ᠠᠵᠢᠯ ᠣᠯᠭᠤᠯᠲᠠ ᠶᠢᠨ ᠪᠡᠯᠡ ᠮᠥᠩᠭᠦ ᠶᠢᠨ ᠠᠷᠢᠭᠤᠨ ᠴᠢᠬᠡᠴᠢ ᠥᠨᠳᠥᠷ ᠪᠦᠲᠦᠮᠵᠢᠲᠡᠶ ᠬᠡᠷᠡᠭᠯᠡᠯᠲᠡ ᠶᠢ ᠬᠢᠨᠠᠨ ᠪᠠᠲᠤᠯᠠᠨ᠎ᠠ
ᠨᠡᠶᠢᠲᠡᠯᠡᠭᠰᠡᠨ ᠴᠠᠭ᠄
2024/3/26
        ᠠᠵᠢᠯ ᠣᠯᠭᠤᠯᠲᠠ ᠶᠢᠨ ᠰᠠᠭᠤᠷᠢ ᠮᠥᠩᠭᠦ ᠶᠢᠨ ᠬᠢᠨᠠᠯᠲᠠ ᠲᠠᠯᠪᠢᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠠᠭᠤᠷᠢ ᠮᠥᠩᠭᠦ ᠶᠢᠨ ᠪᠡᠯᠡ ᠮᠥᠩᠭᠦ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠣᠶᠢᠷ᠎ᠠ ᠳᠤ᠂ ᠬᠢᠨᠠᠨ ᠪᠤᠳᠤᠬᠤ ᠬᠢᠨᠠᠯᠲᠠ ᠲᠠᠯᠪᠢᠬᠤ ᠲᠠᠰᠤᠭ ᠠᠴᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ 2024 ᠣᠨ ᠤ ᠨᠢᠭᠡᠳᠦᠭᠡᠷ ᠤᠯᠠᠷᠢᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠠᠵᠢᠯᠯᠠᠭᠠᠨ ᠤ ᠪᠠᠶᠢᠳᠠᠯ ᠳᠤ ᠲᠤᠬᠠᠢ ᠶᠢᠨ ᠲᠠᠯᠠᠪᠤᠷ ᠤᠨ ᠬᠢᠨᠠᠯᠲᠠ ᠪᠠᠶᠢᠴᠠᠭᠠᠯᠲᠠ ᠥᠷᠨᠢᠭᠦᠯᠪᠡ᠃
1710927623896094340.jpg
        ᠲᠣᠰ ᠤᠳᠠᠭᠠᠨ ᠤ ᠪᠠᠶᠢᠴᠠᠭᠠᠯᠲᠠ ᠨᠢ ᠬᠠᠷᠢᠭᠤ ᠮᠡᠳᠡᠭᠦᠯᠦᠯᠲᠡ ᠶᠢ ᠰᠣᠨᠣᠰᠬᠤ᠂ ᠠᠩᠬᠠᠨ ᠤ ᠡᠬᠡ ᠲᠠᠩᠰᠠ ᠶᠢ ᠪᠠᠶᠢᠴᠠᠭᠠᠨ ᠦᠵᠡᠬᠦ᠂ ᠬᠠᠮᠢᠶ᠎ᠠ ᠪᠦᠬᠦᠢ ᠮᠠᠲ᠋ᠧᠷᠢᠶᠠᠯ ︵ᠬᠤᠯᠪᠣᠭᠳᠠᠯ ᠪᠦᠬᠦᠢ ᠳᠦᠷᠢᠮ ᠲᠣᠭᠲᠠᠭᠠᠯ᠂ ᠨᠢᠭᠲᠠᠯᠠᠨ ᠪᠤᠳᠤᠬᠤ ᠭᠡᠷᠡᠴᠢ ᠪᠠᠷᠢᠮᠲᠠ᠂ ᠨᠢᠭᠲᠠᠯᠠᠨ ᠪᠤᠳᠤᠬᠤ ᠲᠠᠩᠰᠠ ᠳᠡᠪᠲᠡᠷ᠂ ᠨᠢᠭᠲᠠᠯᠠᠨ ᠪᠤᠳᠤᠬᠤ ᠮᠡᠳᠡᠭᠦᠯᠦᠯᠲᠡ ᠶᠢᠨ ᠬᠦᠰᠦᠨᠦᠭᠲᠦ ᠵᠡᠷᠭᠡ︶᠂ ᠲᠤᠬᠠᠢ ᠶᠢᠨ ᠲᠠᠯᠠᠪᠤᠷ ᠲᠤ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠬᠦ ᠶᠢᠨ ᠬᠠᠮᠲᠤ᠂ ᠲᠤᠰᠠᠯᠠᠮᠵᠢ ᠶᠢᠨ ᠪᠡᠯᠡ ᠮᠥᠩᠭᠦ ᠭᠥᠷᠳᠡᠭᠰᠡᠨ ᠬᠡᠰᠡᠭ ᠬᠤᠪᠢ ᠬᠥᠮᠥᠨ ᠤ ᠮᠡᠳᠡᠭᠡ ᠵᠠᠩᠭᠢ ᠶᠢᠨ ᠦᠨᠡᠨ ᠪᠣᠳᠠᠲᠠᠢ ᠲᠣᠭᠲᠠᠭᠠᠯ ᠳᠤ ᠨᠡᠶᠢᠴᠡᠬᠦ ᠡᠰᠡᠬᠦ ᠶᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠵᠤ᠂ ᠪᠠᠶᠢᠴᠠᠭᠠᠬᠤ ᠶᠠᠪᠤᠴᠠ ᠳᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠲᠠᠢ ᠭᠦᠨᠵᠡᠭᠡᠢ ᠰᠣᠯᠢᠯᠴᠠᠭ᠎ᠠ ᠬᠢᠵᠦ᠂ ᠠᠵᠢᠯ ᠤᠨ ᠡᠬᠡ ᠨᠣᠣᠷᠠᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠢ ᠠᠵᠢᠯ ᠤᠨ ᠳᠦᠷᠢᠮ᠂ ᠳᠣᠲᠣᠭᠠᠳᠤ ᠶᠢᠨ ᠡᠵᠡᠮᠳᠡᠯ ᠵᠢᠴᠢ ᠵᠣᠬᠢᠴᠠᠬᠤ ᠦᠭᠡᠢ ᠠᠵᠢᠯ ᠤᠨ ᠪᠠᠶᠢᠷᠢ ᠶᠢᠨ ᠡᠳᠦᠷ ᠲᠤᠲᠤᠮ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠣᠲᠣᠭᠠᠳᠤ ᠭᠠᠳᠠᠭᠠᠳᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠪᠦᠷᠢᠨ ᠲᠡᠭᠦᠯᠳᠡᠷ ᠠᠵᠢᠯ ᠣᠯᠭᠤᠯᠲᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃        ᠰᠡᠵᠢᠭ ᠲᠠᠢ ᠭᠠᠵᠠᠷ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠳᠤ ᠴᠢᠭᠯᠡᠭᠦᠯᠦᠨ᠂ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠬᠡᠬᠦ ᠠᠵᠢᠯᠲᠠᠨ ᠢ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠲᠤᠭ᠎ᠠ ᠪᠠᠷᠢᠮᠲᠠ ᠶᠢᠨ ᠬᠥᠮᠥᠷᠭᠡ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠭᠠᠷᠠᠭᠤᠯᠤᠨ ᠰᠢᠨᠡᠳᠬᠡᠵᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠤᠪᠤᠷᠠᠯ ᠢ ᠵᠢᠷᠤᠮᠵᠢᠭᠤᠯᠤᠨ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠠᠵᠢᠯ ᠠᠯᠳᠠᠯᠲᠠ ᠶᠢᠨ ᠳᠠᠭᠠᠳᠬᠠᠯ ᠤᠨ ᠣᠯᠭᠤᠮᠵᠢ ᠠᠪᠬᠤ ᠬᠥᠮᠥᠰ ᠤᠨ ᠲᠤᠭ᠎ᠠ ᠪᠠᠷᠢᠮᠲᠠ ᠳᠤ ᠲᠣᠭᠲᠠᠮᠠᠯ ᠬᠤᠭᠤᠴᠠᠭ᠎ᠠ ᠲᠠᠢ ᠪᠠᠷ ᠥᠩᠭᠡᠷᠡᠭᠰᠡᠨ ᠤ ᠬᠢᠨᠠᠨ ᠪᠠᠶᠢᠴᠠᠭᠠᠯᠲᠠ ᠬᠢᠵᠦ᠂ ᠰᠡᠷᠭᠡᠶᠢᠯᠡᠯᠲᠡ ᠶᠢ ᠰᠠᠶᠢᠲᠤᠷ ᠬᠢᠵᠦ᠂ ᠠᠯᠳᠠᠰᠢ ᠭᠠᠷᠬᠤ ᠶᠢ ᠰᠡᠷᠭᠡᠶᠢᠯᠡᠨ᠂ ᠡᠯ᠎ᠡ ᠲᠥᠷᠥᠯ ᠤᠨ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠶᠢ ᠮᠡᠬᠡᠯᠡᠨ ᠠᠪᠬᠤ᠂ ᠮᠡᠬᠡᠯᠡᠨ ᠠᠪᠬᠤ᠂ ᠪᠠᠲᠤᠯᠠᠬᠤ ᠪᠤᠶᠤ ᠱᠠᠮᠰᠢᠨ ᠡᠵᠡᠯᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠠᠭᠤᠷᠢ ᠮᠥᠩᠭᠦ᠂ ᠪᠡᠯᠡ ᠮᠥᠩᠭᠦ ᠶᠢᠨ ᠠᠮᠤᠷ ᠲᠦᠪᠰᠢᠨ ᠤ ᠠᠵᠢᠯᠯᠠᠭᠠᠨ ᠢ ᠳᠦᠷᠢᠮᠵᠢᠭᠦᠯᠵᠦ᠂ ᠪᠠᠶᠢᠩᠭᠤᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号