ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠲᠣᠪᠴᠢᠶ᠎ᠠ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/22
        2 ᠰᠠᠷ᠎ᠠ ᠶᠢᠨ 19 ᠤ ᠡᠳᠦᠷ᠂ ᠬᠤᠲᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠲᠣᠪᠴᠢᠶ᠎ᠠ ᠶᠢᠨ ᠳᠠᠷᠤᠭ᠎ᠠ ᠸᠠᠩ ᠴᠢᠶᠠᠩ ᠨᠠᠷ ᠰᠢᠭᠤᠶᠢᠲᠤ ᠣᠷᠣᠨ ᠤ ᠠᠵᠤ ᠦᠢᠯᠡᠰ ᠤᠨ ᠳᠠᠪᠠᠭᠤᠯᠢᠭ ᠵᠢᠴᠢ 2024 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠭᠯᠡᠯ ᠪᠠ ᠪᠣᠳᠠᠲᠠᠢ ᠠᠷᠭ᠎ᠠ ᠬᠡᠮᠵᠢᠶ᠎ᠡ ᠶᠢ ᠪᠠᠶᠢᠴᠠᠭᠠᠨ ᠰᠤᠳᠤᠯᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠶᠠᠷᠢᠯᠴᠠᠨ ᠰᠣᠯᠢᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠣᠣ ᠹᠧᠢ ᠶᠠᠷᠢᠯᠴᠠᠬᠤ ᠬᠤᠷᠠᠯ ᠢ ᠡᠷᠭᠢᠯᠡᠪᠡ᠃        ᠶᠠᠷᠢᠯᠴᠠᠬᠤ ᠬᠤᠷᠠᠯ ᠳᠡᠭᠡᠷ᠎ᠡ᠂ ᠵᠠᠩ ᠰᠢᠶᠣᠣ ᠹᠧᠢ ᠰᠢᠭᠤᠶᠢᠲᠤ ᠲᠣᠭᠤᠷᠢᠭ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠰᠢᠭᠤᠶᠢᠲᠤ ᠲᠣᠭᠤᠷᠢᠭ ᠶᠠᠭ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ 2024 ᠣᠨ ᠳᠤ᠂ ᠪᠦᠬᠦ  ᠲᠣᠭᠤᠷᠢᠭ ᠢᠶᠠᠷ ᠢᠶᠠᠨ ︽ᠵᠢᠵᠢᠭ ᠲᠣᠭᠤᠷᠢᠭ︾ ᠤᠨ ᠰᠡᠳᠬᠢᠴᠡ ᠶᠢ ᠲᠠᠶᠠᠭᠳᠠᠵᠤ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ᠂ ᠡᠷᠡᠯᠬᠡᠭᠯᠡᠨ ᠲᠡᠮᠡᠴᠡᠬᠦ ᠡᠷᠡᠰ ᠵᠣᠷᠢᠭ ᠪᠠ ᠡᠷᠴᠢ ᠵᠣᠷᠢᠭ ᠢᠶᠠᠷ ᠳᠤᠲᠠᠭᠤᠳᠠᠯ ᠢᠶᠠᠨ ᠨᠥᠬᠦᠪᠦᠷᠢᠯᠡᠵᠦ᠂ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠵᠤ᠂ ᠣᠨᠴᠠᠭᠠᠶᠢᠯᠠᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠰᠢᠭᠤᠶᠢᠲᠤ ᠲᠣᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠨ ᠡᠯ᠎ᠡ ᠲᠦᠷᠦᠯ ᠤᠨ ᠠᠵᠤ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠶᠢ ᠲᠥᠯᠥᠪᠵᠢᠭᠦᠯᠵᠦ᠂ ᠪᠦᠬᠦ ᠤᠯᠤᠰ᠂ ᠪᠦᠬᠦ ᠣᠷᠣᠨ ᠢ ᠪᠠᠷᠠᠯᠠᠵᠤ᠂ ᠥᠨᠳᠥᠷ ᠪᠠᠷᠢᠮᠵᠢᠶ᠎ᠠ ᠪᠠᠷ ᠪᠠᠷᠢᠮᠵᠢᠶᠠᠯᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠵᠦ᠂ ᠨᠡᠩ ᠤᠯᠠᠨ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠭᠠᠵᠠᠷ ᠣᠷᠣᠨ ᠤ ᠠᠯᠤᠰ ᠬᠡᠳᠤ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ ᠭᠡᠵᠦ ᠬᠡᠯᠡᠪᠡ᠃        ᠸᠠᠩ ᠴᠢᠶᠠᠩ ᠰᠢᠭᠤᠶᠢᠲᠤ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠦᠢᠯᠡᠰ ᠤᠨ ᠰᠠᠭᠤᠷᠢ ᠪᠠ ᠳᠠᠪᠠᠭᠤᠯᠢᠭ ᠢ ᠵᠠᠳᠠᠯᠵᠤ᠂ ᠰᠢᠭᠤᠶᠢᠲᠤ  ᠲᠣᠭᠤᠷᠢᠭ ᠤᠨ ᠡᠮᠴᠢᠯᠡᠭᠡᠨ ᠤ ᠠᠵᠤ ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠡᠳᠬᠢᠴᠡ ᠶᠢ ᠠᠰᠠᠭᠤᠬᠤ ᠳᠤ ᠬᠠᠪᠰᠤᠷᠪᠠ᠃ ᠲᠡᠷᠡ᠂ ᠰᠢᠭᠤᠶᠢᠲᠤ ᠲᠣᠭᠤᠷᠢᠭ ᠣᠲᠣ ᠪᠠᠶᠢᠭ᠎ᠠ ᠠᠵᠤ ᠦᠢᠯᠡᠰ ᠤᠨ ᠰᠠᠭᠤᠷᠢ ᠳᠠᠭᠠᠨ ᠲᠦᠰᠢᠭᠯᠡᠨ᠂ ᠭᠠᠵᠠᠷ ᠰᠢᠷᠣᠢ ᠶᠢᠨ ᠡᠬᠢ ᠪᠠᠶᠠᠯᠢᠭ ᠢ ᠰᠠᠶᠢᠲᠤᠷ ᠲᠥᠯᠥᠪᠵᠢᠭᠦᠯᠦᠨ ᠠᠰᠢᠭᠯᠠᠵᠤ᠂ ᠣᠲᠣ ᠶᠢᠨ ᠪᠠᠶᠢᠭ᠎ᠠ ᠰᠠᠯᠬᠢᠨ ᠬᠦᠴᠦᠨ ᠤ ᠴᠠᠬᠢᠯᠭᠠᠨ᠂ ᠪᠣᠯᠣᠳ ᠲᠡᠮᠦᠷ᠂ ᠬᠠᠶᠢᠯᠤᠰᠢ ᠵᠡᠷᠭᠡ ᠠᠵᠤ ᠦᠢᠯᠡᠰ ᠤᠨ ᠬᠡᠯᠬᠢᠶ᠎ᠡ ᠶᠢ ᠨᠠᠷᠢᠯᠢᠭ ᠪᠥᠭᠡᠳ ᠨᠠᠷᠢᠯᠢᠭ ᠬᠢᠬᠦ ᠬᠡᠷᠡᠭᠲᠡᠢ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠭᠴᠤᠭ᠎ᠠ ᠪᠣᠯᠣᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠠᠵᠢᠯ ᠤᠨ ᠣᠶᠢᠯᠠᠭᠠᠭᠳᠠᠬᠤᠨ᠂ ᠠᠵᠢᠯ ᠤᠨ ᠠᠷᠭ᠎ᠠ᠂ ᠠᠵᠢᠯ ᠤᠨ ᠪᠠᠷᠢᠮᠵᠢᠶ᠎ᠠ ᠶᠢ ᠤᠯᠠᠮ ᠴᠢᠨᠠᠭᠰᠢᠳᠠ ᠰᠠᠶᠢᠵᠢᠷᠠᠭᠤᠯᠤᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠴᠢᠭᠯᠡᠯ ᠲᠠᠢ᠂ ᠬᠠᠷᠠᠯᠲᠠ ᠲᠠᠢ᠂ ᠦᠷ᠎ᠡ ᠪᠦᠲᠦᠮᠵᠢ ᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠬᠤᠶᠠᠷ ᠰᠢᠨ᠎ᠡ ᠤᠳᠤᠷᠢᠳᠤᠮᠵᠢ ᠪᠣᠯᠣᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠲᠤ ᠪᠤᠢ ᠪᠣᠯᠭᠠᠵᠤ᠂ ᠦᠷᠭᠦᠯᠵᠢᠯᠡᠨ ᠬᠦᠴᠦᠨ ᠴᠢᠳᠠᠯ ᠢ ᠨᠢᠭᠲᠠᠷᠠᠭᠤᠯᠵᠤ᠂ ᠡᠬᠢ ᠪᠠᠶᠠᠯᠢᠭ ᠢ ᠨᠡᠶᠢᠳᠬᠡᠵᠦ᠂ ᠠᠷᠭ᠎ᠠ ᠵᠠᠮ ᠢᠶᠠᠨ ᠥᠷᠭᠡᠳᠬᠡᠵᠦ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠪᠣᠯᠣᠨ ᠲᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠬᠤ ᠬᠡᠷᠡᠭᠲᠡᠢ᠃        ᠬᠤᠯᠪᠣᠭᠳᠠᠯ ᠪᠦᠬᠦᠢ ᠲᠣᠭᠤᠷᠢᠭ ᠤᠨ ᠤᠳᠤᠷᠢᠳᠤᠯᠭ᠎ᠠ ᠪᠣᠯᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号