠭᠠᠯᠠᠯ ᠨᠢ ᠳᠠᠭᠠᠭᠠᠴᠠ ᠶᠢ ᠳᠠᠭᠠᠵᠤ ᠳᠡᠶᠢᠯᠬᠦ | ᠦᠭᠡᠢ ᠦᠶ᠎ᠡ ᠳᠤ᠂ ᠴᠠᠬᠢᠯᠭᠠᠨ ᠲᠣᠣᠷ ᠤᠨ ᠺᠣᠮᠫᠠᠨᠢ ᠨᠢ ᠲᠦᠷ ᠴᠠᠭ ᠤᠨ ᠴᠠᠬᠢᠯᠭᠠᠨ ᠬᠠᠩᠭᠠᠬᠤ ᠪᠠᠷ ᠳᠠᠮᠵᠢᠭᠤᠯᠤᠨ | ᠳᠠᠭᠠᠭᠠᠴᠠ ᠶᠢᠨ ᠬᠡᠪ ᠤᠨ ᠠᠵᠢᠯᠯᠠᠭᠠᠨ ᠢ ᠪᠠᠲᠤᠯᠠᠵᠤ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ | ᠳᠠᠭᠤᠰᠤᠭᠰᠠᠨ ᠤ ᠳᠠᠷᠠᠭ᠎ᠠ ᠳᠠᠬᠢᠨ ᠬᠡᠪ ᠤᠨ ᠠᠵᠢᠯᠯᠠᠭᠠᠨ ᠤ ᠲᠥᠰᠥᠯ ᠳᠤ ᠰᠣᠯᠢᠬᠤ ᠬᠡᠷᠡᠭᠲᠡᠢ ᠭᠡᠵᠦ ᠱᠠᠭᠠᠷᠳᠠᠪᠠ᠃ | 4. ᠠᠶᠢᠮᠠᠭ ᠬᠤᠲᠠ ᠠᠯᠤᠰᠯᠠᠭᠰᠠᠨ ᠲᠥᠷᠥᠯ ᠵᠦᠢᠯ ᠢ ᠬᠠᠮᠢᠶ᠎ᠠ ᠪᠦᠬᠦᠢ ᠠᠶᠢᠮᠠᠭ ᠬᠤᠲᠠ ᠶᠢᠨ | ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠲᠤᠷᠠᠨ ᠮᠡᠳᠡᠭᠦᠯᠦᠨ ᠬᠦᠷᠭᠡᠬᠦ ᠶᠢ | ᠲᠣᠳᠣᠷᠬᠠᠶᠢᠯᠠᠪᠠ᠃ | 5. ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠬᠡᠷᠡᠭᠵᠢᠭᠦᠯᠵᠦ ᠳᠡᠶᠢᠯᠬᠦ ᠦᠭᠡᠢ ᠪᠠᠶᠢᠬᠤ ᠶᠢ | ᠲᠣᠳᠣᠷᠬᠠᠶᠢᠯᠠᠭᠰᠠᠨ ᠪᠠᠶᠢᠪᠠᠯ᠂ ᠠᠶᠢᠮᠠᠭ ᠬᠤᠲᠠ ᠶᠢᠨ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠲᠥᠷᠥᠯ ᠵᠦᠢᠯ ᠢ ᠭᠤᠶᠤᠴᠢᠯᠠᠨ ᠵᠣᠭᠰᠣᠭᠠᠵᠤ᠂ ᠴᠣᠬᠤᠯᠠᠪᠤᠷᠢᠯᠠᠭᠤᠯᠤᠭᠰᠠᠨ ᠡᠨᠧᠷᠭᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠬᠤ ᠰᠢᠨ᠎ᠡ ᠡᠨᠧᠷᠭᠢ ᠶᠢᠨ ᠬᠡᠪᠴᠢᠶ᠎ᠡ ᠶᠢ ᠬᠤᠷᠢᠶᠠᠨ ᠠᠪᠤᠨ᠎ᠠ᠃ | | 6. ᠨᠢᠭᠡᠨᠲᠡ ᠴᠣᠬᠤᠯᠠᠪᠤᠷᠢᠯᠠᠨ ᠬᠠᠷᠢᠭᠤᠯᠤᠭᠰᠠᠨ ᠬᠡᠷᠡᠭᠵᠢᠭᠦᠯᠬᠦ ᠲᠥᠷᠥᠯ ᠵᠦᠢᠯ ᠢ ᠵᠠᠷᠴᠢᠮ ᠳᠡᠭᠡᠷ᠎ᠡ ᠪᠠᠨ | ᠮᠥᠨ ᠬᠦ ᠤᠤᠯ ᠤᠨ ᠴᠣᠬᠤᠯᠠᠪᠤᠷᠢᠯᠠᠭᠰᠠᠨ ᠱᠠᠭᠠᠷᠳᠠᠯᠭ᠎ᠠ ᠶᠢ ᠬᠡᠷᠡᠭᠵᠢᠭᠦᠯᠵᠦ᠂ ᠤᠤᠯ ᠤᠨ ᠨᠠᠷᠢᠨ ᠳᠦᠷᠢᠮ ᠪᠠ | ᠴᠣᠬᠤᠯᠠᠪᠤᠷᠢᠯᠠᠭᠰᠠᠨ ᠱᠠᠭᠠᠷᠳᠠᠯᠭ᠎ᠠ ᠳᠤ ᠲᠣᠳᠣᠷᠬᠠᠢ ᠵᠢᠭᠠᠭᠰᠠᠨ ᠦᠭᠡᠢ ᠪᠣᠯᠪᠠᠴᠤ ᠲᠣᠰ ᠨᠠᠷᠢᠨ ᠳᠦᠷᠢᠮ ᠳᠤ | ᠲᠣᠳᠣᠷᠬᠠᠢ ᠱᠠᠭᠠᠷᠳᠠᠯᠭ᠎ᠠ ᠲᠠᠢ ᠪᠠᠶᠢᠪᠠᠯ᠂ ᠲᠣᠰ ᠨᠠᠷᠢᠨ ᠳᠦᠷᠢᠮ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠂ | ᠨᠢᠭᠡᠨᠲᠡ ᠴᠣᠬᠤᠯᠠᠪᠤᠷᠢᠯᠠᠭᠰᠠᠨ ᠲᠥᠷᠥᠯ ᠵᠦᠢᠯ ᠳᠤ ᠬᠡᠷᠪᠡ ᠲᠣᠬᠢᠷᠠᠭᠤᠯᠤᠯᠲᠠ ᠬᠢᠬᠦ ᠴᠢᠬᠤᠯᠠᠲᠠᠢ ᠪᠣᠯ ᠲᠣᠰ ᠨᠠᠷᠢᠨ | ᠳᠦᠷᠢᠮ ᠢᠶᠠᠷ ᠭᠤᠶᠤᠴᠢᠯᠠᠨ ᠮᠡᠳᠡᠭᠦᠯᠬᠦ ᠭᠠᠷᠳᠠᠮ ᠢ ᠳᠠᠭᠢᠵᠤ ᠭᠦᠶ᠋ᠴᠡᠳᠬᠡᠵᠦ ᠪᠣᠯᠣᠨ᠎ᠠ᠃ |