ᠣᠯᠠᠨ ᠲᠦᠮᠡᠨ ᠤ ᠥᠮᠡᠨ ᠡᠪᠡᠳᠴᠢᠨ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠥᠮᠡᠨ ᠡᠪᠡᠳᠴᠢᠨ ᠢ ᠰᠡᠷᠭᠡᠶᠢᠯᠡᠨ ᠡᠵᠡᠮᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠤᠨ ᠱᠦᠵᠢ | ᠸᠠᠩ ᠶᠢᠩ ᠳ᠋ᠠ ᠹᠠ ᠵᠡᠭᠡᠯᠢ ᠭᠤᠳᠤᠮᠵᠢ ᠶᠢᠨ ᠰᠠᠭᠤᠭᠠᠯᠢ ᠠᠷᠠᠳ ᠲᠤ ︽ᠥᠮᠡᠨ ᠡᠪᠡᠳᠴᠢᠨ ᠢ ᠰᠡᠷᠭᠡᠶᠢᠯᠡᠨ ᠵᠠᠰᠠᠬᠤ | ᠪᠥᠬᠦ ᠲᠠᠯ᠎ᠠ ᠶᠢᠨ ᠠᠵᠢᠯᠯᠠᠭ᠎ᠠ ᠥᠷᠨᠢᠭᠦᠯᠵᠦ᠂ ᠡᠷᠲᠡ ᠢᠯᠡᠷᠡᠭᠦᠯᠵᠦ ᠡᠷᠲᠡ ᠡᠮᠨᠡᠨ ᠵᠠᠰᠠᠬᠤ︾ ᠡᠷᠡᠭᠦᠯ ᠮᠡᠨᠳᠦ ᠶᠢᠨ | ᠮᠡᠳᠡᠯᠭᠡ ᠶᠢᠨ ᠲᠠᠶᠢᠯᠤᠮᠵᠢ ᠬᠢᠪᠡ᠃ | | ᠸᠠᠩ ᠱᠦᠵᠢ ᠣᠳᠣᠬᠠᠨ ᠤ ᠤᠯᠤᠰ ᠤᠨ ᠳᠣᠲᠣᠭᠠᠳᠤ ᠶᠢᠨ ᠬᠤᠣᠷᠲᠤ ᠬᠠᠪᠤᠳᠠᠷ ᠤᠨ ᠬᠥᠭᠵᠢᠯᠲᠡ ᠶᠢᠨ | ᠬᠠᠨᠳᠤᠰᠢ᠂ ᠥᠮᠡᠨ ᠡᠪᠡᠳᠴᠢᠨ ᠡᠭᠦᠰᠬᠦ ᠨᠣᠷᠮ᠎ᠠ ᠤᠯᠠᠮ ᠠᠴᠠ ᠤᠯᠠᠮ ᠥᠨᠳᠥᠷ ᠪᠣᠯᠵᠤ ᠪᠠᠶᠢᠭ᠎ᠠ ᠪᠣᠳᠠᠲᠠᠢ | ᠡᠪᠡᠳᠴᠢᠨ ᠤ ᠰᠢᠯᠲᠠᠭᠠᠨ ᠵᠢᠴᠢ ᠠᠮᠢᠳᠤᠷᠠᠯ ᠤᠨ ᠳᠤᠮᠳᠠ ᠬᠠᠪᠤᠳᠠᠷ ᠢ ᠬᠡᠷᠬᠢᠨ ᠰᠡᠷᠭᠡᠶᠢᠯᠡᠬᠦ ᠵᠡᠷᠭᠡ ᠲᠠᠯ᠎ᠠ ᠪᠠᠷ | ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠪᠡ︔ ᠬᠠᠪᠤᠳᠠᠷ ᠢ ᠰᠡᠷᠭᠡᠶᠢᠯᠡᠨ ᠵᠠᠰᠠᠬᠤ ᠸᠢᠳᠢᠤ᠋ ᠶᠢ ᠦᠵᠡᠬᠦ᠂ | ᠬᠠᠪᠤᠳᠠᠷ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ | ᠳᠠᠮᠵᠢᠭᠤᠯᠤᠨ ᠣᠯᠠᠨ ᠲᠦᠮᠡᠨ ᠤ ᠰᠢᠨᠵᠢᠯᠡᠬᠦ ᠤᠬᠠᠭᠠᠨᠴᠢ ᠵᠢᠷᠤᠮᠵᠢᠭᠰᠠᠨ ᠣᠨᠣᠰᠢᠯᠠᠨ ᠵᠠᠰᠠᠬᠤ ᠣᠶᠢᠯᠠᠭᠠᠭᠳᠠᠬᠤᠨ | ᠪᠠ ᠠᠷᠭ᠎ᠠ ᠶᠢ ᠲᠦᠭᠡᠮᠡᠯᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠳᠦᠷ ᠲᠤᠲᠤᠮ ᠤᠨ | ᠠᠮᠢᠳᠤᠷᠠᠯ ᠤᠨ ᠲᠠᠮᠠᠬᠢ ᠪᠠᠨ ᠵᠣᠭᠰᠣᠭᠠᠵᠤ ᠠᠷᠢᠬᠢ ᠶᠢ ᠬᠢᠵᠠᠭᠠᠷᠯᠠᠬᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ᠂ | ᠭᠦᠢᠴᠡᠳ ᠤᠨᠲᠠᠬᠤ᠂ ᠡᠷᠡᠭᠦᠯ ᠢᠳᠡᠭᠡᠨ ᠤᠮᠳᠠᠭᠠᠨ ᠵᠢᠴᠢ ᠬᠠᠪᠤᠳᠠᠷ ᠤᠨ ᠠᠶᠤᠯᠲᠠᠢ ᠬᠦᠴᠦᠨ ᠵᠦᠢᠯ ᠤᠨ | ᠬᠦᠷᠦᠯᠴᠡᠬᠦ ᠶᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠶᠢ ᠲᠦᠭᠡᠮᠡᠯᠵᠢᠭᠦᠯᠵᠡᠢ᠃ | ᠲᠣᠰ ᠤᠳᠠᠭᠠᠨ ᠤ ᠲᠠᠶᠢᠯᠤᠮᠵᠢ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠦᠷᠢᠶᠡᠯᠡᠯ ᠪᠠ | ᠰᠠᠶᠢᠨ ᠦᠨᠡᠯᠡᠯᠲᠡ ᠶᠢ ᠭᠦᠨ ᠣᠯᠵᠤ᠂ ᠰᠠᠭᠤᠭᠠᠯᠢ ᠠᠷᠠᠳ ᠤᠨ ᠥᠮᠡᠨ ᠡᠪᠡᠳᠴᠢᠨ ᠤ ᠭᠤᠣᠯ ᠮᠡᠳᠡᠯᠭᠡ ᠶᠢ | ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠰᠢᠨᠵᠢᠯᠡᠬᠦ ᠤᠬᠠᠭᠠᠨᠴᠢ ᠪᠠᠷ ᠥᠮᠡᠨ | ᠡᠪᠡᠳᠴᠢᠨ ᠢ ᠰᠡᠷᠭᠡᠶᠢᠯᠡᠬᠦ ᠣᠶᠢᠯᠠᠭᠠᠭᠳᠠᠬᠤᠨ ᠢ ᠲᠦᠭᠡᠮᠡᠯᠵᠢᠭᠦᠯᠵᠦ᠂ ᠥᠮᠡᠨ ᠡᠪᠡᠳᠴᠢᠨ ᠤ ᠭᠡᠯᠮᠡᠭᠳᠡᠯ ᠢ | ᠬᠥᠩᠭᠡᠷᠡᠭᠦᠯᠬᠦ ᠶᠢᠨ ᠬᠠᠮᠲᠤ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠠᠮᠢᠳᠤᠷᠠᠯ ᠤᠨ | ᠠᠷᠭ᠎ᠠ ᠮᠠᠶ᠋ᠢᠭ ᠪᠠᠶᠢᠭᠤᠯᠵᠤ᠂ ᠥᠮᠡᠨ ᠡᠪᠡᠳᠴᠢᠨ ᠢ ᠪᠦᠲᠦᠮᠵᠢᠲᠡᠶ ᠰᠡᠷᠭᠡᠶᠢᠯᠡᠨ ᠡᠵᠡᠮᠳᠡᠬᠦ ᠶᠢ ᠪᠡᠶᠡᠯᠡᠭᠦᠯᠪᠡ᠃ |