ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠲᠤᠰᠭᠠᠢ ᠨᠡᠶᠢᠭᠡᠮᠯᠢᠭ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
        3 ᠰᠠᠷ᠎ᠠ ᠶᠢᠨ 1᠎ ᠤ ᠡᠳᠦᠷ ᠠᠴᠠ 3 ᠰᠠᠷ᠎ᠠ ᠶᠢᠨ 14᠎ ᠤ ᠡᠳᠦᠷ ᠪᠣᠯᠲᠠᠯ᠎ᠠ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠲᠤᠰ ᠲᠤᠰ ᠡᠯ᠎ᠡ ᠲᠤᠰᠬᠠᠢ ᠨᠡᠶᠢᠭᠡᠮᠯᠢᠭ ᠢ ᠵᠣᠬᠢᠶᠠᠨ ᠪᠠᠶᠢᠭᠤᠯᠵᠤ ᠠᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢ᠂ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠠᠵᠢᠯᠲᠠᠨ ᠵᠢᠴᠢ ᠡᠯ᠎ᠡ ᠵᠡᠮᠳᠡᠭᠴᠦᠳ ᠤᠨ ᠲᠤᠰᠬᠠᠢ ᠨᠡᠶᠢᠭᠡᠮᠯᠢᠭ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠭᠡᠰᠢᠭᠦᠳ ᠬᠤᠷᠠᠯ ᠳᠤ ᠣᠷᠣᠯᠴᠠᠪᠠ᠃ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠲᠤᠰᠬᠠᠢ ᠨᠡᠶᠢᠭᠡᠮᠯᠢᠭ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠥᠷᠭᠡᠨ ᠣᠯᠠᠨ ᠵᠡᠮᠳᠡᠭᠴᠦᠳ ᠢ ᠨᠠᠩ ᠰᠠᠶᠢᠲᠤᠷ ᠬᠥᠲᠥᠯᠥᠨ ᠳᠠᠭᠠᠭᠤᠯᠵᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠠᠭᠤᠷᠢ ᠴᠢᠨᠠᠷᠲᠠᠢ ᠠᠵᠢᠯ ᠢ ᠰᠠᠶᠢᠲᠤᠷ ᠬᠢᠪᠡ᠃
1710903082301094758.jpg
        ᠤᠳᠠᠭ᠎ᠠ ᠪᠦᠷᠢ ᠶᠢᠨ ᠬᠤᠷᠠᠯ ᠳᠤ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢ ᠴᠥᠮ ᠶᠡᠷᠦᠩᠬᠡᠢ ᠱᠦᠵᠢ ᠰᠢ ᠶᠢᠨ ᠫᠢᠩ ᠤᠨ ᠪᠤᠭᠤᠲᠤ ᠬᠤᠳᠠ ᠶᠢᠨ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠵᠤ᠂ ︽ᠵᠢᠷᠭᠤᠭᠠᠨ ᠥᠭᠦᠯᠡᠪᠦᠷᠢ︾᠎ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢ ᠭᠦᠨᠵᠡᠭᠡᠢ ᠣᠶᠢᠯᠠᠭᠠᠪᠠ︔ ᠰᠢᠭᠤᠶᠢᠲᠤ ᠣᠷᠣᠨ ᠤ ᠵᠡᠮᠳᠡᠭᠴᠦᠳ ᠢ ᠬᠠᠪᠰᠤᠷᠤᠨ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ ᠡᠯ᠎ᠡ ᠵᠡᠮᠳᠡᠭᠴᠦᠳ ᠤᠨ ᠲᠤᠰᠬᠠᠢ ᠨᠡᠶᠢᠭᠡᠮᠯᠢᠭ ᠤᠨ ᠪᠦᠷᠢᠯᠳᠦᠭᠦᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠪᠠ᠃        ᠡᠯ᠎ᠡ ᠵᠡᠮᠳᠡᠭᠴᠦᠳ ᠤᠨ ᠲᠤᠰᠬᠠᠢ ᠨᠡᠶᠢᠭᠡᠮᠯᠢᠭ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠭᠡᠰᠢᠭᠦᠳ ᠲᠣᠰ ᠲᠣᠰ 2023 ᠣᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠪᠥᠭᠡᠳ 2024 ᠣᠨ ᠤ ᠨᠡᠶᠢᠭᠡᠮᠯᠢᠭ ᠤᠨ ᠠᠵᠢᠯ ᠤᠨ ᠲᠣᠬᠢᠷᠠᠭᠤᠯᠤᠯᠲᠠ ᠪᠠ ᠠᠵᠢᠯᠯᠠᠭ᠎ᠠ ᠥᠷᠨᠢᠭᠦᠯᠬᠦ ᠲᠥᠰᠥᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃ ᠨᠡᠶᠢᠭᠡᠮᠯᠢᠭ ᠤᠨ ᠭᠡᠰᠢᠭᠦᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠨᠡᠶᠢᠭᠡᠮᠯᠢᠭ ᠤᠨ ᠦᠢᠯᠡᠳᠦᠯ ᠢ ᠬᠡᠷᠬᠢᠨ ᠨᠡᠩ ᠰᠠᠶᠢᠲᠤᠷ ᠪᠠᠳᠠᠷᠠᠭᠤᠯᠵᠤ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠳᠤ ᠰᠠᠨᠠᠯ ᠰᠠᠨᠠᠭᠤᠯᠭ᠎ᠠ ᠳᠤᠷᠠᠳᠪᠠ᠃
        ᠬᠤᠷᠠᠯ ᠳᠤ ᠣᠷᠣᠯᠴᠠᠭᠰᠠᠳ 2023 ᠣᠨ ᠠᠴᠠ ᠨᠠᠰᠢᠬᠢ ᠡᠯ᠎ᠡ ᠵᠡᠮᠳᠡᠭᠴᠦᠳ ᠤᠨ ᠲᠤᠰᠬᠠᠢ ᠨᠡᠶᠢᠭᠡᠮᠯᠢᠭ ᠤᠨ ᠠᠵᠢᠯ ᠢ ᠨᠤᠲᠠᠯᠠᠬᠤ ᠶᠢᠨ ᠬᠠᠮᠲᠤ ᠡᠯ᠎ᠡ ᠵᠡᠮᠳᠡᠭᠴᠦᠳ ᠤᠨ ᠲᠤᠰᠬᠠᠢ ᠨᠡᠶᠢᠭᠡᠮᠯᠢᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ︽ᠲᠥᠯᠥᠭᠡᠯᠡᠬᠦ᠂ ᠦᠢᠯᠡᠴᠢᠯᠡᠬᠦ᠂ ᠡᠷᠬᠡ ᠪᠠᠨ ᠬᠠᠮᠠᠭᠠᠯᠠᠬᠤ︾ ᠡᠭᠦᠷᠭᠡ ᠴᠢᠳᠠᠪᠤᠷᠢ ᠪᠠᠨ ᠦᠨᠡᠨᠬᠦ ᠭᠦᠢᠴᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠦᠯᠬᠦᠮᠳᠡᠨ ᠬᠠᠪᠰᠤᠷᠤᠯᠴᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠵᠡᠮᠳᠡᠭᠴᠦᠳ ᠤᠨ ᠲᠤᠰᠬᠠᠢ ᠨᠡᠶᠢᠭᠡᠮᠯᠢᠭ ᠤᠨ ᠬᠥᠭᠦᠷᠭᠡ ᠬᠤᠯᠪᠣᠭᠠᠰᠤ ᠪᠣᠯᠣᠨ ᠵᠥᠪᠯᠡᠭᠴᠢ ᠬᠠᠪᠰᠤᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号