ᠰᠢᠭᠤᠶᠢᠲᠤ ᠲᠣᠭᠤᠲᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ 2024 ᠣᠨ ᠤ ᠠᠵᠤ ᠠᠬᠤᠶᠢᠯᠠᠯ ᠤᠨ ᠨᠢᠭᠡᠴᠡ ᠶᠢᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠢ ᠮᠡᠳᠡᠭᠦᠯᠬᠦ ᠠᠵᠢᠯ ᠢ ᠢᠳᠡᠪᠬᠢᠲᠡᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2024/3/5
        ᠪᠤᠭᠤᠲᠤ ᠬᠤᠲᠠ ᠶᠢᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ ᠦᠢᠯᠡᠴᠢᠯᠡᠭᠡᠨ ᠤ ᠲᠥᠪ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠰᠢᠭᠤᠶᠢᠲᠤ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ 2024 ᠣᠨ ᠤ ᠠᠵᠤ ᠠᠬᠤᠶᠢᠯᠠᠯ ᠤᠨ ᠨᠢᠭᠡᠴᠡ ᠶᠢᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠢ ᠮᠡᠳᠡᠭᠦᠯᠬᠦ ᠠᠵᠢᠯ ᠢ ᠢᠳᠡᠪᠬᠢᠲᠡᠢ ᠲᠣᠬᠢᠷᠠᠭᠤᠯᠤᠨ ᠥᠷᠨᠢᠭᠦᠯᠪᠡ᠃ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠴᠠᠯᠢᠩ ᠪᠣᠯ ᠠᠵᠢᠯᠲᠠᠨ ᠠᠵᠢᠯᠴᠢᠳ ᠤᠨ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠣᠯᠭᠤᠮᠵᠢ ᠬᠦᠷᠳᠡᠬᠦ ᠴᠢᠬᠤᠯᠠ ᠦᠨᠳᠦᠰᠦᠯᠡᠯ ᠪᠣᠯᠬᠤᠷ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠵᠠᠷᠤᠳᠠᠯ ᠲᠤᠰᠢᠶᠠᠬᠤ ᠴᠠᠯᠢᠩ ᠢᠶᠠᠨ ᠮᠡᠳᠡᠭᠦᠯᠬᠦ ᠬᠡᠷᠡᠭᠲᠡᠢ᠃ ᠲᠥᠪ ᠠᠴᠠ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠣᠩᠬᠤ ᠶᠢ ᠵᠦᠢ ᠵᠣᠬᠢᠰᠲᠠᠢ ᠲᠣᠬᠢᠷᠠᠭᠤᠯᠤᠨ᠂ ᠠᠵᠤ ᠠᠬᠤᠶᠢᠯᠠᠯ ᠤᠨ 2021 ᠣᠨ ᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠢ ᠮᠡᠳᠡᠭᠦᠯᠬᠦ ᠠᠵᠢᠯ ᠢ ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃
1709195038591029004 (1).jpg
        ᠰᠢᠭᠤᠶᠢᠲᠤ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠠᠵᠢᠯ ᠦᠢᠯᠡᠰ ᠤᠨ ᠦᠢᠯᠡᠴᠢᠯᠡᠭᠡᠨ ᠤ ᠲᠥᠪ ᠬᠠᠮᠤᠭ ᠲᠡᠷᠢᠭᠦᠨ ᠳᠤ ᠠᠵᠢᠯᠲᠠᠨ ᠲᠣᠬᠢᠷᠠᠭᠤᠯᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠢ ᠮᠡᠳᠡᠭᠦᠯᠬᠦ ᠠᠵᠢᠯ ᠤᠨ ᠶᠠᠪᠤᠴᠠ ᠵᠢᠴᠢ ᠠᠩᠬᠠᠷᠬᠤ ᠵᠦᠢᠯ ᠢ ᠰᠠᠶᠢᠲᠤᠷ ᠣᠶᠢᠯᠠᠭᠠᠵᠤ᠂ ᠠᠵᠤ ᠠᠬᠤᠶᠢᠯᠠᠯ ᠤᠨ ᠸᠢᠴᠠᠲ ᠤᠨ ᠠᠵᠢᠯ ᠤᠨ ᠪᠦᠯᠦᠭᠲᠡᠳ ᠤᠨ ᠣᠯᠭᠤᠬᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠢ ᠮᠡᠳᠡᠭᠦᠯᠬᠦ ᠶᠠᠪᠤᠴᠠ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠢ ᠮᠡᠳᠡᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠬᠠᠷᠢᠭᠤᠯᠲᠠ ᠥᠭᠬᠦ ᠪᠠ ᠰᠢᠢᠳᠪᠦᠷᠢᠯᠡᠵᠦ᠂ ᠠᠵᠤ ᠠᠬᠤᠶᠢᠯᠠᠯ ᠤᠨ ᠲᠠᠯ᠎ᠠ ᠠᠴᠠ ᠠᠰᠠᠭᠤᠳᠠᠯ ᠢ ᠪᠣᠳᠣᠯᠬᠢᠯᠠᠵᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠢ ᠮᠡᠳᠡᠭᠦᠯᠬᠦ ᠳᠤᠮᠳᠠ ᠲᠤᠯᠭᠠᠷᠠᠭᠰᠠᠨ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠠᠵᠤ ᠠᠬᠤᠶᠢᠯᠠᠯ ᠤᠨ ᠪᠤᠳᠣᠵᠤ ᠮᠡᠳᠡᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠠᠵᠤ ᠠᠬᠤᠶᠢᠯᠠᠯ ᠳᠤ ᠲᠤᠯᠭᠠᠷᠠᠭᠰᠠᠨ᠂ ᠠᠵᠤ ᠠᠬᠤᠶᠢᠯᠠᠯ ᠤᠨ ᠪᠤᠳᠣᠵᠤ ᠭᠠᠷᠭᠠᠭᠰᠠᠨ᠂ ᠪᠠᠴᠢᠮ ᠠᠵᠤ ᠠᠬᠤᠶᠢᠯᠠᠯ ᠳᠤ ᠪᠠᠴᠢᠮ ᠪᠠᠶᠢᠳᠠᠯ ᠢ ᠲᠤᠰᠠᠯᠠᠵᠤ ᠪᠠᠶᠢᠭᠠᠳ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠤᠨ ᠮᠡᠳᠡᠭᠦᠯᠦᠯᠲᠡ ᠶᠢ ᠥᠨᠳᠥᠷ ᠦᠷ᠎ᠡ ᠪᠦᠲᠦᠮᠵᠢᠲᠡᠢ ᠪᠠᠷ ᠪᠡᠶᠡᠯᠡᠭᠦᠯᠬᠦ ᠬᠡᠷᠡᠭᠲᠡᠢ᠃          ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠨᠡᠩ ᠰᠢᠯᠢᠳᠡᠭ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠰᠠᠨᠠᠭ᠎ᠠ ᠠᠮᠤᠷ ᠡᠵᠡᠩᠨᠡᠵᠦ᠂ ᠬᠥᠭᠵᠢᠯᠲᠡ ᠶᠢ ᠬᠠᠪᠰᠤᠷᠤᠨ᠂ ᠰᠢᠭᠤᠶᠢᠲᠤ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃         
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号