ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠬᠡᠦᠬᠡᠳ ᠤᠨ ᠡᠷᠡᠭᠦᠯᠵᠢᠯ ᠤᠨ ᠪᠠᠶᠢᠭᠤᠯᠤᠮᠵᠢ ᠶᠢ ᠰᠤᠷᠪᠤᠯᠵᠢᠯᠠᠵᠤ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/3/26
        3 ᠰᠠᠷ᠎ᠠ ᠶᠢᠨ 15 ᠤ ᠡᠳᠦᠷ᠂ ᠡᠷᠡᠭᠦᠯᠵᠢᠯ ᠤᠨ ᠠᠵᠢᠯ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠳᠦᠷᠢᠮᠵᠢᠭᠦᠯᠬᠦ ᠠᠵᠢᠯᠯᠠᠭᠠᠨ ᠢ ᠤᠯᠠᠮ ᠨᠢᠭᠡ ᠠᠯᠬᠤᠮ ᠠᠬᠢᠭᠤᠯᠵᠤ᠂ ᠬᠡᠦᠬᠡᠳ ᠤᠨ ᠡᠷᠡᠭᠦᠯᠵᠢᠯ ᠤᠨ ᠠᠵᠢᠯ ᠢ ᠦᠨᠡᠨᠬᠦ ᠦᠢᠯᠡᠳᠦᠯᠭᠡ ᠳᠤᠮᠳᠠ ᠬᠦᠰᠡᠯᠡᠩ ᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠶᠢᠨ ᠲᠤᠰᠠᠳᠠ᠂  ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠲᠤᠰ ᠠᠵᠢᠯ ᠢ ᠬᠠᠷᠢᠭᠤᠴᠠᠵᠤ ᠪᠠᠶᠢᠭ᠎ᠠ ᠺᠠᠲᠷ ᠠᠵᠢᠯᠲᠠᠨ ᠠᠵᠢᠯᠴᠢᠨ ᠪᠤᠭᠤᠲᠤ ᠬᠤᠲᠠ ᠶᠢᠨ ᠬᠤᠪᠣᠷ  ᠰᠢᠷᠦᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠢ ᠵᠢᠶᠧ ᠺᠠᠩ ᠬᠡᠦᠬᠡᠳ ᠤᠨ ᠡᠷᠡᠭᠦᠯᠵᠢᠯ ᠤᠨ ᠲᠥᠪ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠹᠦ ᠷᠦᠢ ᠺᠠᠩ ᠡᠷᠡᠭᠦᠯᠵᠢᠯ ᠤᠨ ᠲᠥᠪ ᠪᠣᠯᠣᠨ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠶᠠᠩ ᠭᠤᠸᠠᠩ ᠰᠢᠨ  ᠢᠦᠢ ᠬᠡᠦᠬᠡᠳ ᠤᠨ ᠡᠷᠡᠭᠦᠯᠵᠢᠯ ᠤᠨ ᠲᠥᠪ ᠲᠤ ᠬᠦᠷᠴᠦ᠂ ᠰᠤᠷᠪᠤᠯᠵᠢᠯᠠᠨ ᠪᠠᠶᠢᠴᠠᠭᠠᠬᠤ ᠬᠡᠷᠡᠭᠲᠡᠢ᠃
1710831599323048512.jpg
        ᠡᠯ᠎ᠡ ᠪᠠᠶᠢᠭᠤᠯᠤᠮᠵᠢ ᠶᠢᠨ ᠠᠵᠤ ᠠᠬᠤᠶᠢᠯᠠᠯ ᠤᠨ ᠰᠣᠶᠣᠯ᠂ ᠬᠥᠭᠵᠢᠯᠲᠡ ᠶᠢᠨ ᠣᠶᠢᠯᠠᠭᠠᠭᠳᠠᠬᠤᠨ᠂ ᠪᠠᠭᠰᠢ ᠶᠢᠨ ᠪᠦᠯᠬᠦᠮ ᠤᠨ ᠪᠣᠯᠪᠠᠰᠤᠷᠠᠯ᠂ ᠵᠢᠭᠠᠨ ᠰᠤᠷᠭᠠᠯᠲᠠ ᠶᠢᠨ ᠲᠥᠯᠥᠪᠯᠡᠭᠡ᠂ 2024 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠨᠠᠷᠢᠨ ᠣᠶᠢᠯᠠᠭᠠᠭᠰᠠᠨ ᠤ ᠳᠠᠷᠠᠭ᠎ᠠ᠂ ᠵᠡᠮᠳᠡᠭᠴᠦᠳ ᠤᠨ ᠬᠤᠯᠪᠣᠭ᠎ᠠ ᠶᠢᠨ ᠺᠠᠳ᠋ᠷ ᠠᠵᠢᠯᠲᠠᠨ ᠠᠵᠢᠯᠴᠢᠨ ᠪᠠᠶᠢᠭᠤᠯᠤᠮᠵᠢ ᠶᠢᠨ ᠪᠠᠭᠰᠢ᠂ ᠡᠷᠡᠭᠦᠯᠵᠢᠯ ᠤᠨ ᠪᠠᠭᠰᠢ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠡᠷᠡᠭᠦᠯᠵᠢᠯ ᠤᠨ ᠬᠡᠦᠬᠡᠳ ᠤᠨ ᠪᠠᠶᠢᠳᠠᠯ᠂ ᠡᠷᠡᠭᠦᠯᠵᠢᠯ ᠤᠨ ᠵᠠᠷᠤᠳᠠᠯ ᠵᠢᠴᠢ ᠡᠷᠡᠭᠦᠯᠵᠢᠯ ᠤᠨ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ ᠳᠠᠷᠠᠭ᠎ᠠ ᠨᠢ ᠬᠡᠦᠬᠡᠳ ᠤᠨ ᠡᠷᠡᠭᠦᠯᠵᠢᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠪᠠ ᠭᠡᠷ ᠪᠦᠯᠢ ᠶᠢᠨ ᠳᠡᠮᠵᠢᠯᠭᠡ ᠶᠢᠨ ᠴᠢᠨᠠᠷᠲᠠᠢ ᠦᠢᠯᠡᠴᠢᠯᠡᠭᠡᠨ ᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ︔ ᠬᠡᠦᠬᠡᠳ ᠤᠨ ᠡᠷᠡᠭᠦᠯᠵᠢᠯ ᠤᠨ ᠵᠢᠭᠠᠨ ᠰᠤᠷᠭᠠᠯᠲᠠ ᠶᠢᠨ ᠬᠢᠴᠢᠶᠡᠯ ᠤᠨ ᠲᠥᠯᠥᠪᠯᠡᠭᠡ ᠶᠢᠨ ᠬᠦᠰᠦᠨᠦᠭᠲᠦ ᠵᠢᠴᠢ ᠬᠠᠮᠢᠶ᠎ᠠ ᠪᠦᠬᠦᠢ ᠲᠠᠩᠰᠠ ᠡᠪᠬᠡᠮᠡᠯ ᠤᠨ ᠮᠠᠲ᠋ᠧᠷᠢᠶᠠᠯ ᠢ ᠰᠢᠯᠵᠢᠭᠦᠯᠦᠨ ᠦᠵᠡᠵᠦ᠂ ᠬᠡᠦᠬᠡᠳ ᠤᠨ ᠡᠷᠡᠭᠦᠯᠵᠢᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠪᠠᠭᠰᠢ ᠶᠢᠨ ᠬᠦᠴᠦᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
1710831599450005061.jpg
        ᠡᠷᠡᠭᠦᠯᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠠᠢ ᠶᠠᠷᠢᠯᠴᠠᠬᠤ ᠳᠤᠮᠳᠠ᠂ ᠵᠡᠮᠳᠡᠭᠴᠦᠳ ᠤᠨ ᠬᠤᠯᠪᠣᠭ᠎ᠠ ᠶᠢᠨ ᠺᠠᠳ᠋ᠷ ᠠᠵᠢᠯᠲᠠᠨ ᠠᠵᠢᠯᠴᠢᠨ᠂ ᠡᠷᠡᠭᠦᠯᠵᠢᠯ ᠤᠨ ᠪᠠᠶᠢᠭᠤᠯᠤᠮᠵᠢ ᠶᠢᠨ ᠵᠡᠮᠳᠡᠭ ᠬᠡᠦᠬᠡᠳ ᠤᠨ ᠡᠷᠡᠭᠦᠯᠵᠢᠯ ᠤᠨ ᠵᠠᠷᠤᠳᠠᠯ ᠤᠨ ᠬᠡᠷᠡᠭᠯᠡᠯᠲᠡ ᠪᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠵᠡᠮᠳᠡᠭ ᠬᠡᠦᠬᠡᠳ ᠤᠨ ᠡᠷᠡᠭᠦᠯᠵᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠡᠦᠬᠡᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠬᠡᠷᠡᠭᠴᠡᠭᠡ ᠶᠢ ᠬᠦᠴᠦᠯᠡᠨ ᠪᠠᠲᠤᠯᠠᠵᠤ᠂ ᠵᠡᠮᠳᠡᠭ ᠬᠡᠦᠬᠡᠳ ᠢ ᠦᠨᠡᠨ ᠬᠦ ᠬᠠᠪᠰᠤᠷᠤᠨ ᠡᠷᠲᠡᠬᠡᠨ ᠡᠷᠡᠭᠦᠯ ᠮᠡᠨᠳᠦ ᠶᠢ ᠨᠢ ᠰᠡᠷᠭᠦᠭᠡᠵᠦ᠂ ᠵᠡᠮᠳᠡᠭᠴᠦᠳ ᠢ ᠲᠤᠰᠠᠯᠠᠵᠤ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠬᠠᠩᠭᠠᠭᠰᠠᠨ ᠡᠯ᠎ᠡ ᠲᠠᠯ᠎ᠠ ᠶᠢᠨ ᠪᠠᠲᠤᠯᠠᠭ᠎ᠠ ᠳᠣᠣᠷ᠎ᠠ᠂ ᠢᠳᠡᠷᠡᠭᠦᠨ ᠢᠶᠠᠷ ᠦᠰᠦᠨ ᠪᠣᠶᠢᠵᠢᠬᠤ ᠬᠡᠷᠡᠭᠲᠡᠢ ᠭᠡᠵᠦ ᠳᠤᠷᠠᠳᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号