ᠬᠥᠮᠥᠰ ᠤᠨ ᠰᠡᠳᠬᠢᠯ ᠢ ᠳᠤᠯᠠᠭᠠᠴᠠᠭᠤᠯᠵᠤ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/3/26
        ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠬᠠᠯᠠᠮᠵᠢᠯᠠᠨ ᠬᠠᠶᠢᠷᠠᠯᠠᠵᠤ᠂ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ᠂ ᠤᠳᠠᠭᠠᠨ ᠴᠢᠨᠠᠷᠲᠠᠢ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠠᠵᠢᠯ ᠢ ᠠᠬᠢᠭᠤᠯᠤᠨ᠎ᠠ᠃ 3 ᠰᠠᠷ᠎ᠠ ᠶᠢᠨ 20᠎ ᠤ ᠡᠳᠦᠷ ᠪᠡᠳᠬᠡᠷ ᠵᠤᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠴᠤᠸᠠᠩ ᠶᠧ ᠪᠠᠭ᠎ᠠ ᠲᠣᠭᠤᠷᠢᠭ ᠲᠤ ᠬᠦᠷᠴᠦ 65 ᠪᠦᠬᠦᠯᠢ ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠪᠡ᠃
1711096916448089084.png
        ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ᠂ ᠡᠮᠴᠢ ᠰᠤᠪᠢᠯᠠᠭᠴᠢᠳ ᠨᠠᠰᠤᠲᠠᠶᠢᠴᠤᠳ ᠲᠤ ᠨᠠᠷᠢᠨ ᠬᠢᠨᠠᠮᠠᠭᠠᠢ ᠪᠡᠶ᠎ᠡ ᠶᠢᠨ ᠪᠠᠶᠢᠴᠠᠭᠠᠯᠲᠠ ᠬᠢᠵᠦ᠂ ᠡᠩ ᠤᠨ ᠦᠶ᠎ᠡ ᠶᠢᠨ ᠠᠮᠢᠳᠤᠷᠠᠯ ᠤᠨ ᠳᠠᠳᠬᠠᠯ᠂ ᠢᠳᠡᠭᠡᠨ ᠤᠮᠳᠠᠭᠠᠨ᠂ ᠡᠪᠡᠳᠴᠢᠨ ᠤ ᠢᠯᠡᠷᠡᠯ ᠪᠠ ᠥᠩᠭᠡᠷᠡᠭᠰᠡᠨ ᠤ ᠡᠪᠡᠳᠴᠢᠯᠡᠭᠰᠡᠨ ᠡᠪᠡᠳᠴᠢᠨ᠂ ᠡᠮᠨᠡᠨ ᠵᠠᠰᠠᠭᠰᠠᠨ ᠵᠢᠴᠢ ᠣᠳᠣᠬᠠᠨ ᠤ ᠡᠮ ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠨᠠᠰᠤᠲᠠᠶᠢᠴᠤᠳ ᠪᠠ ᠤᠳᠠᠭᠠᠨ ᠴᠢᠨᠠᠷᠲᠠᠢ ᠡᠪᠡᠳᠴᠢᠲᠡᠨ ᠳᠤ ᠦᠨᠳᠦᠰᠦᠨ ᠴᠢᠰᠤᠨ ᠳᠠᠷᠤᠯᠲᠠ᠂ ᠴᠢᠰᠤᠨ ᠰᠢᠬᠢᠷ ᠤᠨ ᠪᠠᠶᠢᠴᠠᠭᠠᠯᠲᠠ᠂ ᠵᠢᠷᠦᠬᠡᠨ ᠤ ᠯᠤᠭᠰᠢᠯᠲᠠ ᠶᠢᠨ ᠵᠢᠷᠤᠭ᠂ ᠴᠢᠰᠤᠨ ᠤ ᠵᠤᠷᠰᠢᠯ ᠵᠡᠷᠭᠡ ᠲᠥᠷᠥᠯ ᠵᠦᠢᠯ ᠤᠨ ᠪᠠᠶᠢᠴᠠᠭᠠᠯᠲᠠ ᠬᠢᠪᠡ︔ ᠡᠭᠦᠨ ᠤ ᠬᠠᠮᠲᠤ᠂ ᠡᠮᠴᠢ ᠰᠤᠪᠢᠯᠠᠭᠴᠢᠳ ᠪᠠᠰᠠ ᠨᠠᠰᠤᠲᠠᠶᠢᠴᠤᠳ ᠲᠤ ᠡᠮ ᠬᠡᠷᠡᠭᠯᠡᠬᠦ ᠵᠢᠯᠣᠭᠤᠳᠤᠯᠭ᠎ᠠ᠂ ᠠᠮᠢᠳᠤᠷᠠᠯ ᠤᠨ ᠢᠳᠡᠭᠡᠨ ᠤᠮᠳᠠᠭᠠᠨ ᠤ ᠵᠢᠯᠣᠭᠤᠳᠤᠯᠭ᠎ᠠ ᠵᠢᠴᠢ ᠡᠳᠦᠷ ᠲᠤᠲᠤᠮ ᠤᠨ ᠠᠩᠬᠠᠷᠬᠤ ᠵᠦᠢᠯᠡᠰ ᠤᠨ ᠲᠠᠶᠢᠯᠤᠮᠵᠢ ᠬᠢᠵᠦ᠂ ᠨᠠᠰᠤᠲᠠᠶᠢᠴᠤᠳ ᠤᠨ ᠥᠪᠡᠷ ᠢ ᠪᠠᠨ ᠬᠠᠮᠢᠶᠠᠷᠬᠤ ᠪᠠ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
        ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠠᠳᠠᠯ ᠦᠢᠯᠡᠰ ᠴᠣᠭᠴᠠᠯᠠᠬᠤ ᠰᠠᠭᠤᠭᠠᠯᠢ ᠠᠷᠠᠳ ᠤᠨ ᠲᠣᠭᠤᠷᠢᠭ ᠤᠨ ᠨᠠᠰᠤᠲᠠᠶᠢᠴᠤᠳ ᠢ ᠭᠡᠷ ᠤᠨ ᠡᠭᠦᠳᠡᠨ ᠳᠤᠨᠢ ᠡᠯ᠎ᠡ ᠵᠦᠢᠯ ᠤᠨ ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢ ᠦᠨ᠎ᠡ ᠲᠥᠯᠥᠪᠦᠷᠢ ᠦᠭᠡᠢ ᠪᠠᠷ ᠣᠶᠢᠯᠠᠭᠠᠭᠤᠯᠬᠤ ᠪᠠᠷ ᠪᠠᠷᠠᠬᠤ ᠦᠭᠡᠢ᠂ ᠪᠠᠰᠠ ᠨᠠᠰᠤᠲᠠᠶᠢᠴᠤᠳ ᠢ ᠬᠠᠪᠰᠤᠷᠤᠨ ᠡᠷᠡᠭᠦᠯ ᠰᠠᠷᠠᠭᠤᠯ ᠠᠮᠢᠳᠤᠷᠠᠯ ᠤᠨ ᠦᠵᠡᠯ ᠤᠬᠠᠮᠰᠠᠷ ᠢ ᠪᠣᠶ ᠪᠣᠯᠭᠠᠵᠤ ᠥᠭᠭᠦᠨ᠎ᠡ᠃ ᠲᠠᠷᠠᠭᠠᠴᠢ ᠶᠢᠨ ᠠᠯᠬᠤᠮ ᠳᠤ᠂ ᠪᠡᠳᠬᠡᠷ ᠵᠤᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠰᠠ ᠨᠠᠰᠤᠲᠠᠶᠢᠴᠤᠳ ᠲᠤ ᠦᠷᠭᠦᠯᠵᠢᠯᠡᠨ ᠨᠠᠷᠢᠯᠢᠭ ᠦᠢᠯᠡᠴᠢᠯᠡᠬᠦ᠂ ᠰᠡᠳᠬᠢᠯ ᠳᠤ ᠬᠠᠳᠠᠩᠰᠢᠭᠤᠯᠬᠤ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ︽ᠡᠭᠦᠳᠡ ᠰᠠᠬᠢᠭᠴᠢ ᠬᠥᠮᠥᠨ︾᠎ ᠢ ᠢᠳᠡᠪᠬᠢᠲᠡᠢ ᠰᠠᠶᠢᠲᠤᠷ ᠬᠢᠵᠦ᠂ ᠥᠲᠡᠯᠦᠭᠡ ᠨᠠᠰᠤᠨ ᠳᠠᠭᠠᠨ ︽ᠡᠮᠨᠡᠯᠭᠡ︾᠎ ᠲᠠᠢ ᠪᠠᠶᠢᠬᠤ ᠶᠢ ᠦᠨᠡᠨ ᠬᠦ ᠰᠡᠷᠡᠵᠦ ᠮᠡᠳᠡᠪᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号