ᠨᠠᠮ ᠤᠨ ᠭᠡᠰᠢᠭᠦᠨ ᠤ ᠮᠠᠲ᠋ᠧᠷᠢᠶᠠᠯ ᠢ ᠴᠢᠩᠭ᠎ᠠ ᠬᠢᠨᠠᠨ ᠬᠠᠷᠭᠤᠭᠤᠯᠵᠤ ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠦᠨᠡᠨ ᠪᠣᠳᠠᠲᠠᠢ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠨ᠎ᠠ
ᠨᠡᠶᠢᠲᠡᠯᠡᠭᠰᠡᠨ ᠴᠠᠭ᠄
2024/3/26
        ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠴᠠᠭ ᠢᠮᠠᠭᠲᠠ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠪᠡᠶᠡᠯᠡᠭᠦᠯᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠰᠢᠭᠤᠶᠢᠲᠤ ᠲᠣᠭᠤᠷᠢᠭ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃ ᠣᠶᠢᠷ᠎ᠠ ᠳᠤ᠂ ᠮᠠᠨ ᠤ ᠲᠣᠪᠴᠢᠶ᠎ᠠ ᠲᠤᠰᠬᠠᠢ ᠬᠥᠮᠥᠨ ᠲᠣᠬᠢᠷᠠᠭᠤᠯᠤᠨ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠳᠣᠲᠣᠷᠠᠬᠢ ᠨᠠᠮ ᠤᠨ ᠭᠡᠰᠢᠭᠦᠨ ᠤ ᠮᠠᠲ᠋ᠧᠷᠢᠶᠠᠯ ᠢ ᠲᠥᠪᠯᠡᠷᠡᠭᠦᠯᠦᠨ ᠬᠢᠨᠠᠨ ᠬᠠᠷᠭᠤᠭᠤᠯᠪᠠ᠃ ᠡᠨᠡ ᠤᠳᠠᠭᠠᠨ ᠤ ᠬᠢᠨᠠᠨ ᠬᠠᠷᠭᠤᠭᠤᠯᠬᠤ ᠠᠵᠢᠯ ᠤᠨ ᠵᠣᠷᠢᠯᠭ᠎ᠠ ᠨᠢ ᠨᠠᠮ ᠤᠨ ᠭᠡᠰᠢᠭᠦᠨ ᠤ ᠲᠠᠩᠰᠠ ᠡᠪᠬᠡᠮᠡᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠵᠤ᠂ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ ᠶᠤᠮ᠃        ᠬᠢᠨᠠᠨ ᠬᠠᠷᠭᠤᠭᠤᠯᠬᠤ ᠠᠵᠢᠯ ᠤᠨ ᠬᠠᠮᠢᠶ᠎ᠠ ᠪᠦᠬᠦᠢ ᠲᠣᠭᠲᠠᠭᠠᠯ ᠪᠠ ᠪᠠᠷᠢᠮᠵᠢᠶ᠎ᠠ ᠶᠢ ᠦᠨᠳᠦᠰᠦᠯᠡᠨ᠂ ᠲᠠᠩᠰᠠ ᠡᠪᠬᠡᠮᠡᠯ ᠤᠨ ᠳᠣᠲᠣᠷᠠᠬᠢ ᠨᠠᠮ ᠤᠨ ᠭᠡᠰᠢᠭᠦᠨ ᠤ ᠨᠠᠮ ᠳᠤ ᠣᠷᠣᠬᠤ ᠡᠷᠡᠮᠡᠯᠵᠡᠯ ᠤᠨ ᠪᠢᠴᠢᠭ᠂ ᠨᠠᠮ ᠳᠤ ᠣᠷᠣᠬᠤ ᠭᠤᠶᠤᠴᠢᠯᠠᠯ ᠤᠨ ᠪᠢᠴᠢᠭ᠂ ᠵᠢᠩᠬᠢᠨᠢᠴᠢᠯᠡᠬᠦ ᠭᠤᠶᠤᠴᠢᠯᠠᠯ ᠤᠨ ᠪᠢᠴᠢᠭ᠂ ᠤᠯᠤᠰ ᠲᠥᠷᠥ ᠶᠢᠨ ᠬᠢᠨᠠᠨ ᠪᠠᠶᠢᠴᠠᠭᠠᠯᠲᠠ ᠶᠢᠨ ᠪᠠᠶᠢᠳᠠᠯ ᠵᠡᠷᠭᠡ ᠮᠠᠲ᠋ᠧᠷᠢᠶᠠᠯ ᠢ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠪᠠ᠃ ᠬᠢᠨᠠᠨ ᠬᠠᠷᠭᠤᠭᠤᠯᠬᠤ ᠶᠠᠪᠤᠴᠠ ᠳᠤ᠂ ᠠᠵᠢᠯᠲᠠᠳ ᠪᠣᠭᠤᠮᠲᠠ ᠶᠢ ᠴᠢᠩᠭ᠎ᠠ ᠠᠳᠬᠤᠵᠤ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤᠨᠢ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠠᠢ ᠠᠰᠠᠭᠤᠨ ᠯᠠᠪᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠨᠡᠪᠲᠡᠷᠡᠯᠴᠡᠨ ᠬᠢᠨᠠᠨ ᠬᠠᠷᠭᠤᠭᠤᠯᠬᠤ ᠶᠢᠨ ᠬᠠᠮᠲᠤ ᠲᠡᠭᠦᠨ ᠢ ᠨᠥᠬᠦᠪᠦᠷᠢᠯᠡᠨ ᠲᠡᠭᠦᠯᠳᠡᠷᠵᠢᠭᠦᠯᠬᠦ ᠶᠢ ᠱᠠᠭᠠᠷᠳᠠᠪᠠ᠃        ᠲᠣᠰ ᠤᠳᠠᠭᠠᠨ ᠤ ᠬᠢᠨᠠᠨ ᠪᠠᠶᠢᠴᠠᠭᠠᠯᠲᠠ ᠪᠠᠷ ᠳᠡᠮᠵᠢᠨ᠂ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠶᠢᠰᠢᠳᠠ ᠶᠢᠨ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠳᠤ ᠨᠠᠶᠢᠳᠠᠪᠤᠷᠢᠲᠠᠢ ᠦᠨᠳᠦᠰᠦ ᠪᠠᠷᠢᠮᠲᠠ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠡᠨᠡ ᠤᠳᠠᠭᠠᠨ ᠤ ᠬᠢᠨᠠᠨ ᠬᠠᠷᠭᠤᠭᠤᠯᠤᠯᠲᠠ ᠴᠤ ᠨᠠᠮ ᠤᠨ ᠭᠡᠰᠢᠭᠦᠨ ᠤ ᠲᠣᠰ ᠪᠡᠶ᠎ᠡ ᠳᠤ ᠨᠠᠩ ᠥᠨᠳᠥᠷ ᠱᠠᠭᠠᠷᠳᠠᠯᠭ᠎ᠠ ᠳᠤᠷᠠᠳᠴᠤ᠂ ᠲᠡᠳᠡᠨ ᠤ ᠨᠠᠮ ᠤᠨ ᠰᠠᠬᠢᠯᠭ᠎ᠠ ᠪᠠᠲᠤ ᠪᠠ ᠲᠣᠭᠲᠠᠭᠠᠯ ᠢ ᠨᠠᠩ ᠤᠬᠠᠮᠰᠠᠷ ᠠᠴᠠ ᠪᠠᠨ ᠵᠢᠷᠤᠮᠯᠠᠬᠤ ᠶᠢ ᠠᠬᠢᠭᠤᠯᠵᠤ᠂ ᠲᠣᠰ ᠪᠡᠶ᠎ᠡ ᠶᠢᠨ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃        ᠲᠠᠷᠠᠭᠠᠴᠢ ᠶᠢᠨ ᠠᠯᠬᠤᠮ ᠳᠤ᠂ ᠰᠢᠭᠤᠶᠢᠲᠤ  ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠴᠢᠳᠠᠪᠤᠷᠢᠲᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠠᠴᠠ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠪᠠ ᠬᠢᠨᠠᠨ ᠬᠠᠷᠭᠤᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠩᠰᠠ ᠡᠪᠬᠡᠮᠡᠯ ᠤᠨ ᠮᠠᠲ᠋ᠧᠷᠢᠶᠠᠯ ᠤᠨ ᠦᠨᠡᠨ ᠪᠣᠳᠠᠲᠠᠢ ᠣᠨᠣᠪᠴᠢᠲᠠᠶ ᠪᠠ ᠪᠦᠷᠢᠨ ᠪᠦᠲᠦᠨ ᠵᠢᠷᠤᠮᠵᠢᠯ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃
1710840950219005986.jpeg
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号