ᠴᠢᠳᠠᠪᠤᠷᠢᠲᠠᠨ ᠢ ᠴᠤᠭᠯᠠᠷᠠᠭᠤᠯᠵᠤ᠂ ᠣᠳᠣᠨ ᠢ ᠭᠡᠶᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/3/5
        2023 ᠣᠨ ᠳᠤ᠂ ᠰᠢᠭᠤᠶᠢᠲᠤ ᠲᠣᠭᠣᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠴᠢᠳᠠᠪᠤᠷᠢᠲᠠᠨ ᠢ ᠤᠷᠢᠳ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠤᠷᠢᠳ ᠬᠤᠵᠢᠳ ᠲᠣᠭᠣᠷᠢᠭ ᠤᠨ ᠳᠣᠲᠣᠷ᠎ᠠ ᠭᠠᠳᠠᠨᠠᠬᠢ ᠠᠷᠪᠠ ᠭᠠᠷᠤᠢ ᠶᠡᠭᠡ ᠳᠡᠭᠡᠳᠦ ᠰᠤᠷᠭᠠᠭᠤᠯᠢ ᠳᠤ ᠬᠦᠷᠴᠦ ᠠᠵᠢᠯ ᠤᠨ ᠪᠠᠶᠢᠷᠢ ᠪᠠᠨ ᠳᠠᠭᠠᠭᠤᠯᠤᠨ ᠡᠯ᠎ᠡ ᠲᠥᠷᠥᠯ ᠤᠨ ᠴᠢᠳᠠᠪᠤᠷᠢᠲᠠᠨ ᠤᠷᠢᠬᠤ ᠬᠤᠷᠠᠯ ᠳᠤ ᠣᠷᠣᠯᠴᠠᠭᠰᠠᠨ ᠪᠥᠭᠡᠳ ᠠᠯᠪᠠᠨ ᠤ ᠲᠠᠯ᠎ᠠ ᠶᠢᠨ ᠴᠤᠤᠷᠢᠶ᠎ᠠ ᠶᠢ ᠰᠢᠭᠤᠳ ᠨᠡᠪᠲᠡᠷᠡᠭᠦᠯᠬᠦ ᠠᠵᠢᠯᠯᠠᠭ᠎ᠠ ᠥᠷᠨᠢᠭᠦᠯᠵᠦ᠂ ᠠᠵᠢᠭᠯᠠᠯᠲᠠ ᠶᠢᠨ ᠬᠡᠮᠵᠢᠶ᠎ᠡ ᠨᠡᠶᠢᠲᠡ 5 ᠲᠦᠮᠡ ᠭᠠᠷᠤᠢ ᠬᠥᠮᠥᠨ ᠳᠤ ᠬᠦᠷᠴᠦ᠂ ᠲᠣᠪᠴᠢ ᠨᠠᠮᠲᠠᠷ ᠢ 300 ᠭᠠᠷᠤᠢ ᠬᠤᠪᠢ ᠴᠤᠭᠯᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠤᠪᠢ ᠬᠥᠮᠥᠨ ᠤ ᠮᠡᠳᠡᠭᠡ ᠵᠠᠩᠭᠢ ᠪᠠ ᠠᠵᠢᠯ ᠤᠨ ᠪᠠᠶᠢᠷᠢ ᠶᠢᠨ ᠬᠡᠷᠡᠭᠴᠡᠭᠡ ᠶᠢ ᠣᠯᠵᠠᠢ᠃        2024 ᠣᠨ ᠳᠤ᠂ ᠪᠢᠳᠡ ᠢᠩᠭᠢᠵᠦ  ᠬᠢᠨ᠎ᠡ᠄        ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ ᠨᠠᠷᠢᠯᠢᠭ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ᠃ 2024 ᠣᠨ ᠤ ᠬᠠᠪᠤᠷ ᠤᠨ ᠤᠯᠠᠷᠢᠯ ᠳᠤ᠂ 4 ᠠᠵᠤ ᠠᠬᠤᠶᠢᠯᠠᠯ ᠤᠨ 72 ᠴᠢᠳᠠᠪᠤᠷᠢᠲᠠᠨ ᠤ ᠬᠡᠷᠡᠭᠴᠡᠭᠡ ᠶᠢ ᠴᠤᠭᠯᠠᠭᠤᠯᠵᠤ᠂ ᠬᠡᠮᠵᠢᠨ ᠵᠢᠷᠤᠬᠤ ᠮᠡᠷᠭᠡᠵᠢᠯ ᠤᠨ ᠢᠨᠵᠧᠨᠧᠷ᠂ ᠭᠠᠷ ᠤᠷᠠᠯᠠᠯ ᠤᠨ ᠮᠡᠷᠭᠡᠵᠢᠯᠲᠡᠨ᠂ ᠠᠮᠤᠷ ᠲᠦᠪᠰᠢᠨ ᠤ ᠬᠠᠮᠢᠶᠠᠷᠤᠭᠴᠢ ᠵᠡᠷᠭᠡ ᠠᠵᠢᠯ ᠤᠨ ᠪᠠᠶᠢᠷᠢ ᠶᠢᠨ ᠬᠡᠷᠡᠭᠴᠡᠭᠡ ᠳᠤ ᠬᠤᠯᠪᠣᠭᠳᠠᠵᠤ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠢ ᠳᠠᠭᠠᠵᠤ ᠬᠢᠭᠰᠡᠨ ᠰᠠᠭᠤᠷᠢᠨ ᠳᠡᠭᠡᠷ᠎ᠡ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠠᠵᠢᠯ ᠤᠨ ᠳᠤᠮᠳᠠᠬᠢ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠭᠯᠡᠯ ᠢ ᠣᠨᠣᠪᠴᠢᠲᠠᠶ ᠡᠷᠢᠨ ᠣᠯᠵᠤ᠂ ᠬᠥᠮᠥᠨ ᠬᠡᠷᠡᠭᠯᠡᠬᠦ ᠨᠢᠭᠡᠴᠡ ᠲᠠᠢ ᠵᠣᠯᠭᠠᠭᠤᠯᠵᠤ᠂ ᠬᠠᠨᠳᠤᠯᠭᠠᠲᠤ ᠴᠢᠨᠠᠷᠲᠠᠢ ᠪᠠᠷ ᠴᠢᠳᠠᠪᠤᠷᠢᠲᠠᠨ ᠤᠷᠢᠵᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠬᠦᠴᠦᠨ  ᠨᠡᠮᠡᠷᠢᠯᠡᠨ᠎ᠡ᠃        ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠤᠯᠠᠨ ᠲᠠᠯ᠎ᠠ ᠪᠠᠷ ᠰᠢᠪᠲᠤᠯᠤᠯᠲᠠ  ᠬᠢᠨ᠎ᠡ᠃ ᠵᠠᠬ᠎ᠠ ᠳᠡᠯᠭᠡᠭᠦᠷ ᠤᠨ ᠬᠥᠮᠥᠨ ᠤ ᠬᠦᠴᠦᠨ ᠤ ᠡᠬᠢ ᠪᠠᠶᠠᠯᠢᠭ ᠢ ᠲᠣᠬᠢᠷᠠᠭᠤᠯᠬᠤ ᠳᠤᠮᠳᠠᠬᠢ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ᠋ ᠪᠠᠳᠠᠷᠠᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠴᠢᠳᠠᠪᠤᠷᠢᠲᠠᠨ ᠤ ᠵᠠᠬ᠎ᠠ ᠳᠡᠯᠭᠡᠭᠦᠷ ᠤᠨ ᠡᠳᠦᠷ ᠲᠤᠲᠤᠮ ᠤᠨ ᠠᠵᠢᠯᠲᠠᠨ ᠡᠯᠰᠡᠬᠦ ᠪᠠ ︽ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ︾ ᠶᠢ ᠣᠷᠭᠠᠨᠢᠭ ᠢᠶᠠᠷ ᠤᠶᠠᠯᠳᠤᠭᠤᠯᠵᠤ᠂ ︽ᠭᠠᠷᠠᠭ ᠪᠦᠷᠢ ᠠᠵᠢᠯᠲᠠᠨ ᠡᠯᠰᠡᠬᠦ︾ ᠶᠢ ᠪᠡᠶᠡᠯᠡᠭᠦᠯᠦᠨ᠎ᠡ᠃ ᠵᠤᠷᠰᠢᠯ ᠤᠨ ᠴᠢᠨᠠᠷᠲᠠᠢ ᠠᠵᠢᠯᠲᠠᠨ ᠡᠯᠰᠡᠬᠦ ᠠᠵᠢᠯᠯᠠᠭ᠎ᠠ ᠶᠢ ᠰᠠᠶᠢᠲᠤᠷ ᠬᠢᠬᠦ ᠶᠢᠨ ᠬᠠᠮᠲᠤ᠂ ᠪᠥᠬᠦ ᠣᠷᠣᠨ ᠤ ᠬᠡᠪᠴᠢᠶᠡᠨ ᠳᠤ ︽ᠡᠭᠡᠯᠵᠢᠯᠡᠨ ᠠᠵᠤ ᠠᠬᠤᠶᠢᠯᠠᠯ ᠳᠤ ᠬᠦᠷᠴᠦ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ︾ ᠠᠵᠢᠯᠯᠠᠭ᠎ᠠ ᠶᠢ ᠥᠷᠨᠢᠭᠦᠯᠵᠦ᠂ ᠨᠠᠩ ᠣᠯᠠᠨ ᠬᠦᠰᠡᠯᠡᠩ ᠲᠠᠢ ᠬᠥᠮᠥᠰ ᠲᠤ ᠰᠢᠭᠤᠶᠢᠲᠤ ᠭᠠᠵᠠᠷ ᠢ ᠨᠢ ᠣᠶᠢᠯᠠᠭᠠᠭᠤᠯᠵᠤ᠂ ᠰᠢᠭᠤᠶᠢᠲᠤ ᠭᠠᠵᠠᠷ ᠲᠤ ᠨᠤᠲᠤᠭᠰᠢᠭᠤᠯᠵᠤ᠂ ᠰᠢᠭᠤᠶᠢᠲᠤ ᠭᠠᠵᠠᠷ ᠢ ᠨᠢ ᠬᠠᠶᠢᠷᠠᠯᠠᠬᠤ ᠪᠣᠯᠭᠠᠬᠤ ᠬᠡᠷᠡᠭᠲᠡᠢ᠃        ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠭᠦᠢᠴᠡᠳ ᠠᠭᠤᠳᠠᠯᠤᠨ᠎ᠠ᠃ ᠴᠤᠤᠷᠢᠶ᠎ᠠ ᠪᠠᠷ ︽ᠰᠦᠯᠵᠢᠶᠡᠨ ᠳᠡᠭᠡᠷ᠎ᠡ ᠠᠵᠢᠯ ᠤᠨ ᠪᠠᠶᠢᠷᠢ ᠪᠠᠨ ᠳᠠᠶᠢᠴᠢᠯᠠᠬᠤ᠂ ᠰᠦᠯᠵᠢᠶᠡᠨ ᠭᠠᠳᠠᠨ᠎ᠠ ᠴᠢᠳᠠᠪᠤᠷᠢᠲᠠᠨ ᠢ ᠲᠠᠲᠠᠬᠤ︾ ᠠᠵᠢᠯᠲᠠᠨ ᠡᠯᠰᠡᠬᠦ ᠰᠢᠰᠲ᠋ᠧᠮ ᠢ ᠪᠠᠶᠢᠭᠤᠯᠵᠤ᠂ ᠰᠢᠨ᠎ᠡ ᠵᠠᠭᠤᠴᠢᠯᠠᠭᠤᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠦᠢᠯᠡᠴᠢᠯᠡᠭᠡᠨ ᠤ ᠦᠷ᠎ᠡ ᠪᠦᠲᠦᠮᠵᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠬᠢᠭᠡᠳ ᠮᠤᠵᠢ ᠶᠢᠨ ᠭᠠᠳᠠᠨᠠᠬᠢ ᠬᠥᠳᠡᠯᠮᠦᠷᠢ ᠬᠦᠴᠦᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠠᠵᠢᠯᠴᠢᠨ ᠬᠡᠷᠡᠭᠯᠡᠬᠦ ᠤᠷᠤᠰᠬᠠᠯ ᠢ ᠵᠠᠯᠠᠬᠤ ᠠᠷᠭ᠎ᠠ ᠵᠠᠮ ᠢ ᠥᠷᠭᠡᠳᠬᠡᠨ᠂ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠨᠠᠷᠢᠯᠢᠭ ᠣᠨᠣᠴᠠᠲᠠᠢ ᠪᠠᠷ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠠᠵᠢᠯᠲᠠᠨ ᠡᠯᠰᠡᠬᠦ ᠠᠵᠢᠯᠯᠠᠭ᠎ᠠ ᠶᠢ ᠲᠥᠪᠯᠡᠷᠡᠭᠦᠯᠦᠨ ᠡᠷᠭᠢᠯᠡᠵᠦ᠂ ᠰᠢᠭᠤᠶᠢᠲᠤ  ᠲᠣᠭᠣᠷᠢᠭ ᠤᠨ ᠰᠢᠨ᠎ᠡ ᠶᠢ ᠡᠭᠦᠳᠬᠦ ᠣᠷᠣᠨ᠂ ᠵᠣᠯ ᠵᠢᠷᠭᠠᠯᠲᠤ ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ  ᠬᠠᠩᠭᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号