ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ︽ᠬᠠᠤᠯᠢ ᠴᠠᠭᠠᠵᠠ ᠶᠢᠨ ᠮᠡᠳᠡᠯᠭᠡ ᠶᠢ ᠰᠠᠷ᠎ᠠ ᠪᠦᠷᠢ ᠨᠢᠭᠡ ᠰᠤᠷᠤᠯᠴᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/3/5
        ᠣᠶᠢᠷ᠎ᠠ ᠳᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠡᠮᠳᠡᠭᠴᠦᠳ ᠤᠨ ᠬᠤᠯᠪᠣᠭ᠎ᠠ ᠶᠢᠨ ᠺᠠᠳ᠋ᠷ ᠠᠵᠢᠯᠲᠠᠨ ᠠᠵᠢᠯᠴᠢᠨ ᠤ ᠬᠠᠤᠯᠢ ᠰᠤᠷᠬᠤ᠂ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠬᠡᠷᠡᠭᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠠᠴᠠ ᠪᠥᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠬᠤᠶᠠᠷ ᠬᠤᠭᠤᠴᠠᠭᠠᠨ ᠤ ︽ᠬᠠᠤᠯᠢ ᠴᠠᠭᠠᠵᠠ ᠶᠢᠨ ᠮᠡᠳᠡᠯᠭᠡ ᠶᠢ ᠰᠠᠷ᠎ᠠ ᠪᠦᠷᠢ ᠨᠢᠭᠡ ᠰᠤᠷᠤᠯᠴᠠᠬᠤ︾ ᠠᠵᠢᠯᠯᠠᠭ᠎ᠠ ᠥᠷᠨᠢᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾ ᠶᠢ ᠭᠦᠨᠵᠡᠭᠡᠢ ᠰᠤᠷᠤᠯᠴᠠᠪᠠ᠃
1709022817048050753.png
        ᠪᠣᠳᠠᠲᠠᠢ ᠬᠠᠤᠯᠢ ᠴᠠᠭᠠᠵᠠ ᠶᠢᠨ ᠮᠡᠳᠡᠯᠭᠡ ᠶᠢᠨ ᠰᠤᠷᠤᠯᠴᠠᠯᠭ᠎ᠠ ᠪᠠ ᠬᠠᠷᠢᠶ᠎ᠠ ᠣᠷᠣᠨ ᠤ ᠵᠡᠮᠳᠡᠭᠴᠦᠳ ᠤᠨ ᠡᠷᠡᠭᠦᠯᠵᠢᠯ᠂ ᠡᠷᠬᠡ ᠪᠠᠨ ᠬᠠᠮᠠᠭᠠᠯᠠᠬᠤ᠂ ᠰᠤᠷᠭᠠᠨ ᠬᠥᠮᠥᠵᠢᠭᠦᠯᠵᠦ ᠠᠵᠢᠯ ᠣᠯᠭᠤᠬᠤ᠂ ᠤᠬᠠᠭᠤᠯᠭ᠎ᠠ ᠪᠠ ᠪᠡᠶ᠎ᠡ ᠶᠢᠨ ᠲᠠᠮᠢᠷ ᠤᠨ ᠠᠵᠢᠯ ᠤᠨ ᠦᠢᠯᠡᠳᠦᠯᠭᠡ ᠶᠢ ᠤᠶᠠᠯᠳᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ᠂ ᠶᠠᠪᠤᠴᠠ ᠪᠠ ᠠᠭᠤᠯᠭ᠎ᠠ ᠶᠢ ᠨᠠᠷᠢᠨ ᠲᠠᠶᠢᠯᠪᠤᠷᠢᠯᠠᠪᠠ᠃ ᠪᠦᠬᠦ ᠺᠠᠳ᠋ᠷ ᠠᠵᠢᠯᠲᠠᠨ ᠠᠵᠢᠯᠴᠢᠨ ᠶᠡᠷᠦᠩᠬᠡᠢ ᠱᠦᠵᠢ ᠰᠢ ᠶᠢᠨ ᠫᠢᠩ ᠤᠨ ᠵᠡᠮᠳᠡᠭᠴᠦᠳ ᠤᠨ ᠦᠢᠯᠡᠰ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠠᠷ ᠳᠠᠮᠵᠢᠭᠤᠯᠤᠨ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠵᠡᠷᠭᠡ ᠳᠥᠷᠪᠡᠨ ᠳᠠᠪᠬᠤᠷᠭ᠎ᠠ ᠠᠴᠠ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠯᠡᠨ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠪᠡ᠃        ︽ᠬᠠᠤᠯᠢ ᠴᠠᠭᠠᠵᠠ ᠶᠢᠨ ᠮᠡᠳᠡᠯᠭᠡ ᠶᠢᠨ ᠰᠠᠷ᠎ᠠ ᠪᠦᠷᠢ ᠨᠢᠭᠡ ᠤᠳᠠᠭ᠎ᠠ ᠰᠤᠷᠤᠯᠴᠠᠬᠤ︾ ᠠᠵᠢᠯᠯᠠᠭ᠎ᠠ ᠨᠢ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠮᠥᠨ ᠴᠦ ᠵᠡᠮᠳᠡᠭᠴᠦᠳ ᠤᠨ ᠬᠤᠯᠪᠣᠭ᠎ᠠ ᠶᠢᠨ ᠺᠠᠳ᠋ᠷ ᠠᠵᠢᠯᠲᠠᠨ ᠠᠵᠢᠯᠴᠢᠨ ᠤ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠵᠡᠮᠳᠡᠭᠴᠦᠳ ᠲᠤ ᠦᠢᠯᠡᠴᠢᠯᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠬᠦᠴᠦᠲᠡᠢ ᠠᠬᠢᠭᠤᠯᠵᠤ᠂ ᠬᠠᠤᠯᠢ ᠪᠠᠷ ᠵᠠᠰᠠᠬᠤ ᠰᠠᠭᠤᠷᠢ ᠶᠢ ᠪᠠᠲᠤᠳᠬᠠᠵᠠᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号