ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ ᠵᠥᠪᠯᠡᠯ᠂ ᠰᠢᠭᠤᠳ ᠬᠠᠷᠢᠶ᠎ᠠ ᠪᠠᠶᠢᠭᠤᠯᠤᠮᠵᠢ ᠨᠤᠭᠤᠳ ᠲᠤ᠄ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠬᠦ ᠪᠣᠯ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠪᠦᠬᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠢ ᠠᠬᠢᠭᠤᠯᠵᠤ᠂ ᠨᠠᠩ ᠣᠯᠠᠨ ᠬᠦᠷᠢᠶ᠎ᠡ ᠬᠡᠪᠴᠢᠶᠡᠨ ᠳᠤ ︽ᠥᠨᠳᠥᠷ | ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ | ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ | ᠪᠠ ᠤᠯᠠᠨ ᠲᠦᠮᠡᠨ ᠤ ᠬᠠᠷᠠᠭᠠᠰᠤ ᠠᠴᠠ ᠡᠭᠦᠰᠴᠦ᠂ ︽ᠥᠨᠳᠥᠷ ᠪᠦᠳᠦᠮᠵᠢᠲᠠᠢ ᠪᠠᠷ ᠨᠢᠭᠡ ᠶᠠᠪᠤᠳᠠᠯ ᠢ ᠪᠦᠲᠦᠭᠡᠬᠦ︾ ᠶᠢ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ | ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠥᠭᠡᠷᠡᠴᠢᠯᠡᠯᠲᠡ ᠶᠢ ᠬᠥᠲᠥᠯᠥᠨ ᠳᠠᠭᠠᠭᠤᠯᠬᠤ ᠪᠠ | ᠲᠣᠭᠠᠴᠢᠯᠠᠭᠰᠠᠨ ᠡᠨᠧᠷᠭᠢ ᠣᠯᠭᠤᠬᠤ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ ᠶᠢ ᠴᠢᠬᠤᠯᠠᠴᠢᠯᠠᠵᠤ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠠᠷᠭ᠎ᠠ | ᠬᠡᠯᠪᠡᠷᠢ ᠶᠢ ᠤᠯᠠᠨ ᠡᠰᠢᠵᠢᠭᠦᠯᠬᠦ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠬᠠᠮᠤᠭ ᠤᠨ ᠳᠥᠭᠦᠮᠴᠢᠯᠡᠬᠦ᠂ ᠠᠵᠢᠯ | ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠬᠠᠮᠤᠭ ᠤᠨ ᠳᠥᠭᠦᠮᠴᠢᠯᠡᠬᠦ᠂ ᠠᠵᠢᠯ ᠶᠠᠪᠤᠳᠠᠯ ᠭᠦᠢᠴᠡᠳᠬᠡᠬᠦ ᠥᠪᠡᠷ ᠤᠨ | ᠦᠷᠳᠡᠭ ᠢ ᠬᠠᠮᠤᠭ ᠤᠨ ᠪᠠᠭ᠎ᠠ ᠪᠣᠯᠭᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠦᠬᠦᠮ | ᠦᠵᠡᠭᠦᠯᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ | 2024 ᠣᠨ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠵᠤ᠂ ︽ᠥᠨᠳᠥᠷ | ᠪᠦᠳᠦᠮᠵᠢᠲᠠᠢ ᠪᠠᠷ ᠨᠢᠭᠡ ᠶᠠᠪᠤᠳᠠᠯ ᠢ ᠪᠦᠲᠦᠭᠡᠬᠦ︾ ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ | ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠨᠢᠭᠡᠳᠦᠭᠡᠷ | ᠪᠦᠯᠦᠭ ᠤᠨ ᠥᠨᠳᠥᠷ ᠳᠠᠪᠲᠠᠮᠵᠢ ᠲᠠᠢ᠂ ᠬᠡᠪᠴᠢᠶ᠎ᠡ ᠥᠷᠭᠡᠨ᠂ ᠠᠰᠠᠭᠤᠳᠠᠯ ᠣᠯᠠᠨ ︽ᠨᠢᠭᠡ ᠶᠠᠪᠤᠳᠠᠯ︾ ᠢ ᠥᠨᠳᠥᠷ | ᠪᠦᠲᠦᠮᠵᠢᠲᠡᠶ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ 2027 ᠣᠨ ᠪᠣᠯᠬᠤ ᠳᠤ᠂ ᠲᠦᠭᠡᠮᠡᠯ ᠬᠠᠷᠠᠭᠠᠯᠵᠠᠯᠲᠤ | ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ | ᠪᠦᠷᠢᠯᠳᠦᠭᠦᠯᠵᠦ᠂ ᠠᠵᠤ ᠠᠬᠤᠶᠢᠯᠠᠯ ᠪᠠ ᠬᠤᠪᠢ ᠬᠥᠮᠥᠨ ᠤ ᠪᠥᠬᠦ ᠠᠮᠢ ᠨᠠᠰᠤᠨ ᠤ ᠦᠶᠡᠯᠡᠯ ᠤᠨ ᠴᠢᠬᠤᠯᠠ ᠱᠠᠲᠤ | ᠦᠶ᠎ᠡ ᠶᠢᠨ ︽ᠥᠨᠳᠥᠷ ᠪᠦᠲᠦᠮᠵᠢᠲᠡᠶ ᠪᠠᠷ ᠡᠷᠭᠢᠯᠡᠭᠰᠡᠨ ᠨᠢᠭᠡ ᠶᠠᠪᠤᠳᠠᠯ ᠢ ᠪᠦᠲᠦᠭᠡᠬᠦ︾ ᠭᠤᠣᠯᠳᠠᠯᠭ᠎ᠠ ᠲᠠᠢ ᠵᠦᠢᠯᠡᠰ ᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ | ᠶᠠᠪᠤᠳᠠᠯ ᠭᠦᠢᠴᠡᠳᠬᠡᠬᠦ ᠳᠤ ᠬᠠᠨᠤᠮᠵᠢᠲᠠᠶ ᠪᠠᠶᠢᠬᠤ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠶᠡᠭᠡ ᠪᠠᠷ | ᠳᠡᠭᠡᠭᠰᠢᠯᠡᠭᠦᠯᠦᠨ᠎ᠡ᠃ | ᠬᠤᠶᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠵᠠᠮ ᠤᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠨ᠎ᠠ | ︵ᠨᠢᠭᠡ︶ ᠰᠦᠯᠵᠢᠶᠡᠨ ᠭᠠᠳᠠᠨ᠎ᠠ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠡ ᠡᠭᠦᠳᠡ ᠪᠠᠷ ᠣᠷᠣᠬᠤ︾ | ᠶᠢ ᠠᠬᠢᠭᠤᠯᠤᠨ᠎ᠠ᠃ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠷᠴᠢᠮᠯᠢᠭ ᠪᠥᠭᠡᠳ | ᠥᠨᠳᠥᠷ ᠪᠦᠲᠦᠮᠵᠢᠲᠡᠶ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ | ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠪᠠ ᠲᠤᠰᠬᠠᠢ ᠦᠢᠯᠡᠴᠢᠯᠡᠭᠡᠨ ᠤ ᠴᠣᠩᠬᠤᠪᠴᠢ ᠶᠢ ᠵᠦᠢ | ᠵᠣᠬᠢᠰᠲᠠᠢ ᠲᠣᠬᠢᠷᠠᠭᠤᠯᠵᠤ᠂ ᠣᠨᠴᠠᠭᠠᠶ ᠪᠠᠶᠢᠳᠠᠯ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠴᠥᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠭᠤᠯᠤᠨ | ᠲᠥᠪᠯᠡᠷᠡᠭᠦᠯᠦᠨ ᠭᠦᠢᠴᠡᠳᠬᠡᠵᠦ᠂ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ ᠪᠠ ᠨᠢᠭᠡ ᠯᠡ ᠥᠷᠲᠡᠭᠡᠨ ᠤ | ᠮᠠᠶ᠋ᠢᠭ ᠢᠶᠠᠷ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠰᠠᠭᠠᠷ | ᠪᠠᠶᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤ ᠶᠢ ᠲᠣᠰ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠲᠤ ᠡᠮᠬᠢᠯᠡᠨ ᠨᠡᠶᠢᠯᠡᠭᠦᠯᠵᠦ ᠣᠷᠣᠭᠤᠯᠬᠤ ᠬᠡᠷᠡᠭᠲᠡᠢ᠂ ᠦᠨᠡᠨ ᠬᠦ ᠡᠮᠬᠢᠯᠡᠨ | ᠨᠡᠶᠢᠯᠡᠭᠦᠯᠬᠦ ᠨᠥᠬᠦᠴᠡᠯ ᠢ ᠪᠦᠷᠢᠯᠳᠦᠭᠦᠯᠦᠭᠡᠳᠦᠢ ᠪᠣᠯ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠳᠤ ᠣᠷᠣᠭᠤᠯᠵᠤ᠂ | ᠨᠢᠭᠡᠳᠦᠯᠲᠡᠢ ᠱᠠᠭᠠᠷᠳᠠᠯᠭ᠎ᠠ ᠶᠣᠰᠣᠭᠠᠷ ᠵᠢᠷᠤᠮᠵᠢᠭᠰᠠᠨ ᠦᠢᠯᠡᠴᠢᠯᠡᠭᠡ ᠬᠠᠩᠭᠠᠬᠤ ᠬᠡᠷᠡᠭᠲᠡᠢ᠃ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠬᠥᠮᠥᠨ ᠠᠮᠠ ᠶᠢᠨ ᠲᠠᠷᠬᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠪᠠ | ᠲᠣᠰᠬᠤᠨ ︵ᠨᠡᠶᠢᠭᠡᠮ ᠲᠣᠭᠤᠷᠢᠭ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃︶ᠠᠷᠠᠳ ᠲᠤ ᠳᠥᠬᠦᠮ ᠦᠵᠡᠭᠦᠯᠬᠦ | ᠦᠢᠯᠡᠴᠢᠯᠡᠭᠡᠨ ᠤ ᠥᠷᠲᠡᠭᠡᠨ ᠤ ᠪᠠᠶᠢᠭᠤᠯᠤᠯᠲᠠ᠃ ᠨᠥᠬᠦᠴᠡᠯ ᠲᠠᠢ᠂ ᠬᠡᠷᠡᠭᠴᠡᠭᠡ ᠪᠦᠬᠦᠢ ᠪᠠᠩᠬᠢ ᠶᠢᠨ ᠲᠣᠣᠷ ᠴᠡᠭ᠂ | ᠰᠢᠤᠳᠠᠨ ᠤ ᠲᠣᠣᠷ ᠴᠡᠭ᠂ ᠬᠦᠷᠢᠶᠡᠯᠡᠩ ᠲᠣᠭᠤᠷᠢᠭ ᠵᠡᠷᠭᠡ ᠳᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠴᠡᠭ ᠲᠣᠬᠢᠷᠠᠭᠤᠯᠬᠤ ᠶᠢ ᠵᠣᠷᠢᠭᠵᠢᠭᠤᠯᠵᠤ᠂ ᠬᠤᠷᠠᠮᠠᠯ ᠬᠡᠯᠪᠡᠷᠢ ᠶᠢᠨ ᠥᠪᠡᠰᠦᠪᠡᠨ ᠦᠢᠯᠡᠴᠢᠯᠡᠬᠦ ᠦᠵᠦᠭᠦᠷ ᠢ | ᠠᠰᠢᠭᠯᠠᠨ ︽24 ᠴᠠᠭ ᠡᠭᠦᠳᠡ ᠪᠠᠨ ᠬᠠᠭᠠᠬᠤ ᠦᠭᠡᠢ︾ ᠦᠢᠯᠡᠴᠢᠯᠡᠭᠡ ᠬᠠᠩᠭᠠᠨ᠎ᠠ᠃ ᠲᠥᠷᠥ ᠶᠢᠨ ᠶᠠᠪᠤᠳᠠᠯ ᠤᠨ | ᠬᠤᠷᠢᠶᠠᠨ ᠤ ᠰᠠᠯᠠᠭ᠎ᠠ ᠮᠥᠴᠢᠷ ᠨᠢ ᠪᠣᠳᠠᠲᠤ ᠬᠡᠷᠡᠭᠴᠡᠭᠡ ᠪᠠᠨ ᠦᠨᠳᠦᠰᠦᠯᠡᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠪᠠᠶᠢᠭᠤᠯᠵᠤ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ ᠲᠥᠪᠯᠡᠷᠡᠭᠦᠯᠦᠨ | ᠬᠠᠩᠭᠠᠵᠤ ᠪᠣᠯᠣᠨ᠎ᠠ᠃ | ︵ᠬᠤᠶᠠᠷ︶ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠶᠢ ᠠᠬᠢᠭᠤᠯᠤᠨ᠎ᠠ᠃ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ | ᠶᠡᠷᠦᠩᠬᠡᠢ ᠬᠦᠢᠰᠦ ᠪᠣᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠪᠥᠬᠦ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ︾ | ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠩ ᠣᠯᠠᠨ ᠥᠨᠳᠥᠷ ᠳᠠᠪᠲᠠᠮᠵᠢᠲᠤ ᠵᠦᠢᠯᠡᠰ ᠢ ᠰᠦᠯᠵᠢᠶᠡᠨ ᠳᠡᠭᠡᠷ᠎ᠡ | ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠠᠬᠢᠭᠤᠯᠵᠤ᠂ | ᠰᠦᠯᠵᠢᠶᠡᠨ ᠳᠡᠭᠡᠷ᠎ᠡ ᠭᠦᠢᠴᠡᠳᠬᠡᠬᠦ ᠳᠤ ᠠᠮᠠᠷᠬᠠᠨ ᠭᠦᠢᠴᠡᠳᠬᠡᠬᠦ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ | ᠮᠤᠵᠢ ᠶᠢᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠰᠦᠯᠵᠢᠶᠡᠨ ᠳᠡᠭᠡᠷ᠎ᠡ ᠨᠢᠭᠡᠳᠦᠯᠲᠡᠢ | ᠭᠥᠯᠢᠶᠡᠨ ᠠᠪᠴᠤ ᠰᠢᠢᠳᠪᠦᠷᠢᠯᠡᠬᠦ ᠦᠵᠦᠭᠦᠷ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠶᠠᠪᠤᠳᠠᠯ | ᠭᠦᠢᠴᠡᠳᠬᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤ ᠳᠤ ᠪᠠᠨ ᠭᠥᠷᠳᠡᠬᠦ ᠶᠢ ᠠᠬᠢᠭᠤᠯᠤᠨ᠂ ᠠᠵᠢᠯ ᠶᠠᠪᠤᠳᠠᠯ | ᠭᠦᠢᠴᠡᠳᠬᠡᠬᠦ ᠭᠤᠶᠤᠴᠢᠯᠠᠯ ᠢ ︽ᠨᠢᠭᠡ ᠤᠳᠠᠭ᠎ᠠ ᠳᠤ ᠲᠤᠰᠢᠶᠠᠬᠤ︾᠂ ᠭᠦᠶ᠋ᠴᠡᠳᠬᠡᠭᠰᠡᠨ ᠦᠷ᠎ᠡ ᠳ᠋ᠦᠩ ᠤᠨ ︽ᠣᠯᠠᠨ | ᠲᠠᠯ᠎ᠠ ᠠᠴᠠ ᠭᠥᠷᠳᠡᠬᠦ︾ ᠶᠢ ᠪᠡᠶᠡᠯᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ ᠡᠯ᠎ᠡ ᠲᠥᠷᠥᠯ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠢ | ᠡᠮᠬᠢᠯᠡᠨ ᠨᠡᠶᠢᠯᠡᠭᠦᠯᠵᠦ ᠨᠡᠪᠲᠡᠷᠡᠭᠦᠯᠦᠨ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠠ | ᠬᠡᠷᠡᠭᠯᠡᠬᠦ ︽ᠬᠦᠯᠢᠶᠡᠨ ᠠᠪᠤᠪᠠᠯ ᠵᠣᠬᠢᠬᠤ ᠶᠢ ᠨᠢ ᠪᠦᠬᠦᠨ ᠢ ᠵᠠᠯᠭᠠᠵᠤ᠂ ᠭᠠᠷᠭᠠᠪᠠᠰᠤ ᠵᠣᠬᠢᠬᠤ ᠶᠢ ᠨᠢ ᠪᠦᠬᠦᠨ ᠢ | ᠳᠡᠭᠡᠭᠰᠢᠯᠡᠭᠦᠯᠬᠦ︾ ᠶᠢ ᠠᠬᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠤᠶᠤ | ᠤᠯᠤᠰ ᠤᠨ ᠨᠢᠭᠤᠴᠠ ᠳᠤ ᠬᠤᠯᠪᠣᠭᠳᠠᠭᠰᠠᠨ ᠵᠡᠷᠭᠡ ᠠᠴᠠ ᠭᠠᠳᠠᠨ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠪᠦᠬᠦᠨ ᠢ ᠠᠳᠠᠯᠢ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠠᠮᠢᠶᠠᠷᠤᠯᠲᠠ | ᠪᠠ ᠭᠦᠢᠴᠡᠳᠬᠡᠬᠦ ᠳᠤ ᠣᠷᠣᠭᠤᠯᠤᠨ᠎ᠠ᠃ | ︵ᠭᠤᠷᠪᠠ︶ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ᠨᠢᠭᠡᠳᠦᠭᠡᠷ ᠹᠷᠣᠨᠲ ᠲᠤ | ᠬᠠᠷᠢᠭᠤᠯᠬᠤ︾ ᠶᠢ ᠠᠬᠢᠭᠤᠯᠤᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠤᠲᠠᠰᠤ ᠶᠢ ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤ ᠶᠢ | ᠨᠡᠶᠢᠯᠡᠭᠦᠯᠵᠦ ᠨᠡᠶᠢᠯᠡᠭᠦᠯᠬᠦ ᠶᠢ ᠴᠢᠩᠭᠠᠳᠬᠠᠵᠤ᠂ ᠬᠡᠷᠡᠭᠴᠡᠭᠡ ᠪᠠᠨ ᠦᠨᠳᠦᠰᠦᠯᠡᠨ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠲᠤᠰᠬᠠᠢ ᠰᠠᠭᠤᠳᠠᠯ ᠲᠣᠬᠢᠷᠠᠭᠤᠯᠤᠨ᠂ 12345 ᠬᠠᠯᠠᠭᠤᠨ ᠤᠲᠠᠰᠤ ᠶᠢ ᠭᠥᠯᠢᠶᠡᠨ ᠠᠪᠴᠤ | ᠰᠢᠢᠳᠪᠦᠷᠢᠯᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠯᠠᠪᠯᠠᠭ᠎ᠠ᠂ ᠵᠠᠭᠠᠯᠳᠤᠯᠭ᠎ᠠ᠂ ᠲᠤᠰᠠᠯᠠᠮᠵᠢ ᠭᠤᠶᠤᠴᠢᠯᠠᠬᠤ᠂ ᠰᠠᠨᠠᠭᠤᠯᠭ᠎ᠠ ᠪᠠ ᠰᠦᠯᠵᠢᠶᠡᠨ ᠳᠡᠭᠡᠷ᠎ᠡ | ᠭᠦᠢᠴᠡᠳᠬᠡᠬᠦ ᠵᠢᠯᠣᠭᠤᠳᠤᠯᠭ᠎ᠠ ᠵᠡᠷᠭᠡ ᠬᠦᠰᠡᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠠᠷ ᠭᠥᠯᠢᠶᠡᠨ ᠠᠪᠴᠤ | ᠰᠢᠢᠳᠪᠦᠷᠢᠯᠡᠨ᠎ᠡ᠃ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠰᠢᠭᠤᠳ ᠠᠵᠤ ᠠᠬᠤᠶᠢᠯᠠᠯ ᠪᠠ ᠣᠯᠠᠨ ᠲᠦᠮᠡᠨ ᠳᠤ ᠬᠠᠨᠳᠤᠭᠤᠯᠤᠭᠰᠠᠨ ᠴᠣᠩᠬᠤᠪᠴᠢ ᠶᠢᠨ | ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠰᠠᠭᠤᠳᠠᠯ ᠰᠠᠨᠠᠭᠤᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ | ᠦᠢᠯᠡᠴᠢᠯᠡᠭᠡᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ 12345 ᠪᠣᠯᠣᠨ 110 ᠶᠢ ᠵᠣᠯᠭᠠᠭᠤᠯᠵᠤ | ᠬᠤᠯᠪᠣᠯᠳᠤᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠠᠭᠳᠠᠭᠠᠨ ᠤ ᠶᠠᠪᠤᠳᠠᠯ ᠤᠨ ᠪᠤᠰᠤ ᠶᠠᠪᠤᠳᠠᠯ ᠢ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠰᠠᠯᠭᠠᠵᠤ ᠲᠤᠰᠠᠯᠠᠮᠵᠢ ᠭᠤᠶᠤᠪᠠ᠃ 12345 ᠤᠲᠠᠰᠤ ᠬᠢᠭᠡᠳ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠠᠭᠠᠯᠳᠤᠯᠭ᠎ᠠ ᠰᠠᠨᠠᠭᠤᠯᠭ᠎ᠠ ᠶᠢᠨ ᠰᠢᠰᠲ᠋ᠧᠮ᠂ ︽ᠰᠠᠶᠢᠨ | ᠮᠠᠭᠤ ᠶᠢ ᠦᠨᠡᠯᠡᠬᠦ︾ ᠰᠢᠰᠲ᠋ᠧᠮ ᠵᠡᠷᠭᠡ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠳᠥᠭᠦᠮ | ᠳᠥᠲᠡ᠂ ᠥᠨᠳᠥᠷ ᠪᠦᠲᠦᠮᠵᠢᠲᠡᠶ᠂ ᠵᠢᠷᠤᠮᠵᠢᠭᠤᠨ᠂ ᠣᠶᠤᠨᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠢ | ᠵᠣᠴᠢᠳ ᠲᠤ ᠦᠢᠯᠡᠴᠢᠯᠡᠬᠦ︾ ᠶᠢ ᠪᠣᠶ ᠪᠣᠯᠭᠠᠨ᠎ᠠ᠃ | ᠭᠤᠷᠪᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠦᠨ᠎ᠡ | ︵ᠳᠥᠷᠪᠡ︶ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠤᠨ᠎ᠠ᠃ ᠠᠵᠤ | ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠡᠭᠦᠰᠴᠦ᠂ ᠣᠯᠠᠨ ᠰᠠᠯᠠᠭ᠎ᠠ ᠮᠥᠴᠢᠷ ᠤᠨ ᠭᠦᠢᠴᠡᠳᠬᠡᠬᠦ ᠪᠤᠶᠤ | ᠲᠠᠰ ᠱᠠᠲᠤ ᠠᠯᠤᠰᠯᠠᠨ ᠭᠦᠢᠴᠡᠳᠬᠡᠬᠦ ᠴᠢᠬᠤᠯᠠᠲᠠᠢ ᠪᠠᠶᠢᠵᠤ᠂ ᠬᠤᠯᠪᠣᠭᠳᠠᠬᠤ ᠴᠢᠨᠠᠷ ᠢᠶᠠᠷ ᠴᠢᠩᠭ᠎ᠠ᠂ ᠭᠦᠢᠴᠡᠳᠬᠡᠬᠦ | ᠬᠡᠮᠵᠢᠶ᠎ᠡ ᠨᠢ ᠶᠡᠭᠡ᠂ ᠭᠦᠢᠴᠡᠳᠬᠡᠬᠦ ᠴᠠᠭ ᠨᠢ ᠬᠠᠷᠢᠴᠠᠩᠭᠤᠢ ᠲᠥᠪᠯᠡᠷᠡᠭᠰᠡᠨ ᠣᠯᠠᠨ ᠵᠦᠢᠯᠡᠰ ᠢ ᠲᠥᠪᠯᠡᠷᠡᠭᠦᠯᠦᠨ | ᠰᠢᠢᠳᠪᠦᠷᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠬᠡᠬᠦ︾᠂ ︽ᠨᠢᠭᠡ ᠲᠥᠷᠥᠯ ᠢ ᠨᠢᠭᠡ ᠯᠡ ᠥᠷᠲᠡᠭᠡ ᠳᠤ ᠭᠦᠢᠴᠡᠳᠬᠡᠬᠦ︾ ᠦᠢᠯᠡᠴᠢᠯᠡᠭᠡ ᠬᠠᠩᠭᠠᠬᠤ ᠬᠡᠷᠡᠭᠲᠡᠢ᠃ | ︽ᠨᠢᠭᠡ ᠶᠠᠪᠤᠳᠠᠯ︾ ᠨᠢᠭᠡᠪᠦᠷᠢ ᠶᠢᠨ ᠲᠦᠷᠦᠭᠦᠯᠡᠬᠦ ᠰᠠᠯᠠᠭ᠎ᠠ ᠮᠥᠴᠢᠷ ᠪᠣᠯᠣᠨ ᠬᠠᠮᠵᠢᠯᠴᠠᠬᠤ ᠰᠠᠯᠠᠭ᠎ᠠ ᠮᠥᠴᠢᠷ ᠵᠢᠴᠢ | ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠠᠯᠠᠭ᠎ᠠ ᠮᠥᠴᠢᠷ ᠠᠯᠤᠰᠯᠠᠭᠰᠠᠨ ᠲᠥᠷᠥ ᠶᠢᠨ | ᠪᠣᠳᠣᠯᠭ᠎ᠠ᠂ ᠲᠤᠬᠠᠶᠢᠯᠠᠭᠰᠠᠨ ᠠᠵᠢᠯ᠂ ᠰᠢᠰᠲ᠋ᠧᠮ ᠤᠨ ᠬᠠᠮᠵᠢᠯᠴᠠᠭ᠎ᠠ ᠪᠠ ᠲᠤᠭ᠎ᠠ ᠪᠠᠷᠢᠮᠲᠠ ᠶᠢ ᠬᠠᠮᠲᠤᠪᠠᠷ | ᠭᠥᠷᠳᠡᠬᠦ ᠶᠢ ᠴᠢᠩᠭᠠᠷᠠᠭᠤᠯᠤᠨ᠎ᠠ᠃ ᠰᠠᠯᠠᠭ᠎ᠠ ᠮᠥᠴᠢᠷ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠴᠤᠪᠤᠷᠠᠯ ᠢ ᠳᠠᠬᠢᠨ | ᠪᠠᠶᠢᠭᠤᠯᠵᠤ᠂ ᠡᠮᠦᠨ᠎ᠡ ᠬᠤᠶᠢᠨᠠᠬᠢ ᠭᠤᠭᠴᠤᠭ᠎ᠠ ᠶᠢ ᠰᠢᠯᠢᠳᠡᠭᠵᠢᠭᠦᠯᠦᠨ᠂ ᠭᠤᠶᠤᠴᠢᠯᠠᠯ ᠤᠨ ᠬᠦᠰᠦᠨᠦᠭᠲᠦ ᠶᠢᠨ ᠣᠯᠠᠨ | ᠬᠦᠰᠦᠨᠦᠭᠲᠦ ᠶᠢ ᠨᠢᠭᠡᠳᠬᠡᠬᠦ᠂ ᠰᠦᠯᠵᠢᠶᠡᠨ ᠳᠡᠭᠡᠷ᠎ᠡ ᠨᠢᠭᠡ ᠰᠦᠯᠵᠢᠶ᠎ᠡ ᠪᠠᠷ ᠭᠤᠶᠤᠴᠢᠯᠠᠬᠤ᠂ ᠮᠠᠲ᠋ᠧᠷᠢᠶᠠᠯ ᠢ ᠨᠢᠭᠡ ᠯᠡ | ᠤᠳᠠᠭ᠎ᠠ ᠳᠤ ᠲᠤᠰᠢᠶᠠᠬᠤ ᠶᠢ ᠠᠬᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠬᠠᠮᠲᠤᠷᠠᠨ ᠬᠢᠨᠠᠨ ᠲᠣᠭᠲᠠᠭᠠᠬᠤ᠂ | ᠬᠠᠮᠲᠤᠷᠠᠨ ᠰᠢᠯᠭᠠᠨ ᠠᠪᠬᠤ ᠵᠡᠷᠭᠡ ᠶᠢ ᠥᠷᠨᠢᠭᠦᠯᠵᠦ᠂ ᠭᠦᠢᠴᠡᠳᠬᠡᠬᠦ ᠴᠠᠭ ᠤᠨ ᠣᠷᠳᠣ ᠪᠠ ᠠᠵᠢᠯ ᠶᠠᠪᠤᠳᠠᠯ | ᠭᠦᠢᠴᠡᠳᠬᠡᠬᠦ ᠥᠪᠡᠷ ᠤᠨ ᠥᠷᠲᠡᠭ ᠢ ᠶᠡᠭᠡ ᠪᠠᠷ ᠪᠠᠭᠠᠰᠬᠠᠨ᠎ᠠ᠃ | ︵ᠲᠠᠪᠤ︶ᠳᠤᠲᠠᠭᠳᠠᠵᠤ ᠪᠠᠶᠢᠭ᠎ᠠ ᠵᠦᠢᠯᠡᠰ ᠢ ᠠᠮᠠᠯᠠᠯᠲᠠ ᠪᠠᠷ ᠭᠦᠢᠴᠡᠳᠬᠡᠬᠦ ᠶᠢ ᠠᠬᠢᠭᠤᠯᠤᠨ᠎ᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠳ ᠲᠣᠳᠣᠷᠬᠠᠢ ᠮᠡᠳᠡᠭᠳᠡᠬᠦ᠂ ᠠᠵᠤ ᠠᠬᠤᠶᠢᠯᠠᠯ ᠪᠠ ᠣᠯᠠᠨ | ᠲᠦᠮᠡᠨ ᠤ ᠦᠨᠡᠨᠴᠢ ᠢᠲᠡᠭᠡᠮᠵᠢᠲᠡᠢ ᠪᠠᠷ ᠠᠮᠠᠯᠠᠯᠲᠠ ᠪᠠᠨ ᠰᠠᠬᠢᠬᠤ ᠪᠠᠷ ᠰᠠᠭᠤᠷᠢ ᠪᠣᠯᠭᠠᠵᠤ᠂ ᠲᠦᠭᠰᠢᠭᠦᠷᠢ ᠶᠢ | ᠡᠵᠡᠮᠳᠡᠵᠦ ᠪᠣᠯᠬᠤ᠂ ᠪᠤᠷᠤᠭᠤ ᠶᠢ ᠵᠠᠯᠠᠷᠠᠭᠤᠯᠬᠤ ᠥᠪᠡᠷ ᠤᠨ ᠥᠷᠲᠡᠭ ᠨᠢ ᠳᠣᠣᠷ᠎ᠠ ᠮᠥᠷᠲᠡᠭᠡᠨ ᠠᠵᠢᠯ ᠬᠡᠷᠡᠭ ᠤᠨ | ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠵᠦ ᠳᠡᠶᠢᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠠᠮᠠᠯᠠᠯᠲᠠ ᠪᠠᠨ | ᠮᠡᠳᠡᠭᠳᠡᠵᠦ ᠳᠤᠲᠠᠭᠤ ᠶᠢ ᠨᠢ ᠭᠦᠢᠴᠡᠳᠬᠡᠬᠦ︾ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠬᠦ | ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠬᠦ ᠬᠦᠴᠢᠷᠳᠡᠯ᠂ ᠲᠦᠭᠰᠢᠭᠦᠷᠢ ᠶᠢ | ᠡᠵᠡᠮᠳᠡᠵᠦ ᠪᠣᠯᠬᠤ ᠬᠡᠮᠵᠢᠶ᠎ᠡ᠂ ᠦᠢᠯᠡᠴᠢᠯᠡᠬᠦ ᠡᠲᠡᠭᠡᠳ ᠤᠨ ᠢᠲᠡᠭᠡᠮᠵᠢ ᠶᠢᠨ ᠪᠠᠶᠢᠳᠠᠯ ᠵᠡᠷᠭᠡ ᠶᠢ ᠦᠨᠳᠦᠰᠦᠯᠡᠨ᠂ | ᠭᠤᠶᠤᠴᠢᠯᠠᠬᠤ ᠮᠠᠲ᠋ᠧᠷᠢᠶᠠᠯ ᠢ ᠬᠤᠶᠢᠨ᠎ᠠ ᠨᠢ ᠨᠥᠬᠦᠪᠦᠷᠢᠯᠡᠬᠦ ᠪᠤᠶᠤ ᠲᠤᠰᠢᠶᠠᠬᠤ ᠠᠴᠠ ᠬᠡᠯᠲᠦᠷᠢᠭᠦᠯᠬᠦ᠂ ᠮᠥᠨ | ᠴᠢᠨᠠᠷ ᠤᠨ ᠬᠢᠨᠠᠨ ᠪᠠᠶᠢᠴᠠᠭᠠᠯᠲᠠ ᠬᠢᠭᠰᠡᠨ ᠤ ᠳᠠᠷᠠᠭᠠᠬᠢ ᠪᠤᠶᠤ ᠬᠡᠯᠲᠦᠷᠢᠭᠦᠯᠬᠦ ᠵᠡᠷᠭᠡ ᠠᠷᠭ᠎ᠠ ᠮᠠᠶ᠋ᠢᠭ ᠢ ᠠᠪᠴᠤ᠂ | ᠮᠡᠳᠡᠭᠳᠡᠬᠦ ᠠᠮᠠᠯᠠᠯᠲᠠ ᠶᠢᠨ ᠪᠢᠴᠢᠭ ᠲᠣᠭᠲᠠᠵᠤ᠂ ᠭᠦᠢᠴᠡᠳᠬᠡᠬᠦ ᠨᠥᠬᠦᠴᠡᠯ ᠢ ᠲᠣᠳᠣᠷᠬᠠᠶᠢᠯᠠᠨ᠂ ᠬᠠᠷᠢᠭᠤᠴᠠᠯᠭ᠎ᠠ | ᠡᠭᠦᠷᠭᠡ ᠶᠢ ᠪᠣᠯᠵᠣᠨ ᠲᠣᠭᠲᠠᠭᠠᠨ᠎ᠠ᠃ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ᠂ ᠬᠠᠤᠯᠢ ᠬᠡᠷᠡᠭᠵᠢᠭᠦᠯᠬᠦ ᠵᠡᠷᠭᠡ | ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠮᠠᠯᠠᠯᠲᠠ ᠶᠢᠨ ᠳᠠᠷᠠᠭᠠᠬᠢ ᠬᠠᠷᠭᠤᠭᠤᠯᠤᠨ ᠪᠠᠶᠢᠴᠠᠭᠠᠬᠤ | ᠪᠠ ᠲᠦᠭᠰᠢᠭᠦᠷᠢ ᠶᠢ ᠰᠡᠷᠭᠡᠶᠢᠯᠡᠬᠦ ᠵᠦᠷᠢᠶᠡᠴᠢᠯᠡᠭᠰᠡᠨ ᠲᠣᠭᠲᠠᠴᠠ ᠶᠢ ᠪᠠᠶᠢᠭᠤᠯᠬᠤ ᠶᠢᠨ ᠬᠠᠮᠲᠤ᠂ ᠠᠮᠠᠯᠠᠯᠲᠠ ᠪᠠ | ᠭᠡᠷ᠎ᠡ ᠶᠢ ᠭᠦᠢᠴᠡᠳᠬᠡᠭᠰᠡᠨ ᠮᠡᠳᠡᠭᠡ ᠵᠠᠩᠭᠢ ᠶᠢ ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤ ᠪᠠᠷ | ᠡᠳ᠋ᠯᠡᠬᠦ ᠲᠠᠪᠴᠠᠩ ᠳᠤ ᠬᠠᠮᠲᠤ ᠪᠠᠷ ᠡᠳ᠋ᠯᠡᠬᠦ ᠶᠢ ᠠᠯᠬᠤᠮ ᠠᠯᠬᠤᠮ ᠢᠶᠠᠷ ᠠᠬᠢᠭᠤᠯᠤᠨ᠎ᠠ᠃ | ︵ᠵᠢᠷᠭᠤᠭ᠎ᠠ︶ᠣᠨᠳᠣᠣ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ ᠶᠢ ᠠᠬᠢᠭᠤᠯᠤᠨ᠎ᠠ᠃ | ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠡᠵᠡᠩᠨᠡᠬᠦ ᠪᠠ ᠣᠯᠠᠨ ᠲᠦᠮᠡᠨ ᠤ ᠣᠨᠳᠣᠣ ᠭᠠᠵᠠᠷ ᠲᠤ ᠠᠵᠢᠯ | ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠩ ᠣᠯᠠᠨ ᠵᠦᠢᠯᠡᠰ ᠢ ᠮᠤᠵᠢ ᠶᠢᠨ ᠳᠣᠲᠣᠭᠠᠳᠤ ᠳᠤ ᠨᠡᠶᠢᠳᠡᠮ ᠰᠢᠢᠳᠪᠦᠷᠢᠯᠡᠬᠦ᠂ ᠮᠤᠵᠢ | ᠠᠯᠤᠰᠯᠠᠨ ᠨᠡᠶᠢᠳᠡᠮ ᠭᠦᠢᠴᠡᠳᠬᠡᠬᠦ ᠶᠢ ᠦᠷᠭᠦᠯᠵᠢᠯᠡᠨ ᠠᠬᠢᠭᠤᠯᠵᠤ᠂ ᠣᠶᠢᠷ᠎ᠠ ᠬᠠᠪᠢ ᠳᠤᠨᠢ ᠭᠦᠢᠴᠡᠳᠬᠡᠬᠦ᠂ ᠣᠨᠳᠣᠣ | ᠭᠠᠵᠠᠷ ᠲᠤ ᠭᠦᠢᠴᠡᠳᠬᠡᠬᠦ ᠶᠢ ᠪᠡᠶᠡᠯᠡᠭᠦᠯᠦᠨ᠎ᠡ᠃ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ | ᠠᠵᠢᠯ ᠤᠨ ᠲᠤᠯᠭᠠᠭᠤᠷᠢᠯᠠᠬᠤ ᠰᠢᠰᠲ᠋ᠧᠮ ᠳᠤ ᠲᠦᠰᠢᠭᠯᠡᠨ᠂ ᠳ᠋ᠠᠶᠢᠲ᠋ᠠ ᠶᠢ ᠣᠷᠣᠨ ᠪᠦᠰᠡ ᠠᠯᠤᠰᠯᠠᠨ ᠬᠠᠮᠲᠤᠪᠠᠷ | ᠬᠦᠷᠲᠡᠬᠦ᠂ ᠰᠢᠰᠲ᠋ᠧᠮ ᠢ ᠵᠠᠪᠰᠠᠷ ᠦᠭᠡᠢ ᠵᠣᠯᠭᠠᠭᠤᠯᠬᠤ ᠶᠢ ᠠᠬᠢᠭᠤᠯᠵᠤ᠂ ᠣᠨᠳᠣᠣ ᠭᠠᠵᠠᠷ ᠤᠨ ᠵᠦᠢᠯᠡᠰ ᠢ ᠨᠢᠭᠡ ᠯᠡ | ᠥᠷᠲᠡᠭᠡᠨ ᠤ ᠮᠠᠶ᠋ᠢᠭ ᠢᠶᠠᠷ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠦᠨ᠎ᠡ᠃ ᠰᠦᠯᠵᠢᠶᠡᠨ ᠭᠠᠳᠠᠨᠠᠬᠢ | ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠠᠭᠪᠤᠷ ᠢ ᠰᠢᠯᠢᠳᠡᠭᠵᠢᠭᠦᠯᠵᠦ᠂ ᠭᠥᠯᠢᠶᠡᠨ ᠠᠪᠬᠤ᠂ | ᠭᠦᠢᠴᠡᠳᠬᠡᠬᠦ ᠬᠤᠶᠠᠷ ᠭᠠᠵᠠᠷ ᠤᠨ ᠴᠣᠩᠬᠤᠪᠴᠢ ᠶᠢᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠠᠵᠢᠯ ᠤᠨ | ᠲᠣᠭᠲᠠᠴᠠ ᠶᠢ ᠪᠠᠶᠢᠭᠤᠯᠤᠨ᠂ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ ᠬᠠᠮᠢᠶ᠎ᠠ ᠪᠦᠬᠦᠢ ᠨᠢᠭᠡᠴᠡ ᠶᠢᠨ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠭᠠᠵᠠᠷ ᠨᠢ ᠬᠡᠷᠡᠭᠴᠡᠭᠡ ᠶᠣᠰᠣᠭᠠᠷ ᠠᠯᠤᠰ ᠠᠴᠠ ᠬᠡᠶᠢᠰᠪᠦᠷᠢ ᠦᠢᠯᠡᠴᠢᠯᠡᠭᠡ ᠨᠡᠭᠡᠭᠡᠬᠦ ᠶᠢ ᠲᠦᠯᠬᠢᠨ | ᠠᠬᠢᠭᠤᠯᠵᠤ᠂ ᠠᠯᠤᠰ ᠠᠴᠠ ᠪᠡᠶ᠎ᠡ ᠭᠠᠷᠤᠯ ᠬᠠᠷᠭᠤᠭᠤᠯᠤᠨ ᠰᠢᠯᠭᠠᠬᠤ᠂ ᠳᠠᠭᠤ ᠳᠦᠷᠰᠦ ᠰᠢᠩᠭᠡᠭᠡᠯᠲᠡ ᠰᠣᠯᠢᠯᠴᠠᠬᠤ | ᠂ ᠳᠡᠯᠭᠡᠴᠡ ᠶᠢᠨ ᠬᠠᠮᠲᠤᠪᠠᠷ ᠡᠳᠯᠡᠬᠦ ᠵᠡᠷᠭᠡ ᠮᠡᠷᠭᠡᠵᠢᠯ ᠢ ᠬᠡᠷᠡᠭᠯᠡᠨ᠂ ᠠᠵᠤ ᠠᠬᠤᠶᠢᠯᠠᠯ ᠪᠠ ᠣᠯᠠᠨ ᠲᠦᠮᠡᠨ ᠳᠤ | ᠠᠯᠤᠰ ᠠᠴᠠ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠪᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠴᠧᠩ ᠢᠦᠢ ᠵᠡᠷᠭᠡ ᠭᠠᠵᠠᠷ ᠣᠷᠣᠨ ᠤ ᠨᠡᠩ ᠣᠯᠠᠨ ᠵᠦᠢᠯᠡᠰ ᠢ ᠣᠷᠣᠨ | ᠪᠦᠰᠡ ᠠᠯᠤᠰᠯᠠᠨ ᠭᠦᠢᠴᠡᠳᠬᠡᠬᠦ ᠶᠢ ᠰᠦᠪᠡᠭᠴᠢᠯᠡᠨ᠎ᠡ᠃ | ︵ᠳᠤᠯᠤᠭ᠎ᠠ︶ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠨ ᠭᠦᠢᠴᠡᠳᠬᠡᠬᠦ ᠠᠴᠠ | ᠬᠡᠯᠲᠦᠷᠢᠭᠦᠯᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠣᠯᠭᠤᠨ ᠥᠭᠬᠦ᠂ ᠪᠡᠯᠡ ᠮᠥᠩᠭᠦ ᠶᠢᠨ ᠨᠥᠬᠦᠪᠦᠷᠢ ᠲᠡᠳᠬᠦᠮᠵᠢ | ᠦᠵᠡᠭᠦᠯᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠨᠥᠬᠦᠴᠡᠯ ᠪᠠ | ᠬᠡᠷᠡᠭᠯᠡᠬᠦ ᠳᠦᠷᠢᠮ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠳ᠋ᠠᠶᠢᠲ᠋ᠠ ᠶᠢ ᠴᠤᠭᠯᠠᠭᠤᠯᠤᠨ ᠬᠠᠮᠲᠤ ᠪᠠᠷ ᠭᠥᠷᠳᠡᠬᠦ᠂ | ᠵᠠᠭᠪᠤᠷ ᠢ ᠪᠤᠳᠤᠬᠤ ᠠᠷᠭ᠎ᠠ ᠪᠠ ᠲᠣᠮᠣ ᠳ᠋ᠠᠶᠢᠲ᠋ᠠ ᠶᠢ ᠵᠠᠳᠠᠯᠬᠤ ᠲᠤᠯᠭᠠᠭᠤᠷᠢᠯᠠᠯ ᠢ ᠴᠢᠩᠭᠠᠷᠠᠭᠤᠯᠤᠨ᠂ ᠲᠥᠷᠥ ᠶᠢᠨ | ᠪᠣᠳᠣᠯᠭ᠎ᠠ ᠶᠢᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠠ ᠣᠯᠠᠨ ᠲᠦᠮᠡᠨ ᠢ ᠲᠤᠶᠢᠯ ᠤᠨ ᠣᠨᠣᠪᠴᠢᠲᠠᠶ ᠪᠠᠷ | ᠵᠣᠬᠢᠴᠠᠭᠤᠯᠵᠤ᠂ ᠲᠥᠷᠥ ᠶᠢᠨ ᠪᠣᠳᠣᠯᠭ᠎ᠠ ᠶᠢᠨ ︽ᠭᠤᠶᠤᠴᠢᠯᠠᠬᠤ ᠦᠭᠡᠢ ᠪᠠᠷ ᠳᠠᠷᠤᠢ ᠭᠥᠷᠳᠡᠬᠦ︾ ᠶᠢ ᠠᠯᠬᠤᠮ | ᠠᠯᠬᠤᠮ ᠢᠶᠠᠷ ᠪᠡᠶᠡᠯᠡᠭᠦᠯᠬᠦ ᠶᠢ ᠠᠬᠢᠭᠤᠯᠤᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠳᠤ ᠭᠤᠶᠤᠴᠢᠯᠠᠬᠤ ᠪᠠᠷ | ᠲᠣᠳᠣᠷᠬᠠᠢ ᠱᠠᠭᠠᠷᠳᠠᠭᠰᠠᠨ ᠪᠠᠶᠢᠪᠠᠯ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠠ ᠣᠯᠠᠨ ᠲᠦᠮᠡᠨ ᠤ | ᠭᠤᠶᠤᠴᠢᠯᠠᠯ ᠤᠨ ᠬᠦᠰᠦᠨᠦᠭᠲᠦ ᠶᠢ ᠠᠶᠠᠨᠳᠠᠭᠠᠨ ᠪᠣᠶ ᠪᠣᠯᠭᠠᠬᠤ᠂ ᠭᠤᠶᠤᠴᠢᠯᠠᠯ ᠤᠨ ᠮᠠᠲ᠋ᠧᠷᠢᠶᠠᠯ ᠢ ᠰᠢᠯᠵᠢᠭᠦᠯᠦᠨ | ᠬᠡᠷᠡᠭᠯᠡᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠨᠠᠷᠢᠯᠢᠭ ᠣᠨᠣᠴᠠᠲᠠᠢ ᠪᠠᠷ ᠬᠦᠷᠭᠡᠨ ᠥᠭᠴᠦ᠂ ᠰᠠᠶᠢᠨ | ᠳᠤᠷ᠎ᠠ ᠠᠴᠠ ᠪᠠᠨ ᠭᠤᠶᠤᠴᠢᠯᠠᠬᠤ ᠳᠤ ᠲᠥᠬᠦᠮ ᠦᠵᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠠᠵᠤ ᠠᠬᠤᠶᠢᠯᠠᠯ ᠪᠠ ᠬᠤᠪᠢ ᠬᠥᠮᠥᠨ ᠤ ᠲᠤᠰᠬᠠᠢ ᠦᠢᠯᠡᠴᠢᠯᠡᠭᠡᠨ ᠤ ᠣᠷᠣᠨ ᠵᠠᠢ ᠶᠢ | ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠥᠮᠥᠷᠭᠡ ᠶᠢ ᠪᠠᠶᠠᠯᠢᠭᠵᠢᠭᠤᠯᠤᠨ᠂ ᠠᠵᠤ ᠠᠬᠤᠶᠢᠯᠠᠯ ᠳᠤ | ᠠᠰᠢᠭᠲᠠᠢ ᠠᠷᠠᠳ ᠲᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ ᠨᠠᠷᠢᠯᠢᠭ | ᠣᠨᠣᠴᠠᠲᠠᠢ ᠪᠠᠷ ᠰᠢᠭᠤᠳ ᠬᠦᠷᠭᠡᠬᠦ ᠶᠢ ᠪᠡᠶᠡᠯᠡᠭᠦᠯᠦᠨ᠎ᠡ᠃ | ᠳᠥᠷᠪᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠠᠴᠢᠯᠠᠭᠰᠠᠨ ᠡᠨᠧᠷᠭᠢ ᠣᠯᠭᠤᠬᠤ ᠶᠢ ᠪᠥᠬᠦ | ᠲᠠᠯ᠎ᠠ ᠪᠠᠷ ᠴᠢᠩᠭᠠᠳᠬᠠᠨ᠎ᠠ | ︵ᠨᠠᠢᠮᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠤᠯᠭᠠᠭᠤᠷᠢᠯᠠᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ | ᠪᠠ ᠰᠦᠯᠵᠢᠶᠡᠨ ᠠᠴᠠ ᠭᠠᠳᠠᠭᠤᠷᠬᠢ ᠶᠡᠷᠦᠩᠬᠡᠢ ᠵᠠᠩᠭᠢᠯᠠᠭ᠎ᠠ ᠶᠢ ᠪᠠᠶᠢᠭᠤᠯᠵᠤ᠂ ᠣᠯᠠᠨ ᠨᠡᠶᠢᠲᠡ ᠶᠢᠨ ᠬᠡᠷᠡᠭᠯᠡᠭᠡᠨ ᠤ | ᠲᠤᠯᠭᠠᠭᠤᠷᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠨᠢᠭᠡᠳᠦᠯᠲᠡᠢ ᠪᠠᠶᠢᠭᠠᠯᠢ ᠬᠥᠮᠥᠨ ᠪᠠ | ᠬᠠᠤᠯᠢ ᠶᠢᠨ ᠡᠷᠬᠡᠲᠡᠨ ᠤ ᠪᠡᠶ᠎ᠡ ᠶᠢᠨ ᠭᠠᠷᠤᠯ ᠢ ᠭᠡᠷᠡᠴᠢᠯᠡᠬᠦ᠂ ᠣᠷᠣᠨ ᠪᠦᠰᠡ ᠠᠯᠤᠰᠯᠠᠭᠰᠠᠨ ᠡᠯᠧᠺᠲᠷᠣᠨ ᠲᠠᠮᠠᠭ᠎ᠠ ᠶᠢ | ᠰᠢᠯᠭᠠᠨ ᠪᠠᠶᠢᠴᠠᠭᠠᠬᠤ᠂ ᠪᠢᠴᠢᠭ ᠮᠠᠲ᠋ᠧᠷᠢᠶᠠᠯ ᠢ ᠲᠣᠬᠢᠷᠠᠭᠤᠯᠬᠤ᠂ ᠬᠡᠷᠡᠭᠯᠡᠭᠴᠢ ᠶᠢᠨ ᠬᠠᠮᠢᠶᠠᠷᠤᠯᠲᠠ ᠵᠡᠷᠭᠡ | ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ | ᠮᠥᠴᠢᠷ ᠤᠳ ᠲᠣᠰ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ | ᠰᠢᠰᠲ᠋ᠧᠮ ᠢ ᠲᠦᠷᠭᠡᠳᠬᠡᠨ ᠡᠮᠬᠢᠯᠡᠨ ᠨᠡᠶᠢᠯᠡᠭᠦᠯᠬᠦ ᠶᠢᠨ ᠬᠠᠮᠲᠤ᠂ ᠪᠥᠬᠦ ᠤᠯᠤᠰ ᠤᠨ ᠨᠢᠭᠡ ᠴᠣᠭᠴᠠᠵᠢᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠲᠤᠭ᠎ᠠ ᠪᠠᠷᠢᠮᠲᠠ ᠶᠢᠨ ᠵᠠᠯᠭᠠᠰᠤ ᠵᠡᠷᠭᠡ ᠠᠷᠭ᠎ᠠ | ᠮᠠᠶ᠋ᠢᠭ ᠢᠶᠠᠷ ᠵᠣᠯᠭᠠᠭᠤᠯᠤᠨ ᠨᠡᠪᠲᠡᠷᠡᠯᠴᠡᠭᠦᠯᠵᠦ᠂ ᠰᠢᠰᠲ᠋ᠧᠮ ᠬᠡᠰᠡᠭ ᠤᠨ ᠰᠢᠰᠲ᠋ᠧᠮ ᠤᠨ ᠨᠠᠩ ᠰᠠᠶᠢᠨ ᠠᠭᠤᠰᠤᠯᠴᠠᠨ | ᠬᠠᠷᠢᠯᠴᠠᠨ ᠨᠡᠪᠲᠡᠷᠡᠯᠴᠡᠬᠦ ᠶᠢ ᠠᠬᠢᠭᠤᠯᠬᠤ ᠬᠡᠷᠡᠭᠲᠡᠢ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ︶ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ | ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠲᠣᠰ ᠭᠠᠵᠠᠷ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠦᠢᠯᠡᠰ ᠤᠨ ᠪᠠᠷᠢᠮᠵᠢᠶ᠎ᠠ ᠨᠢᠭᠡᠳᠦᠯᠲᠡᠢ᠂ ᠲᠤᠬᠠᠶᠢᠯᠠᠭᠰᠠᠨ ᠠᠵᠢᠯ ᠤᠨ | ᠬᠠᠮᠵᠢᠯᠴᠠᠨ ᠬᠤᠯᠪᠣᠯᠳᠤᠬᠤ᠂ ᠦᠢᠯᠡᠴᠢᠯᠡᠭᠡ ᠠᠳᠠᠯᠢ ᠴᠢᠨᠠᠷ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠵᠤ᠂ | ᠮᠤᠵᠢ ᠶᠢᠨ ᠱᠠᠲᠤᠨ ᠤ ᠲᠠᠪᠴᠠᠩ ᠤᠨ ᠣᠯᠠᠨ ᠨᠡᠶᠢᠲᠡ ᠶᠢᠨ ᠲᠤᠯᠭᠠᠭᠤᠷᠢᠯᠠᠬᠤ ᠴᠢᠳᠠᠪᠤᠷᠢ ᠪᠠ ᠬᠤᠲᠠ ᠶᠢᠨ | ᠱᠠᠲᠤᠨ ᠤ ᠲᠠᠪᠴᠠᠩ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠷᠴᠢᠮ ᠳᠡᠭᠡᠷ᠎ᠡ ᠪᠠᠨ | ᠲᠤᠰᠬᠠᠢ ᠣᠷᠣᠨ ᠬᠤᠲᠠ ᠶᠢᠨ ᠱᠠᠲᠤᠨ ᠠᠴᠠ ᠳᠣᠷᠣᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢ ᠳᠠᠬᠢᠵᠤ ᠲᠤᠰᠠᠭᠠᠷ ᠪᠠᠶᠢᠭᠤᠯᠬᠤ ᠦᠭᠡᠢ᠃ | ︵ᠶᠢᠰᠦ︶ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠣᠳᠠᠲᠤ ᠦᠷ᠎ᠡ | ᠪᠦᠲᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠥᠬᠦ ᠤᠯᠤᠰ ᠤᠨ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠤᠭ᠎ᠠ ᠪᠠᠷᠢᠮᠲᠠ ᠶᠢ ᠬᠠᠮᠲᠤᠪᠠᠷ | ᠭᠥᠷᠳᠡᠬᠦ ᠵᠠᠩᠭᠢᠯᠠᠭ᠎ᠠ ᠳᠤ ᠲᠦᠰᠢᠭᠯᠡᠨ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ | ᠬᠡᠷᠡᠭᠴᠡᠭᠡ ᠱᠠᠭᠠᠷᠳᠠᠯᠭ᠎ᠠ ᠶᠢ ᠬᠤᠷᠢᠶᠠᠩᠭᠤᠶᠢᠯᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠤᠨ | ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠰᠢᠭᠤᠳ ᠬᠠᠮᠢᠶᠠᠷᠬᠤ | ᠮᠡᠳᠡᠭᠡ ᠵᠠᠩᠭᠢ ᠶᠢᠨ ᠰᠢᠰᠲ᠋ᠧᠮ ᠢ ᠵᠣᠯᠭᠠᠭᠤᠯᠬᠤ ᠨᠠᠷᠢᠨ ᠬᠠᠭᠤᠳᠠᠰᠤ ᠳᠤ ᠪᠦᠯᠦᠭ ᠬᠤᠪᠢᠶᠠᠨ ᠣᠷᠣᠭᠤᠯᠵᠤ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠡᠷᠡᠭᠴᠡᠭᠡ ᠶᠣᠰᠣᠭᠠᠷ ᠣᠷᠣᠨ | ᠨᠤᠲᠤᠭ ᠲᠤ ᠪᠤᠴᠠᠭᠠᠬᠤ ᠪᠠ ᠰᠢᠭᠤᠳ ᠦᠨᠳᠦᠰᠦᠨ ᠱᠠᠲᠤᠨ ᠳᠤ ᠬᠦᠷᠭᠡᠬᠦ ᠶᠢ ᠠᠬᠢᠭᠤᠯᠤᠨ᠎ᠠ᠃ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ | ᠵᠠᠰᠠᠯᠲᠠ ᠶᠢ ᠡᠬᠢ ᠡᠭᠦᠰᠦᠯ ᠠᠴᠠ ᠨᠢ ᠴᠢᠩᠭᠠᠳᠬᠠᠵᠤ᠂ ᠠᠵᠤ ᠠᠬᠤᠶᠢᠯᠠᠯ ᠪᠠ ᠬᠤᠪᠢ ᠬᠥᠮᠥᠨ ᠤ ᠪᠥᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠲᠣᠭᠤᠷᠢᠨ ᠳᠤ ︽ᠨᠢᠭᠡ ᠠᠵᠤ ᠠᠬᠤᠶᠢᠯᠠᠯ ᠨᠢᠭᠡ ᠲᠠᠩᠰᠠ ᠡᠪᠬᠡᠮᠡᠯ᠂ ᠨᠢᠭᠡ | ᠬᠥᠮᠥᠨ ᠨᠢᠭᠡ ᠲᠠᠩᠰᠠ ᠡᠪᠬᠡᠮᠡᠯ︾ ᠤᠨ ᠲᠤᠭ᠎ᠠ ᠪᠠᠷᠢᠮᠲᠠ ᠶᠢᠨ ᠵᠢᠷᠤᠮᠵᠢᠯ ᠢ ᠨᠠᠶᠢᠷᠠᠭᠤᠯᠤᠨ ᠵᠣᠬᠢᠶᠠᠵᠤ᠂ ︽ᠨᠢᠭᠡ | ᠲᠤᠭ᠎ᠠ ᠨᠢᠭᠡ ᠡᠬᠢ ᠨᠢᠭᠡ ᠪᠠᠷᠢᠮᠵᠢᠶ᠎ᠠ︾ ᠶᠢ ᠪᠡᠶᠡᠯᠡᠭᠦᠯᠬᠦ ᠶᠢ ᠠᠬᠢᠭᠤᠯᠤᠨ᠎ᠠ᠃ ᠡᠯᠧᠺᠲᠷᠣᠨ ᠭᠡᠷᠡᠴᠢ ᠦᠨᠡᠮᠯᠡᠯ ᠤᠨ | ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠵᠦ ᠬᠡᠷᠡᠭᠯᠡᠬᠦ ᠶᠢ ᠭᠦᠨᠵᠡᠭᠡᠶᠢᠷᠡᠭᠦᠯᠵᠦ᠂ ᠡᠯᠧᠺᠲᠷᠣᠨ ᠭᠡᠷᠡᠴᠢ ᠦᠨᠡᠮᠯᠡᠯ ᠢ | ᠭᠠᠵᠠᠷ ᠣᠷᠣᠨ ᠠᠯᠤᠰᠯᠠᠨ ᠰᠠᠯᠠᠭ᠎ᠠ ᠮᠥᠴᠢᠷ ᠠᠯᠤᠰᠯᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠪᠠ | ᠬᠡᠷᠡᠭᠯᠡᠭᠡᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠠᠬᠢᠭᠤᠯᠤᠨ᠂ ᠵᠠᠷᠴᠢᠮ ᠳᠡᠭᠡᠷ᠎ᠡ ᠪᠠᠨ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠬᠠᠷᠭᠤᠭᠤᠯᠤᠨ ᠣᠯᠭᠤᠭᠰᠠᠨ ᠮᠠᠲ᠋ᠧᠷᠢᠶᠠᠯ ᠢ ᠲᠤᠰᠢᠶᠠᠬᠤ ᠦᠭᠡᠢ᠂ ᠲᠤᠭ᠎ᠠ ᠪᠠᠷᠢᠮᠲᠠ ᠶᠢ | ᠬᠠᠮᠲᠤ ᠪᠠᠷ ᠭᠥᠷᠳᠡᠵᠦ ᠬᠠᠷᠭᠤᠭᠤᠯᠤᠨ ᠪᠠᠶᠢᠴᠠᠭᠠᠵᠤ ᠳᠡᠶᠢᠯᠬᠦ ᠵᠦᠢᠯᠡᠰ ᠲᠤ ᠭᠡᠷᠡᠴᠢᠯᠡᠬᠦ ᠮᠠᠲ᠋ᠧᠷᠢᠶᠠᠯ | ᠲᠤᠰᠢᠶᠠᠬᠤ ᠠᠴᠠ ᠬᠡᠯᠲᠦᠷᠢᠭᠦᠯᠬᠦ᠂ ᠡᠯᠧᠺᠲᠷᠣᠨ ᠭᠡᠷᠡᠴᠢ ᠦᠨᠡᠮᠯᠡᠯ ᠬᠠᠩᠭᠠᠵᠤ ᠳᠡᠶᠢᠯᠬᠦ ᠪᠣᠳᠠᠲᠤ ᠴᠣᠭᠴᠠ ᠶᠢᠨ | ᠭᠡᠷᠡᠴᠢ ᠦᠨᠡᠮᠯᠡᠯ ᠠᠴᠠ ᠬᠡᠯᠲᠦᠷᠢᠭᠦᠯᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠤᠯᠢ | ᠲᠣᠭᠲᠠᠭᠠᠯ ᠶᠣᠰᠣᠭᠠᠷ ᠬᠠᠮᠲᠤ ᠪᠠᠷ ᠡᠳ᠋ᠯᠡᠵᠦ ᠬᠡᠷᠡᠭᠯᠡᠨ᠂ ᠪᠥᠬᠦ ᠶᠠᠪᠤᠴᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠵᠤ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠮᠡᠳᠡᠭᠡ ᠵᠠᠩᠭᠢ ᠲᠠᠢ ᠬᠤᠯᠪᠣᠭᠳᠠᠬᠤ ᠳ᠋ᠠᠶᠢᠲ᠋ᠠ ᠶᠢ | ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ | ︵ᠠᠷᠪᠠ︶ᠰᠢᠨ᠎ᠡ ᠮᠡᠷᠭᠡᠵᠢᠯ ᠤᠨ ᠪᠦᠬᠦ ᠶᠠᠪᠤᠴᠠ ᠶᠢᠨ ᠬᠡᠷᠡᠭᠯᠡᠯᠲᠡ ᠶᠢ ᠦᠷᠭᠦᠯᠵᠢᠯᠡᠨ ᠴᠢᠩᠭᠠᠳᠬᠠᠨ᠎ᠠ᠃ | ᠪᠣᠯᠪᠠᠰᠤᠷᠠᠩᠭᠤᠢ ᠲᠣᠭᠲᠠᠭᠤᠨ᠂ ᠵᠣᠬᠢᠰᠲᠠᠢ ᠤᠷᠢᠳᠴᠢᠯᠠᠭᠤᠯᠬᠤ ᠵᠠᠷᠴᠢᠮ ᠶᠣᠰᠣᠭᠠᠷ᠂ ᠲᠣᠮᠣ ᠳ᠋ᠠᠶᠢᠲ᠋ᠠ᠂ | ᠬᠡᠰᠡᠭᠵᠢᠭᠰᠡᠨ ᠬᠡᠯᠬᠢᠶ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠰᠢᠨ᠎ᠡ ᠪᠠᠷ | ᠡᠭᠦᠳᠦᠨ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠬᠥᠮᠥᠨ ᠤ ᠬᠦᠴᠦᠨ ᠤ ᠦᠢᠯᠡᠴᠢᠯᠡᠭᠡᠨ ᠤ | ᠬᠡᠯᠪᠡᠷᠢ ᠠᠴᠠ ᠬᠥᠮᠥᠨ ᠮᠠᠰᠢᠨ ᠤ ᠬᠠᠷᠢᠯᠴᠠᠬᠤ ᠬᠡᠯᠪᠡᠷᠢ ᠲᠡᠰᠢ ᠬᠤᠪᠢᠷᠠᠭᠤᠯᠬᠤ ᠶᠢ ᠠᠬᠢᠭᠤᠯᠵᠤ᠂ ᠲᠤᠷᠰᠢᠯᠭ᠎ᠠ | ᠮᠠᠭᠠᠳᠯᠠᠬᠤ ᠬᠡᠯᠪᠡᠷᠢ ᠠᠴᠠ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠬᠡᠯᠪᠡᠷᠢ ᠲᠡᠰᠢ ᠬᠤᠪᠢᠷᠠᠭᠤᠯᠬᠤ ᠬᠡᠷᠡᠭᠲᠡᠢ᠃ | ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠪᠣᠳᠠᠲᠠᠢ ᠲᠠᠯᠠᠪᠤᠷ ᠲᠠᠬᠢ ᠰᠢᠨ᠎ᠡ ᠮᠡᠷᠭᠡᠵᠢᠯ ᠤᠨ ᠬᠡᠷᠡᠭᠯᠡᠯᠲᠡ ᠶᠢ | ᠠᠬᠢᠭᠤᠯᠵᠤ᠂ ᠭᠤᠶᠤᠴᠢᠯᠠᠬᠤ ᠨᠥᠬᠦᠴᠡᠯ᠂ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ᠂ ᠭᠥᠯᠢᠶᠡᠨ ᠠᠪᠴᠤ | ᠰᠢᠢᠳᠪᠦᠷᠢᠯᠡᠬᠦ ᠵᠠᠭᠪᠤᠷ᠂ ᠬᠢᠨᠠᠨ ᠬᠠᠷᠭᠤᠭᠤᠯᠬᠤ ᠲᠠᠰ ᠳᠠᠷᠠᠭᠠᠯᠠᠯ᠂ ᠦᠨᠡᠮᠯᠡᠯ ᠣᠯᠭᠤᠬᠤ ᠠᠷᠭ᠎ᠠ ᠮᠠᠶ᠋ᠢᠭ᠂ | ᠬᠠᠮᠢᠶᠠᠷᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠣᠶᠤᠨᠴᠢ ᠤᠷᠢᠳᠴᠢᠯᠠᠨ ᠲᠠᠭᠯᠠᠬᠤ᠂ ᠣᠶᠤᠨᠴᠢ | ᠤᠷᠢᠳᠴᠢᠯᠠᠨ ᠬᠢᠨᠠᠬᠤ ᠵᠡᠷᠭᠡ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠎ᠡ᠃ ᠨᠠᠲ᠋ᠦ᠋ᠷᠠᠯ ᠬᠡᠯᠡᠨ ᠤ ᠶᠡᠭᠡ | ᠵᠠᠭᠪᠤᠷ ᠵᠡᠷᠭᠡ ᠮᠡᠷᠭᠡᠵᠢᠯ ᠢ ᠰᠦᠪᠡᠭᠴᠢᠯᠡᠨ ᠬᠡᠷᠡᠭᠯᠡᠵᠦ᠂ ᠰᠦᠯᠵᠢᠶᠡᠨ ᠳᠡᠭᠡᠷᠡᠬᠢ ᠣᠶᠤᠨᠴᠢ ᠦᠢᠯᠡᠴᠢᠯᠡᠭᠡᠨ ᠤ | ᠵᠣᠷᠢᠯᠲᠠ ᠶᠢ ᠢᠯᠭᠠᠨ ᠲᠠᠨᠢᠬᠤ ᠪᠠ ᠨᠠᠷᠢᠯᠢᠭ ᠣᠨᠣᠴᠠᠲᠠᠢ ᠪᠠᠷ ᠬᠠᠷᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ | ᠣᠶᠤᠨᠴᠢ ᠠᠰᠠᠭᠤᠯᠲᠠ ᠬᠠᠷᠢᠭᠤᠯᠲᠠ᠂ ᠣᠶᠤᠨᠴᠢ ᠬᠠᠶᠢᠯᠲᠠ᠂ ᠣᠶᠤᠨᠴᠢ ᠵᠢᠯᠣᠭᠤᠳᠤᠯᠭ᠎ᠠ ᠠᠯᠪᠠᠨ ᠭᠡᠷ ᠵᠡᠷᠭᠡ | ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠢ ᠨᠠᠩ ᠰᠠᠶᠢᠨ ᠬᠥᠲᠥᠯᠥᠨ | ᠵᠢᠯᠤᠭᠤᠳᠴᠤ ᠪᠠᠶᠢᠭᠠᠳ ᠥᠨᠳᠥᠷ ᠪᠦᠲᠦᠮᠵᠢᠲᠡᠶ ᠪᠠᠷ ᠤᠴᠢᠷ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠦᠨ᠎ᠡ᠃ | ᠲᠠᠪᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ | ᠪᠥᠬᠦ ᠲᠠᠯ᠎ᠠ ᠪᠠᠷ ᠠᠬᠢᠭᠤᠯᠤᠨ᠎ᠠ | ︵ᠠᠷᠪᠠᠨ ᠨᠢᠭᠡ︶ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠴᠢᠳᠠᠪᠤᠷᠢ ᠶᠢ ᠴᠢᠩᠭᠠᠷᠠᠭᠤᠯᠤᠨ᠎ᠠ᠃ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠰᠢᠰᠲ᠋ᠧᠮ ᠢ ᠪᠦᠷᠢᠨᠰᠢᠭᠦᠯᠵᠦ᠂ ᠠᠵᠢᠯᠲᠠᠨ ᠤ ᠲᠣᠬᠢᠷᠠᠭᠤᠯᠤᠯᠲᠠ᠂ ᠠᠵᠢᠯ ᠤᠨ ᠡᠭᠦᠷᠭᠡ ᠬᠠᠷᠢᠭᠤᠴᠠᠯᠭ᠎ᠠ᠂ | ᠬᠠᠷᠢᠭᠤᠴᠠᠯᠭ᠎ᠠ ᠶᠢᠨ ᠵᠠᠭᠠᠭ ᠱᠤᠭᠤᠮ᠂ ᠦᠢᠯᠡᠴᠢᠯᠡᠭᠡᠨ ᠤ ᠠᠭᠤᠯᠭ᠎ᠠ ᠶᠢ ᠲᠣᠳᠣᠷᠬᠠᠶᠢᠯᠠᠵᠤ᠂ ᠬᠠᠪᠰᠤᠷᠤᠨ | ᠭᠦᠢᠴᠡᠳᠬᠡᠬᠦ ᠪᠠ ᠣᠷᠣᠯᠠᠨ ᠭᠦᠢᠴᠡᠳᠬᠡᠬᠦ ᠶᠢᠨ ᠬᠠᠷᠢᠭᠤ ᠲᠤᠰᠬᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ ᠪᠠ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷᠡᠬᠢ ᠥᠨᠳᠥᠷ ᠳᠠᠪᠲᠠᠮᠵᠢᠲᠤ ᠦᠢᠯᠡᠴᠢᠯᠡᠭᠡᠨ ᠤ | ᠵᠦᠢᠯᠡᠰ ᠤᠨ ᠲᠤᠰᠬᠠᠢ ᠮᠡᠷᠭᠡᠵᠢᠯ ᠤᠨ ᠬᠥᠮᠥᠨ ᠤ ᠬᠦᠴᠦ ᠪᠠᠷ ᠬᠠᠪᠰᠤᠷᠤᠨ ᠭᠦᠢᠴᠡᠳᠬᠡᠵᠦ ᠣᠷᠣᠯᠠᠨ | ᠭᠦᠢᠴᠡᠳᠬᠡᠬᠦ ᠶᠢ ᠬᠠᠩᠭᠠᠵᠤ᠂ ᠠᠪᠢᠶᠠᠨ ᠠᠴᠠ ᠭᠠᠷᠭᠠᠬᠤ᠂ ᠤᠷᠢᠳᠴᠢᠯᠠᠨ ᠪᠣᠯᠵᠣᠬᠤ᠂ ᠭᠦᠢᠴᠡᠳᠬᠡᠬᠦ ᠪᠠ ᠠᠰᠠᠭᠤᠯᠲᠠ | ᠬᠠᠷᠢᠭᠤᠯᠲᠠ ᠶᠢᠨ ᠬᠡᠯᠪᠡᠷᠢ ᠪᠠᠷ ᠬᠥᠲᠥᠯᠥᠨ ᠵᠢᠯᠤᠭᠤᠳᠬᠤ ᠵᠡᠷᠭᠡ ᠣᠶᠤᠨᠴᠢ ᠬᠠᠪᠰᠤᠷᠤᠨ ᠭᠦᠢᠴᠡᠳᠬᠡᠬᠦ | ᠦᠢᠯᠡᠴᠢᠯᠡᠭᠡ ᠶᠢ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠠᠵᠢᠯᠯᠠᠭ᠎ᠠ᠂ ᠮᠠᠲ᠋ᠧᠷᠢᠶᠠᠯ ᠢ ᠳᠡᠭᠡᠭᠰᠢ ᠳᠠᠮᠵᠢᠭᠤᠯᠬᠤ᠂ | ᠲᠤᠬᠠᠶᠢᠯᠠᠭᠰᠠᠨ ᠠᠵᠢᠯ ᠢ ᠭᠦᠢᠴᠡᠳᠬᠡᠬᠦ ᠵᠡᠷᠭᠡ ᠲᠠᠯ᠎ᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠰᠦᠯᠵᠢᠶᠡᠨ ᠭᠠᠳᠠᠨᠠᠬᠢ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ | ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠥᠮᠥᠰ ᠲᠤ ᠪᠠᠷ᠎ᠠ ᠪᠣᠯᠵᠤ ᠭᠦᠢᠴᠡᠳᠬᠡᠬᠦ᠂ ᠣᠷᠣᠯᠠᠨ ᠭᠦᠢᠴᠡᠳᠬᠡᠬᠦ᠂ | ᠤᠷᠢᠳᠠᠪᠠᠷ ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠨ᠎ᠠ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠵᠤ | ᠦᠢᠯᠡᠰ ᠤᠨ ᠬᠦᠷᠢᠶᠡᠯᠡᠩ ᠲᠣᠭᠤᠷᠢᠭ ᠲᠤ ᠲᠥᠷᠥᠯ ᠵᠦᠢᠯ ᠤᠨ ᠪᠥᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ | ᠣᠷᠣᠯᠠᠨ ᠭᠦᠢᠴᠡᠳᠬᠡᠬᠦ ᠶᠢ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰᠬᠠᠢ ᠠᠩᠭᠢ ᠶᠢᠨ | ᠦᠢᠯᠡᠴᠢᠯᠡᠭᠡ᠂ ᠲᠤᠰᠬᠠᠢ ᠲᠤᠰᠢᠶᠠᠯᠲᠠᠨ ᠢ ᠮᠥᠷᠳᠡᠨ ᠳᠠᠭᠠᠬᠤ ᠵᠡᠷᠭᠡ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠢ | ᠠᠬᠢᠭᠤᠯᠬᠤ ᠳᠤᠮᠳᠠᠬᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ | ︵ᠠᠷᠪᠠᠨ ᠬᠤᠶᠠᠷ︶ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠬᠠᠯᠭ᠎ᠠ ᠶᠢ ᠪᠠᠶᠠᠯᠢᠭᠵᠢᠭᠤᠯᠤᠨ᠎ᠠ᠃ ᠣᠯᠠᠨ | ᠨᠡᠶᠢᠲᠡ ᠶᠢᠨ ᠰᠤᠷᠭᠠᠨ ᠬᠥᠮᠦᠵᠢᠯ᠂ ᠬᠥᠳᠡᠯᠮᠦᠷᠢ ᠠᠵᠢᠯ ᠣᠯᠭᠤᠯᠲᠠ᠂ ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤᠨ | ᠦᠢᠯᠡᠴᠢᠯᠡᠭᠡ᠂ ᠬᠡᠦᠬᠡᠳ ᠰᠠᠭᠠᠲᠠᠭᠤᠯᠬᠤ ᠦᠢᠯᠡᠴᠢᠯᠡᠭᠡ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠬᠦᠷᠢᠶᠡᠨ ᠳᠠᠬᠢ | ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠠᠵᠤ | ᠠᠬᠤᠶᠢᠯᠠᠯ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠤᠰᠤ ᠴᠠᠬᠢᠯᠭᠠᠨ | ᠬᠡᠢ ᠢᠯᠴᠢ᠂ ᠰᠦᠯᠵᠢᠶᠡᠨ ᠤ ᠴᠢᠮᠡᠭᠡ ᠬᠤᠯᠪᠣᠭ᠎ᠠ ᠵᠡᠷᠭᠡ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠦᠷᠢᠶᠡᠨ ᠳᠠᠬᠢ | ᠥᠨᠳᠥᠷ ᠳᠠᠪᠲᠠᠮᠵᠢᠲᠤ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠲᠤ ᠣᠷᠣᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠣᠷᠣᠭᠤᠯᠬᠤ ᠶᠢ ᠠᠬᠢᠭᠤᠯᠤᠨ᠎ᠠ᠃ | ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠦᠷᠢᠶ᠎ᠡ ᠴᠠᠷᠠᠭ᠎ᠠ ᠶᠢᠨ ᠬᠤᠯᠪᠣᠭᠳᠠᠯ ᠪᠦᠬᠦᠢ ᠨᠢᠭᠡᠴᠢ ᠶᠢᠨ ᠠᠵᠤ | ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠬᠦ᠂ ᠠᠵᠢᠯ | ᠶᠠᠪᠤᠳᠠᠯ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠬᠦ ᠶᠢ ᠠᠬᠢᠭᠤᠯᠵᠤ᠂ ᠤᠰᠤ ᠴᠠᠬᠢᠯᠭᠠᠨ ᠬᠡᠢ ᠬᠠᠯᠠᠭᠠᠯᠲᠠ ᠶᠢᠨ | ᠡᠷᠦᠬᠡ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠤᠰᠤ ᠴᠠᠬᠢᠯᠭᠠᠨ ᠬᠡᠢ ᠰᠦᠯᠵᠢᠶ᠎ᠡ ᠪᠠᠷ ᠮᠡᠳᠡᠭᠦᠯᠦᠨ | ᠤᠭᠰᠠᠷᠠᠬᠤ ᠪᠠ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠶᠢ ᠬᠢᠨᠠᠨ ᠵᠥᠪᠰᠢᠶᠡᠷᠡᠬᠦ ᠵᠡᠷᠭᠡ ᠬᠤᠯᠪᠣᠭᠳᠠᠬᠤ | ᠵᠦᠢᠯᠡᠰ ᠢ ᠬᠦᠷᠢᠶ᠎ᠡ ᠠᠯᠤᠰᠯᠠᠨ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠤᠨ᠎ᠠ᠃ | ︵ᠠᠷᠪᠠᠨ ᠭᠤᠷᠪᠠ︶ᠥᠷᠲᠡᠭ ᠨᠡᠮᠡᠭᠳᠡᠭᠦᠯᠬᠦ ᠦᠶ᠋ᠯᠡᠴᠢᠯᠡᠭᠡᠨ ᠤ ᠠᠭᠤᠯᠭ᠋ᠠ ᠶᠢ ᠥᠷᠭᠡᠳᠬᠡᠬᠦ᠃ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠭ᠎ᠠ ᠵᠠᠮ ᠳᠤ | ᠲᠦᠰᠢᠭᠯᠡᠨ᠂ ᠵᠠᠬᠢᠶᠠᠯᠠᠨ ᠦᠢᠯᠡᠳᠬᠦ᠂ ᠢᠵᠢ ᠪᠦᠷᠢᠳᠦᠭᠦᠯᠦᠭᠰᠡᠨ᠂ ᠬᠡᠰᠡᠭᠴᠢᠯᠡᠭᠰᠡᠨ ᠠᠵᠤ ᠠᠬᠤᠶᠢᠯᠠᠯ ᠳᠤ | ᠬᠤᠯᠪᠣᠭᠳᠠᠬᠤ ᠦᠢᠯᠡᠴᠢᠯᠡᠭᠡᠨ ᠤ ︽ᠨᠢᠭᠡ ᠲᠦᠷᠦᠯ ᠤᠨ ᠶᠠᠪᠤᠳᠠᠯ︾ ᠤᠨ ᠲᠠᠯᠠᠪᠤᠷ ᠢ ᠪᠣᠶ ᠪᠣᠯᠭᠠᠵᠤ᠂ ᠠᠵᠤ | ᠠᠬᠤᠶᠢᠯᠠᠯ ᠳᠤ ᠣᠨᠣᠪᠴᠢᠲᠠᠶ᠂ ᠥᠪᠡᠷᠮᠢᠴᠡᠵᠢᠭᠰᠡᠨ ᠴᠢᠨᠠᠷ ᠰᠠᠶᠢᠲᠠᠢ ᠡᠭᠦᠰᠦᠮᠡᠯ ᠦᠢᠯᠡᠴᠢᠯᠡᠭᠡ ᠬᠠᠩᠭᠠᠨ᠎ᠠ᠃ ᠠᠵᠢᠯ | ᠲᠥᠷᠥᠯ ᠤᠨ ᠨᠡᠶᠢᠭᠡᠮᠯᠢᠭ᠂ ᠵᠠᠬ᠎ᠠ ᠳᠡᠯᠭᠡᠭᠦᠷᠴᠢᠯᠡᠭᠰᠡᠨ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ | ᠵᠡᠷᠭᠡ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ | ᠬᠠᠶᠢᠨ ᠰᠦᠪᠡᠭᠴᠢᠯᠡᠵᠦ᠂ ᠲᠥᠷᠥ ᠶᠢᠨ ᠪᠣᠳᠣᠯᠭ᠎ᠠ ᠲᠠᠨᠢᠯᠴᠠᠭᠤᠯᠬᠤ᠂ ᠠᠰᠠᠭᠤᠨ ᠯᠠᠪᠯᠠᠬᠤ᠂ ᠲᠠᠶᠢᠯᠤᠮᠵᠢ ᠬᠢᠬᠦ᠂ | ᠭᠤᠶᠤᠴᠢᠯᠠᠨ ᠮᠡᠳᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠬᠠᠩᠭᠠᠬᠤ᠂ ᠠᠯᠪᠠᠨ ᠭᠡᠷᠡᠴᠢᠯᠡᠭᠡ᠂ | ᠲᠣᠭᠲᠠᠭᠠᠯ ᠳᠤ ᠨᠡᠶᠢᠴᠡᠭᠦᠯᠦᠨ ᠵᠢᠯᠤᠭᠤᠳᠬᠤ᠂ ᠠᠵᠤ ᠠᠬᠤᠶᠢᠯᠠᠯ ᠳᠤ ᠬᠤᠯᠪᠣᠭᠳᠠᠬᠤ ᠵᠢᠭᠤᠷᠠᠯᠳᠤᠭᠠᠨ ᠢ ᠡᠶᠡᠳᠡᠭᠦᠯᠬᠦ | ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠢᠬᠦ᠂ ᠠᠵᠤ | ᠦᠢᠯᠡᠰ ᠤᠨ ᠰᠠᠭᠤᠷᠢ ᠮᠥᠩᠭᠦ ᠶᠢ ᠵᠣᠯᠭᠠᠭᠤᠯᠬᠤ᠂ ᠵᠠᠬ᠎ᠠ ᠳᠡᠯᠭᠡᠭᠦᠷ ᠲᠤ ᠭᠠᠷᠭᠠᠨ ᠪᠣᠶᠢᠵᠢᠭᠤᠯᠬᠤ ᠵᠡᠷᠭᠡ ᠮᠥᠩᠭᠦᠨ | ᠭᠦᠢᠯᠭᠡᠭᠡᠨ ᠤ ᠦᠢᠯᠡᠴᠢᠯᠡᠭᠡ᠂ ᠴᠢᠳᠠᠪᠤᠷᠢᠲᠠᠨ ᠢ ᠮᠠᠭᠠᠳᠯᠠᠨ ᠲᠣᠭᠲᠠᠭᠠᠬᠤ᠂ ᠣᠷᠣᠨ ᠰᠠᠭᠤᠴᠠ ᠠᠮᠤᠭᠤᠯᠠᠩ | ᠰᠠᠭᠤᠴᠠ᠂ ᠪᠡᠯᠡ ᠮᠥᠩᠭᠦ ᠶᠢᠨ ᠨᠥᠬᠦᠪᠦᠷᠢ ᠵᠡᠷᠭᠡ ᠴᠢᠳᠠᠪᠤᠷᠢᠲᠠᠨ ᠤ ᠦᠢᠯᠡᠴᠢᠯᠡᠭᠡ᠂ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠵᠣᠯᠭᠠᠭᠤᠯᠬᠤ ᠵᠡᠷᠭᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡ᠂ ᠭᠠᠳᠠᠭᠠᠳᠤ ᠠᠷᠠᠯᠵᠢᠶᠠᠨ ᠤ ᠡᠬᠢ ᠪᠠᠶᠠᠯᠢᠭ ᠢ | ᠵᠣᠯᠭᠠᠭᠤᠯᠬᠤ᠂ ᠪᠣᠭᠤᠮᠲᠠ ᠳᠤ ᠮᠡᠳᠡᠭᠦᠯᠵᠦ ᠭᠠᠶᠢᠯᠢ ᠪᠤᠴᠠᠭᠠᠬᠤ ᠯᠠᠪᠯᠠᠭ᠎ᠠ᠂ ᠭᠤᠪᠢᠭᠤᠯᠭ᠎ᠠ ᠶᠢᠨ ᠨᠣᠷᠮ᠎ᠠ ᠶᠢᠨ | ᠠᠶᠤᠯ ᠠᠴᠠ ᠵᠠᠶᠢᠯᠠᠬᠤ ᠵᠢᠯᠣᠭᠤᠳᠤᠯᠭ᠎ᠠ ᠵᠡᠷᠭᠡ ᠣᠯᠠᠨ ᠤᠯᠤᠰ ᠤᠨ ᠠᠷᠠᠯᠵᠢᠶᠠᠨ ᠤ ᠦᠢᠯᠡᠴᠢᠯᠡᠭᠡ ᠬᠠᠩᠭᠠᠨ᠎ᠠ᠃ | ᠵᠢᠷᠭᠤᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠰᠠᠭᠤᠷᠢ ᠶᠢ ᠪᠥᠬᠦ ᠲᠠᠯ᠎ᠠ ᠪᠠᠷ | ᠪᠠᠬᠢᠵᠢᠭᠦᠯᠦᠨ᠎ᠡ | ︵ᠠᠷᠪᠠᠨ ᠳᠥᠷᠪᠡᠳᠦᠭᠡᠷ︶ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ | ᠪᠦᠷᠢᠨᠰᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠶᠡᠷᠦᠩᠬᠡᠢ ᠵᠢᠷᠤᠭ ᠲᠥᠯᠥᠪᠯᠡᠭᠡ ᠶᠢ | ᠴᠢᠩᠭᠠᠳᠬᠠᠵᠤ᠂ ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ᠂ 12345 ᠬᠠᠯᠠᠮᠰᠢᠯ ᠤᠲᠠᠰᠤ ᠶᠢᠨ | ᠠᠵᠢᠯᠯᠠᠭᠠᠨ ᠵᠡᠷᠭᠡ ᠪᠠᠷᠢᠮᠵᠢᠶ᠎ᠠ ᠶᠢᠨ ᠵᠢᠷᠤᠮᠵᠢᠯ ᠢ ᠲᠣᠭᠲᠠᠭᠠᠨ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠰᠠᠭᠤᠷᠢ ᠪᠠᠷᠢᠮᠵᠢᠶ᠎ᠠ ᠶᠢ ᠪᠦᠷᠢᠨᠰᠢᠭᠦᠯᠵᠦ᠂ ᠤᠯᠤᠰ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠢ ᠲᠡᠭᠦᠯᠳᠡᠷᠵᠢᠭᠦᠯᠦᠨ᠂ ᠠᠳᠠᠯᠢ ᠨᠢᠭᠡᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠦᠢᠯᠡᠴᠢᠯᠡᠬᠦ ᠡᠲᠡᠭᠡᠳ᠂ | ᠭᠦᠢᠴᠡᠳᠬᠡᠬᠦ ᠴᠤᠪᠤᠷᠠᠯ᠂ ᠭᠤᠶᠤᠴᠢᠯᠠᠬᠤ ᠮᠠᠲ᠋ᠧᠷᠢᠶᠠᠯ᠂ ᠬᠠᠤᠯᠢ ᠪᠠᠷ ᠲᠣᠭᠲᠠᠭᠠᠭᠰᠠᠨ ᠭᠦᠢᠴᠡᠳᠬᠡᠵᠦ ᠳᠠᠭᠤᠰᠬᠠᠬᠤ | ᠴᠠᠭ ᠬᠤᠭᠤᠴᠠᠭ᠎ᠠ ᠵᠡᠷᠭᠡ ᠶᠢ ᠪᠦᠬᠦ ᠤᠯᠤᠰ ᠤᠨ ᠬᠡᠪᠴᠢᠶᠡᠨ ᠳᠤ ᠨᠢᠭᠡᠳᠬᠡᠬᠦ ᠶᠢ ᠠᠬᠢᠭᠤᠯᠤᠨ᠎ᠠ᠃ ᠲᠥᠪᠯᠡᠷᠡᠭᠦᠯᠦᠨ | ᠭᠦᠢᠴᠡᠳᠬᠡᠬᠦ ︽ᠨᠢᠭᠡ ᠶᠠᠪᠤᠳᠠᠯ︾ ᠤᠨ ᠠᠵᠢᠯ ᠤᠨ ᠵᠢᠯᠣᠭᠤᠳᠤᠮᠵᠢ ᠪᠠ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ | ᠨᠠᠶᠢᠷᠠᠭᠤᠯᠤᠨ ᠵᠣᠬᠢᠶᠠᠵᠤ᠂ ᠣᠷᠣᠨ ᠪᠦᠰᠡ ᠠᠯᠤᠰᠯᠠᠭᠰᠠᠨ ᠠᠵᠢᠯ ᠶᠠᠪᠤᠳᠠᠯ ᠭᠦᠢᠴᠡᠳᠬᠡᠬᠦ ᠲᠤᠬᠠᠶᠢᠯᠠᠭᠰᠠᠨ | ᠠᠵᠢᠯ ᠤᠨ ᠪᠠᠷᠢᠮᠵᠢᠶ᠎ᠠ ᠪᠠ ᠠᠵᠢᠯᠯᠠᠬᠤ ᠳᠦᠷᠢᠮ ᠢ ᠲᠡᠭᠦᠯᠳᠡᠷᠵᠢᠭᠦᠯᠦᠨ᠎ᠡ᠃ | ︵ᠠᠷᠪᠠᠨ ᠲᠠᠪᠤ︶ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠤᠨ ᠬᠠᠩᠭᠠᠯᠭ᠎ᠠ ᠶᠢ ᠴᠢᠩᠭᠠᠳᠬᠠᠨ᠎ᠠ᠃ | ᠬᠠᠤᠯᠢ ᠪᠠᠷ ᠵᠠᠰᠠᠬᠤ ᠪᠠᠷ ᠬᠥᠲᠥᠯᠥᠨ ᠳᠠᠭᠠᠭᠤᠯᠬᠤ ᠪᠠ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠳᠡᠰ | ᠳᠠᠪᠬᠤᠷᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ᠬᠠᠤᠯᠢ ᠲᠣᠭᠲᠠᠭᠠᠬᠤ ᠰᠤᠳᠤᠯᠭᠠᠨ ᠢ | ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠯᠦᠭᠡ ᠲᠣᠬᠢᠷᠠᠯᠴᠠᠬᠤ ᠦᠭᠡᠢ ᠵᠠᠰᠠᠭ | ᠵᠠᠬᠢᠷᠭᠠᠨ ᠤ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠴᠠᠭ ᠲᠤᠬᠠᠢ ᠳᠤ ᠨᠢ ᠢᠯᠭᠠᠷᠠᠭᠤᠯᠬᠤ ᠪᠠ ᠵᠠᠰᠠᠪᠤᠷᠢ ᠣᠷᠣᠭᠤᠯᠵᠤ᠂ ᠬᠠᠮᠢᠶ᠎ᠠ ᠪᠦᠬᠦᠢ ᠲᠤᠬᠠᠶᠢᠯᠠᠭᠰᠠᠨ | ᠠᠵᠢᠯ ᠤᠨ ᠬᠦᠷᠢᠶ᠎ᠡ ᠴᠠᠷᠠᠭ᠎ᠠ ᠶᠢᠨ ᠳᠦᠷᠢᠮ ᠤᠨ ᠪᠠᠲᠤᠯᠠᠭ᠎ᠠ ᠶᠢ ᠴᠢᠩᠭᠠᠷᠠᠭᠤᠯᠤᠨ᠂ ᠲᠥᠪᠯᠡᠷᠡᠭᠦᠯᠦᠨ ᠭᠦᠢᠴᠡᠳᠬᠡᠬᠦ᠂ | ᠠᠮᠠᠯᠠᠯᠲᠠ ᠪᠠᠷ ᠭᠦᠢᠴᠡᠳᠬᠡᠬᠦ᠂ ᠣᠷᠣᠨ ᠪᠦᠰᠡ ᠠᠯᠤᠰᠯᠠᠨ ᠭᠦᠢᠴᠡᠳᠬᠡᠬᠦ᠂ ᠭᠤᠶᠤᠴᠢᠯᠠᠨ ᠭᠦᠢᠴᠡᠳᠬᠡᠬᠦ ᠠᠴᠠ | ᠬᠡᠯᠲᠦᠷᠢᠭᠦᠯᠬᠦ ᠵᠡᠷᠭᠡ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠬᠦ ᠳᠦᠷᠢᠮ ᠤᠨ ᠬᠠᠷᠰᠢ ᠰᠠᠭᠠᠳ ᠢ | ᠠᠷᠢᠯᠭᠠᠨ᠎ᠠ᠃ ᠲᠣᠭᠠᠴᠢᠯᠠᠭᠰᠠᠨ ᠬᠡᠷᠡᠭᠯᠡᠭᠡᠨ ᠤ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠡᠯᠧᠺᠲᠷᠣᠨ ᠭᠡᠷᠡᠴᠢ ᠦᠨᠡᠮᠯᠡᠯ ᠪᠠ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠥᠨᠳᠥᠷ ᠪᠦᠲᠦᠮᠵᠢᠲᠡᠶ ᠪᠠᠷ | ᠬᠠᠮᠲᠤ ᠪᠠᠷ ᠭᠥᠷᠳᠡᠵᠦ ᠬᠡᠷᠡᠭᠯᠡᠬᠦ᠂ ᠡᠯᠧᠺᠲᠷᠣᠨ ᠲᠠᠩᠰᠠ ᠡᠪᠬᠡᠮᠡᠯ ᠤᠨ ᠲᠠᠩᠰᠠ ᠡᠪᠬᠡᠮᠡᠯ ᠳᠤ ᠣᠷᠣᠭᠤᠯᠬᠤ ᠵᠡᠷᠭᠡ | ᠬᠠᠤᠯᠢ ᠴᠠᠭᠠᠵᠠ ᠶᠢᠨ ᠬᠦᠴᠦᠨ ᠴᠢᠳᠠᠪᠤᠷᠢ ᠶᠢ ᠪᠠᠲᠤᠯᠠᠨ᠎ᠠ᠃ | ︵ᠠᠷᠪᠠᠨ ᠵᠢᠷᠭᠤᠭ᠎ᠠ︶ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠰᠢᠰᠲ᠋ᠧᠮᠵᠢ ᠶᠢ | ᠪᠦᠷᠢᠨᠰᠢᠭᠦᠯᠦᠨ᠎ᠡ᠃ ᠤᠯᠤᠰ᠂ ᠮᠤᠵᠢ᠂ ᠬᠤᠲᠠ᠂ ᠰᠢᠶᠠᠨ᠂ ᠰᠢᠶᠠᠩ ᠲᠠᠪᠤᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠨᠢᠭᠡ ᠴᠣᠭᠴᠠᠵᠢᠭᠤᠯᠤᠨ ᠬᠤᠯᠪᠤᠭᠠᠯᠠᠨ | ᠬᠥᠳᠡᠯᠦᠯᠴᠡᠬᠦ᠂ ᠥᠨᠳᠥᠷ ᠪᠦᠲᠦᠮᠵᠢᠲᠡᠶ ᠳᠥᠭᠦᠮ ᠳᠥᠲᠡ᠂ ᠡᠷᠬᠡ ᠬᠠᠷᠢᠭᠤᠴᠠᠯᠭ᠎ᠠ ᠨᠢ ᠲᠣᠳᠣᠷᠬᠠᠢ ᠠᠵᠢᠯ ᠤᠨ | ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢᠨ | ᠠᠵᠢᠯ ᠡᠷᠬᠢᠯᠡᠭᠰᠡᠳ ᠢ ᠲᠣᠬᠢᠷᠠᠭᠤᠯᠬᠤ᠂ ᠬᠠᠮᠢᠶᠠᠷᠬᠤ᠂ ᠪᠣᠯᠪᠠᠰᠤᠷᠠᠭᠤᠯᠬᠤ ᠪᠠ ᠰᠢᠯᠭᠠᠨ ᠬᠢᠨᠠᠬᠤ ᠶᠢ ᠴᠢᠩᠭᠠᠳᠬᠠᠵᠤ᠂ | ᠤᠷᠮᠠᠰᠢᠭᠤᠯᠵᠤ ᠱᠠᠩᠨᠠᠬᠤ ᠠᠷᠭ᠎ᠠ ᠬᠡᠮᠵᠢᠶ᠎ᠡ ᠶᠢ ᠨᠡᠶᠢᠲᠡᠯᠡᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠶᠢᠨ | ᠠᠵᠢᠯᠲᠠᠨ ᠢ ᠨᠢᠭᠡᠳᠦᠯᠲᠡᠢ ᠲᠣᠬᠢᠷᠠᠭᠤᠯᠬᠤ ᠪᠠ ᠠᠵᠢᠯ ᠮᠡᠷᠭᠡᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠥᠵᠢᠭᠦᠯᠬᠦ᠂ ᠰᠢᠯᠢᠨ ᠳᠡᠪᠰᠢᠭᠦᠯᠬᠦ | ᠪᠠ ᠦᠨᠡᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠺᠠᠳ᠋ᠷ ᠤᠨ ᠡᠩᠨᠡᠭᠡᠨ ᠤ ᠬᠠᠤᠯᠢ ᠪᠠᠷ ᠵᠠᠰᠠᠬᠤ ᠰᠡᠳᠬᠢᠬᠦᠢ᠂ | ᠦᠢᠯᠡᠴᠢᠯᠡᠭᠡᠨ ᠤ ᠤᠬᠠᠮᠰᠠᠷ ᠪᠠ ᠲᠣᠭᠠᠴᠢᠯᠠᠭᠰᠠᠨ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠤᠰᠬᠠᠶᠢᠵᠢᠭᠰᠠᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠳᠣᠯᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠠᠷᠪᠠᠨ ᠳᠣᠯᠤᠭ᠎ᠠ︶ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠬᠠᠳᠬᠠᠨ᠎ᠠ᠃ ᠡᠯ᠎ᠡ ᠭᠠᠵᠠᠷ ᠣᠷᠣᠨ ᠨᠢ | ᠮᠤᠵᠢ ᠶᠢᠨ ᠱᠠᠲᠤᠨ ᠤ ᠨᠢᠭᠡᠳᠦᠯᠲᠡᠢ ᠲᠥᠯᠥᠪᠯᠡᠬᠦ ᠶᠢ ᠴᠢᠩᠭᠠᠷᠠᠭᠤᠯᠵᠤ᠂ ︽ᠨᠢᠭᠡ ᠶᠠᠪᠤᠳᠠᠯ ᠢ ᠥᠨᠳᠥᠷ | ᠪᠦᠲᠦᠮᠵᠢᠲᠡᠶ ᠪᠠᠷ ᠭᠦᠢᠴᠡᠳᠬᠡᠬᠦ︾ ᠲᠣᠭᠤᠷᠢᠨ ᠳᠤ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ | ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠳᠤ ᠵᠢᠭᠰᠠᠭᠠᠨ ᠣᠷᠣᠭᠤᠯᠤᠭᠰᠠᠨ ︽ᠨᠢᠭᠡ ᠶᠠᠪᠤᠳᠠᠯ︾ ᠳᠤ | ᠵᠦᠢᠯ ᠳᠠᠷᠠᠭᠠᠯᠠᠨ ᠠᠵᠢᠯ ᠤᠨ ᠲᠥᠰᠥᠯ ᠲᠣᠭᠲᠠᠭᠠᠵᠤ᠂ ᠬᠠᠷᠠᠯᠲᠠᠲᠤ ᠡᠭᠦᠷᠭᠡ᠂ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠪᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠪᠣᠳᠠᠲᠤ ᠦᠷ᠎ᠡ | ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ | ᠮᠥᠴᠢᠷ ᠤᠳ ᠰᠢᠰᠲ᠋ᠧᠮ ᠬᠡᠰᠡᠭ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ | ᠵᠢᠯᠣᠭᠤᠳᠤᠯᠭ᠎ᠠ ᠪᠠ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ | ᠴᠢᠩᠭᠠᠳᠬᠠᠵᠤ᠂ ᠲᠤᠷᠰᠢᠯᠲᠠ ᠶᠢᠨ ᠴᠢᠭ ᠢᠶᠠᠷ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠢᠯ ᠳᠠᠷᠠᠭᠠᠯᠠᠨ ᠨᠢᠭᠡ ᠪᠦᠯᠦᠭ ︽ᠥᠨᠳᠥᠷ ᠪᠦᠲᠦᠮᠵᠢᠲᠡᠶ ᠪᠠᠷ | ᠨᠢᠭᠡ ᠶᠠᠪᠤᠳᠠᠯ ᠢ ᠪᠦᠲᠦᠭᠡᠬᠦ︾ ᠭᠤᠣᠯᠳᠠᠯᠭ᠎ᠠ ᠲᠠᠢ ᠵᠦᠢᠯᠡᠰ ᠢ ᠭᠠᠷᠭᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ | ᠬᠡᠷᠡᠭᠲᠡᠢ᠃ | ︵ᠠᠷᠪᠠᠨ ᠨᠠᠶᠢᠮᠠ︶ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠣᠯᠠᠨ ᠵᠦᠢᠯ ᠤᠨ ᠬᠡᠯᠪᠡᠷᠢ ᠪᠠᠷ | ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠶᠠᠷᠢᠶ᠎ᠠ | ᠬᠡᠯᠡᠯᠴᠡᠭᠡᠨ ᠤ ᠵᠢᠯᠣᠭᠤᠳᠤᠮᠵᠢ ᠶᠢ ᠰᠠᠶᠢᠲᠤᠷ ᠬᠢᠵᠦ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ | ᠪᠠ ᠬᠤᠯᠪᠣᠭᠳᠠᠯ ᠪᠦᠬᠦᠢ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠠᠵᠢᠯ ᠤᠨ ᠨᠡᠶᠢᠯᠡᠮᠡᠯ ᠬᠦᠴᠦᠨ ᠢ | ᠴᠢᠩᠭᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠬᠡᠷᠡᠭᠲᠡᠢ᠃ ᠡᠯ᠎ᠡ ᠭᠠᠵᠠᠷ | ᠣᠷᠣᠨ ᠨᠤᠭᠤᠳ ᠤᠨ ᠪᠣᠳᠠᠲᠠᠢ ᠠᠴᠠ ᠡᠭᠦᠰᠴᠦ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠵᠣᠷᠢᠭᠲᠠᠢ ᠪᠠᠷ | ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠵᠦᠢᠯᠡᠰ ᠲᠤ ᠨᠡᠩ | ᠶᠡᠭᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ ᠢ ᠴᠠᠭ | ᠲᠤᠬᠠᠢ ᠳᠤᠨᠢ ᠳ᠋ᠦᠩᠨᠡᠵᠦ᠂ ᠪᠦᠬᠦ ᠤᠯᠤᠰ ᠤᠨ ᠬᠡᠪᠴᠢᠶᠡᠨ ᠳᠤ ᠬᠠᠭᠤᠯᠪᠤᠷᠢᠯᠠᠨ ᠳᠡᠯᠭᠡᠷᠡᠭᠦᠯᠵᠦ᠂ ︽ᠨᠢᠭᠡ ᠭᠠᠵᠠᠷ ᠲᠤ | ᠰᠢᠨ᠎ᠡ ᠶᠢ ᠡᠭᠦᠳᠴᠦ᠂ ᠤᠯᠠᠨ ᠭᠠᠵᠠᠷ ᠲᠤ ᠲᠠᠬᠢᠨ ᠬᠡᠷᠡᠭᠯᠡᠬᠦ︾ ᠶᠢ ᠠᠬᠢᠭᠤᠯᠬᠤ ᠬᠡᠷᠡᠭᠲᠡᠢ᠃ | ᠳᠠᠭᠠᠯᠳᠤᠭᠤᠯᠤᠯ᠄ ︽ᠥᠨᠳᠥᠷ ᠪᠦᠳᠦᠮᠵᠢᠲᠠᠢ ᠪᠠᠷ ᠨᠢᠭᠡ ᠶᠠᠪᠤᠳᠠᠯ ᠢ ᠪᠦᠲᠦᠭᠡᠬᠦ︾ 2024 ᠣᠨ ᠤ | ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ | | ᠳᠠᠭᠠᠯᠳᠤᠭᠤᠯᠤᠯ | ︽ᠥᠨᠳᠥᠷ ᠪᠦᠳᠦᠮᠵᠢᠲᠠᠢ ᠪᠠᠷ ᠨᠢᠭᠡ ᠶᠠᠪᠤᠳᠠᠯ ᠢ ᠪᠦᠲᠦᠭᠡᠬᠦ︾ 2024 ᠣᠨ ᠤ ᠭᠤᠣᠯᠳᠠᠯᠭ᠎ᠠ ᠲᠠᠢ ᠵᠦᠢᠯᠡᠰ ᠤᠨ | ᠨᠠᠷᠢᠨ ᠬᠠᠭᠤᠳᠠᠰᠤ | | | | |