【ᠢᠲᠡᠭᠡᠮᠵᠢ ᠶᠢᠨ ᠪᠠᠶᠢᠭᠤᠯᠤᠯᠲᠠ】ᠥᠪᠥᠷ ᠮᠣᠩᠭᠤᠯ᠄ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ ᠵᠥᠪ ᠲᠠᠯ᠎ᠠ ᠶᠢᠨ ᠳᠦᠷᠢ ᠲᠥᠷᠬᠦ ᠶᠢ ᠦᠨᠡᠨ ᠬᠦ ᠴᠣᠭᠴᠠᠯᠠᠨ᠎ᠠ
ᠨᠡᠶᠢᠲᠡᠯᠡᠭᠰᠡᠨ ᠴᠠᠭ᠄
2024/3/22
        ᠦᠨᠡᠨᠴᠢ ᠢᠲᠡᠭᠡᠮᠵᠢ ᠶᠢ ᠡᠷᠬᠢᠮᠯᠡᠬᠦ ᠵᠥᠪ ᠲᠠᠯ᠎ᠠ ᠶᠢᠨ ᠳᠦᠷᠢ ᠶᠢ ᠦᠨᠡᠨᠬᠦ ᠪᠣᠢ ᠪᠣᠯᠭᠠᠨ᠎ᠠ                    --- ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠢᠷᠢᠰ ᠰᠣᠷᠪᠤᠯᠵᠢᠯᠠᠭ᠎ᠠ ⑤        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠭᠤᠣᠯᠳᠠᠯᠭ᠎ᠠ ᠲᠠᠢ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠢᠯᠠᠩᠭᠤᠶ᠎ᠠ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠵᠢᠯᠤᠭᠤᠳᠬᠤ ᠴᠢᠨᠠᠷᠲᠠᠢ᠂ ᠳᠠᠶᠢᠴᠢᠯᠠᠬᠤ ᠴᠢᠨᠠᠷᠲᠠᠢ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠬᠦ ᠬᠡᠷᠡᠭᠲᠡᠢ᠂ ᠡᠭᠦᠨ ᠤ ᠳᠣᠲᠣᠷᠠᠬᠢ ᠨᠢᠭᠡ ᠨᠢ ᠳᠠᠷᠤᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯᠣᠨ᠎ᠠ᠃        ᠬᠤᠯᠪᠣᠭᠳᠠᠯ ᠪᠦᠬᠦᠢ ᠳᠦᠷᠢᠮ ᠲᠣᠭᠲᠠᠴᠠ ᠶᠢ ᠬᠡᠷᠬᠢᠨ ᠪᠠᠶᠢᠭᠤᠯᠤᠨ ᠪᠦᠷᠢᠨᠰᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠮᠠᠯᠠᠯᠲᠠ ᠪᠠᠨ ᠪᠠᠲᠤ ᠰᠠᠬᠢᠬᠤ᠂ ︽ᠰᠢᠨ᠎ᠡ ᠳᠠᠷᠤᠭ᠎ᠠ ᠬᠠᠭᠤᠴᠢᠨ ᠲᠠᠩᠰᠠ︾᠂ ᠠᠮᠠᠯᠳᠠᠭᠰᠠᠨ ᠢ ᠬᠥᠩᠭᠡᠪᠴᠢᠯᠡᠬᠦ ᠦᠭᠡᠢ ᠪᠠᠶᠢᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠥᠪᠥᠷ ᠮᠣᠩᠭᠤᠯ ᠤᠨ ᠬᠥᠮᠥᠰ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠲᠠᠢ ᠪᠠᠶᠢᠬᠤ ᠪᠠᠷ ᠵᠥᠪ ᠲᠠᠯ᠎ᠠ ᠶᠢᠨ ᠳᠦᠷᠢ ᠲᠥᠷᠬᠦ ᠶᠢ ᠪᠣᠶ ᠪᠣᠯᠭᠠᠬᠤ ᠪᠣᠶ︖ ᠣᠶᠢᠷ᠎ᠠ ᠳᠤ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠮᠠ ᠸᠧᠨ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ ᠰᠢᠶᠣᠣ ᠹᠠᠩ ᠢ ᠰᠤᠷᠪᠤᠯᠵᠢᠯᠠᠪᠠ᠃        ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ 2024 ᠣᠨ ᠢ ᠥᠪᠥᠷ ᠮᠣᠩᠭᠤᠯ ᠤᠨ ︿ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠳᠡᠭᠡᠭᠰᠢᠯᠡᠭᠦᠯᠬᠦ ᠣᠨ﹀ ᠢᠶᠠᠷ ᠲᠣᠭᠲᠠᠭᠠᠵᠤ᠂ ᠪᠥᠬᠦ ᠵᠢᠯ ᠳᠤ ᠪᠥᠬᠦ ᠣᠷᠣᠨ ᠤ ᠬᠡᠪᠴᠢᠶᠡᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠶᠡᠭᠡ ᠪᠠᠷ ᠠᠳᠬᠤᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠩᠭ᠎ᠠ ᠳᠣᠬᠢᠶ᠎ᠠ ᠶᠢ ᠤᠯᠠᠮ ᠨᠢᠭᠡ ᠠᠯᠬᠤᠮ ᠢᠯᠡᠷᠡᠭᠦᠯᠬᠦ ᠶᠢᠨ ᠲᠥᠯᠥᠭᠡ ᠶᠤᠮ︾ ᠭᠡᠵᠦ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠮᠠ ᠸᠧᠨ ᠬᠡᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠢᠴᠢ ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠲᠦᠷᠦᠭᠦᠯᠡᠨ ᠬᠢᠬᠦ ᠨᠢᠭᠡᠴᠡ ᠪᠠ ᠠᠬᠢᠭᠤᠯᠬᠤ ᠠᠵᠢᠯᠯᠠᠭ᠎ᠠ ᠶᠢᠨ ᠭᠤᠣᠯ ᠬᠠᠮᠵᠢᠯᠴᠠᠬᠤ ᠨᠢᠭᠡᠴᠡ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠥᠬᠦ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠵᠦ᠂ ᠳᠤᠮᠳᠠᠳᠤ ᠤᠷᠤᠰᠬᠠᠯ ᠤᠨ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠨ᠎ᠠ᠃        ᠮᠠ ᠸᠧᠨ᠂ ᠡᠨᠡ ᠵᠢᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠣᠯᠳᠠᠯᠭ᠎ᠠ ᠲᠠᠢ ᠡᠭᠦᠷᠭᠡ ᠶᠢ ᠨᠢᠭᠡᠨᠲᠡ ᠲᠣᠭᠲᠠᠭᠠᠵᠤ᠂ ︽ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠬᠦ ᠶᠡᠷᠦᠩᠬᠡᠢ ᠠᠵᠢᠯ ᠤᠨ ᠲᠥᠰᠥᠯ︾ ᠪᠣᠯᠣᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠵᠢᠴᠢ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ 4 ᠬᠦᠷᠢᠶᠡᠨ ᠤ ᠠᠵᠢᠯᠯᠠᠭ᠎ᠠ ᠶᠢᠨ ᠲᠥᠰᠥᠯ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠪᠣᠯᠣᠨ ᠢᠲᠡᠭᠡᠮᠵᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ︾ ᠤᠨ ᠬᠠᠤᠯᠢ ᠲᠣᠭᠲᠠᠭᠠᠬᠤ ᠠᠵᠢᠯ ᠢ ᠪᠡᠶᠡᠯᠡᠭᠦᠯᠦᠨ᠎ᠡ᠃ ᠡᠨᠡ ᠪᠣᠯ ᠥᠪᠥᠷ ᠮᠣᠩᠭᠤᠯ ᠤᠨ 2024 ᠣᠨ ᠤ ᠬᠠᠤᠯᠢ ᠲᠣᠭᠲᠠᠭᠠᠬᠤ ᠲᠥᠯᠥᠪᠯᠡᠭᠡ ᠳᠠᠬᠢ ᠬᠠᠤᠯᠢ ᠲᠣᠭᠲᠠᠭᠠᠬᠤ ᠴᠣᠷ ᠤᠨ ᠭᠠᠭᠴᠠ ᠭᠤᠣᠯᠳᠠᠯᠭ᠎ᠠ ᠲᠠᠢ ᠲᠦᠷᠦᠯ ᠵᠦᠢᠯ ᠮᠥᠨ᠂ ᠪᠠᠰᠠ ᠴᠤ 3 ᠵᠢᠯ ᠤᠨ ᠲᠤᠷᠰᠢᠬᠢ ᠮᠠᠨ ᠤ ᠣᠷᠣᠨ ᠤ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠬᠤᠶᠠᠳᠤᠭᠠᠷ ᠰᠠᠯᠠᠭ᠎ᠠ ᠮᠥᠴᠢᠷ ᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠮᠥᠨ᠂ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠢ ᠴᠢᠨᠠᠷ ᠰᠠᠶᠢᠲᠠᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠬᠠᠮᠠᠭᠠᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ ᠬᠠᠮᠲᠤᠷᠠᠨ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶᠡᠨ ᠳᠠᠬᠢ ᠡᠯ᠎ᠡ ᠵᠦᠢᠯ ᠤᠨ ᠠᠬᠢᠭᠤᠯᠬᠤ ᠠᠵᠢᠯᠯᠠᠭ᠎ᠠ ᠶᠢ ᠠᠬᠢᠭᠤᠯᠵᠤ᠂ ᠪᠥᠬᠦ ᠣᠷᠣᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢᠨ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠡᠵᠡᠩᠨᠡᠬᠦ ᠶᠢ ᠠᠬᠢᠭᠤᠯᠵᠤ᠂ ᠭᠡᠷ᠎ᠡ ᠶᠢ ᠬᠢᠨᠠᠮᠠᠭᠠᠢ ᠵᠢᠷᠤᠮᠯᠠᠨ ᠰᠠᠬᠢᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠣᠯᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠠ ᠠᠶᠢᠮᠠᠭ ᠬᠤᠲᠠ ᠶᠢᠨ ᠬᠤᠷᠴᠠ ᠴᠢᠳᠠᠮᠠᠭᠠᠢ ᠬᠦᠴᠦᠨ ᠢ ᠲᠠᠲᠠᠵᠤ ᠠᠵᠢᠯ ᠤᠨ ᠲᠤᠰᠬᠠᠢ ᠠᠩᠭᠢ ᠪᠠᠶᠢᠭᠤᠯᠵᠤ᠂ ︽1+4︾ ᠤ ᠠᠵᠢᠯ ᠤᠨ ᠲᠥᠰᠥᠯ ᠳᠤ ᠲᠣᠭᠲᠠᠭᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠰᠠᠨᠠᠭᠠᠴᠢᠯᠠᠭ᠎ᠠ ᠠᠴᠠ ᠪᠠᠨ ᠪᠣᠳᠣᠨ ᠠᠵᠢᠯᠯᠠᠵᠤ᠂ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ ᠢ ᠠᠯᠢ ᠲᠦᠷᠭᠡᠨ ᠢᠶᠠᠷ ᠭᠠᠷᠭᠠᠵᠤ᠂ ᠭᠡᠳᠡᠷᠭᠦ ᠰᠢᠬᠠᠮᠳᠠᠭᠤᠯᠵᠤ ᠪᠠᠶᠢᠭᠠᠳ ᠠᠵᠢᠯᠯᠠᠭ᠎ᠠ ᠶᠢᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃        ᠳᠤᠮᠳᠠᠳᠤ ᠶᠢᠨ ᠦᠨᠳᠦᠰᠦᠲᠡᠨ ᠡᠷᠲᠡᠨ ᠠᠴᠠ ᠬᠡᠯᠡᠪᠡᠯ ᠦᠨᠡᠨᠴᠢ ᠪᠠᠷ ᠦᠨᠳᠦᠰᠦ ᠪᠣᠯᠭᠠᠬᠤ᠂ ᠢᠲᠡᠭᠡᠯ ᠢᠶᠠᠷ ᠤᠷᠢᠳᠠᠯ ᠪᠣᠯᠭᠠᠬᠤ ᠰᠣᠶᠣᠯ ᠤᠨ ᠤᠯᠠᠮᠵᠢᠯᠠᠯ ᠪᠠᠶᠢᠳᠠᠭ᠃ ᠦᠨᠡᠨᠴᠢ ᠢᠲᠡᠭᠡᠮᠵᠢ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ᠂ ᠨᠡᠶᠢᠭᠡᠮ ᠤᠨ ᠡᠮᠬᠢ ᠵᠢᠷᠤᠮ ᠢ ᠵᠢᠷᠤᠮᠵᠢᠭᠤᠯᠬᠤ ᠳᠤᠮᠳᠠ ᠴᠥᠮ ᠣᠷᠣᠯᠠᠭᠤᠯᠵᠤ ᠪᠣᠯᠣᠰᠢ ᠦᠭᠡᠢ ᠦᠢᠯᠡᠳᠦᠯ ᠦᠵᠡᠭᠦᠯᠵᠦ ᠪᠠᠶᠢᠨ᠎ᠠ᠃ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ ᠫᠷᠤᠹᠧᠰᠰᠤᠷ ᠰᠢᠶᠣᠣ ᠹᠠᠩ ᠤᠨ ᠦᠵᠡᠬᠦ ᠪᠠᠷ᠂ ᠤᠮᠠᠷᠠᠲᠤ ᠬᠢᠯᠢ ᠶᠢᠨ ᠡᠬᠡ ᠭᠠᠵᠠᠷ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠶᠠᠪᠤᠴᠠ ᠳᠤ᠂ ᠦᠨᠡᠨᠴᠢ ᠢᠲᠡᠭᠡᠮᠵᠢᠲᠡᠢ᠂ ᠠᠮᠠᠯᠠᠯᠲᠠ ᠪᠠᠨ ᠦᠢᠯᠡᠳᠦᠯᠭᠡᠵᠢᠭᠦᠯᠦᠭᠰᠡᠨ ᠰᠢᠯᠢᠳᠡᠭ ᠤᠯᠠᠮᠵᠢᠯᠠᠯ ᠢ ᠪᠤᠢ ᠪᠣᠯᠭᠠᠭᠰᠠᠨ ᠪᠠ ᠪᠦᠲᠦᠭᠡᠪᠡ᠂ ᠡᠨᠡ ᠪᠣᠯ ᠳᠤᠮᠳᠠᠳᠤ ᠶᠢᠨ ᠦᠨᠳᠦᠰᠦᠲᠡᠨ ᠤ ᠦᠨᠡᠨᠴᠢ ᠢᠲᠡᠭᠡᠮᠵᠢ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃        ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠬᠢᠨ ᠰᠠᠶᠢᠲᠤᠷ ᠬᠡᠷᠡᠭᠵᠢᠭᠦᠯᠵᠦ᠂ ᠦᠨᠡᠨᠴᠢ ᠢᠲᠡᠭᠡᠮᠵᠢ ᠶᠢᠨ ᠳᠦᠷᠢᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠥᠪᠥᠷ ᠮᠣᠩᠭᠤᠯᠴᠤᠳ ᠦᠨᠡᠨᠴᠢ ᠢᠲᠡᠭᠡᠮᠵᠢᠲᠡᠢ ᠪᠠᠶᠢᠬᠤ᠂ ᠦᠨᠡᠨᠴᠢ ᠢᠲᠡᠭᠡᠮᠵᠢᠲᠡᠢ ᠪᠠᠶᠢᠬᠤ ᠵᠥᠪ ᠲᠠᠯ᠎ᠠ ᠶᠢᠨ ᠳᠦᠷᠢ ᠲᠥᠷᠬᠦ ᠶᠢ ᠦᠨᠡᠨ ᠬᠦ ᠪᠣᠶ ᠪᠣᠯᠭᠠᠵᠤ᠂ ᠰᠢᠶᠣᠣ ᠹᠠᠩ ᠰᠠᠨᠠᠭᠤᠯᠤᠭᠰᠠᠨ ᠨᠢ᠂ ᠨᠢᠭᠡ ᠳᠤ᠂ ᠦᠨᠡᠨᠴᠢ ᠢᠲᠡᠭᠡᠮᠵᠢ ᠶᠢᠨ ᠳᠦᠷᠢᠮ ᠢ ᠵᠢᠷᠤᠮᠵᠢᠭᠤᠯᠤᠨ ᠪᠠᠶᠢᠭᠤᠯᠬᠤ ᠶᠢ ᠴᠢᠩᠭᠠᠳᠬᠠᠵᠤ᠂ ᠢᠲᠡᠭᠡᠯ ᠠᠯᠳᠠᠭᠰᠠᠨ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠶᠠᠯᠠᠯᠠᠨ ᠲᠣᠷᠭᠠᠬᠤ ᠡᠷᠴᠢᠮ ᠢᠶᠠᠨ ᠴᠢᠩᠭᠠᠷᠠᠭᠤᠯᠤᠨ᠎ᠠ︔ ᠬᠤᠶᠠᠷ ᠲᠤ ᠬᠠᠤᠯᠢ ᠪᠠᠷ ᠵᠠᠰᠠᠬᠤ ᠶᠢ ᠬᠡᠷᠡᠭᠵᠢᠭᠦᠯᠬᠦ ᠬᠢᠷᠢ ᠲᠦᠪᠰᠢᠨ ᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠶᠢᠯᠠᠯᠲᠠᠨ ᠪᠠ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠥᠮᠴᠢᠯᠡᠬᠦ ᠡᠷᠬᠡ ᠵᠢᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号