ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠰᠣᠨᠣᠷ ᠤᠨ ᠰᠠᠭᠠᠳ ᠲᠠᠢ ᠵᠡᠮᠳᠡᠭᠴᠦᠳ ᠤᠨ ᠤᠷᠤᠭᠤᠯ ᠤᠨ ᠦᠭᠡ ᠶᠢᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/3/5
        3 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠬᠤᠷᠢᠨ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠴᠢᠬᠢ ᠪᠠᠨ ᠬᠠᠶᠢᠷᠠᠯᠠᠬᠤ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠣᠨᠣᠷ ᠤᠨ ᠰᠠᠭᠠᠳ ᠲᠠᠢ ᠵᠡᠮᠳᠡᠭᠴᠦᠳ ᠤᠨ ᠬᠠᠮᠤᠭ ᠤᠨ ᠦᠨᠳᠦᠰᠦᠨ᠂ ᠬᠠᠮᠤᠭ ᠤᠨ ᠲᠤᠯᠭᠠᠮ᠎ᠠ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠬᠤ ᠬᠦᠰᠡᠯ ᠲᠠᠢ ᠰᠣᠨᠣᠷ ᠤᠨ ᠰᠠᠭᠠᠳ ᠲᠠᠢ ᠵᠡᠮᠳᠡᠭᠴᠦᠳ ᠲᠤ ᠴᠢᠭᠯᠡᠭᠦᠯᠦᠨ ᠤᠷᠤᠭᠤᠯ ᠢᠶᠠᠨ ᠬᠠᠶᠢᠷᠠᠯᠠᠬᠤ ᠰᠤᠷᠤᠯᠴᠠᠯᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠬᠢᠵᠡᠢ᠃
1709539054713024554.jpg
        ᠲᠣᠰ ᠤᠳᠠᠭᠠᠨ ᠤ ᠪᠣᠯᠪᠠᠰᠤᠷᠠᠭᠤᠯᠤᠯ ᠤᠨ ᠠᠵᠢᠯᠯᠠᠭ᠎ᠠ ᠨᠢ ᠰᠢᠭᠤᠶᠢᠲᠤ ᠲᠣᠭᠤᠷᠢᠭ ᠤᠨ ᠳᠦᠯᠡᠢ ᠬᠥᠮᠥᠨ ᠤ ᠨᠡᠶᠢᠭᠡᠮᠯᠢᠭ ᠤᠨ ᠲᠡᠷᠢᠭᠦᠯᠡᠭᠴᠢ ᠬᠤᠤ ᠹᠧᠩ ᠬᠦᠶ ᠪᠣᠯᠣᠨ ᠬᠠᠷᠢᠶᠠᠲᠤ ᠣᠷᠣᠨ ᠤ ᠠᠵᠢᠯ ᠣᠯᠬᠤ ᠬᠡᠷᠡᠭᠴᠡᠭᠡ ᠪᠦᠬᠦᠢ ᠰᠣᠨᠣᠷ ᠤᠨ ᠰᠠᠭᠠᠳ ᠲᠠᠢ ᠬᠥᠮᠥᠰ ᠢ ᠤᠷᠢᠵᠤ ᠬᠠᠷᠢᠯᠴᠠᠨ ᠰᠣᠯᠢᠯᠴᠠᠵᠤ᠂ ᠲᠡᠳᠡᠨ ᠢ ᠵᠢᠭᠠᠨ ᠵᠢᠯᠤᠭᠤᠳᠴᠤ ᠪᠠᠶᠢᠭᠠᠳ ᠳᠣᠬᠢᠶᠠᠨ ᠤ ᠬᠡᠯᠡ ᠪᠠ ᠥᠰᠥᠭ ᠪᠢᠴᠢᠭ ᠢ ᠤᠶᠠᠯᠳᠤᠭᠤᠯᠬᠤ ᠵᠠᠭᠪᠤᠷ ᠢ ᠦᠨᠳᠦᠰᠦᠯᠡᠨ᠂ ᠲᠥᠬᠦᠮ ᠬᠡᠯᠡ ᠶᠢᠨ ᠰᠤᠷᠤᠯᠴᠠᠯᠭ᠎ᠠ ᠬᠢᠯᠭᠡᠵᠦ᠂ ᠲᠡᠳᠡᠨ ᠤ ᠠᠵᠢᠯ ᠣᠯᠬᠤ ᠶᠠᠪᠤᠴᠠ ᠳᠤ ᠬᠥᠮᠥᠨ ᠤ ᠰᠣᠯᠢᠯᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠡᠳᠡᠨ ᠢ ᠠᠯᠢ ᠴᠢᠳᠠᠬᠤ ᠪᠠᠷ ᠬᠠᠪᠰᠤᠷᠤᠨ ᠠᠵᠢᠯ ᠡᠷᠢᠬᠦ ᠵᠠᠮ ᠳᠡᠭᠡᠷᠡᠬᠢ ᠰᠣᠯᠢᠯᠴᠠᠭᠠᠨ ᠤ ᠬᠠᠷᠰᠢ ᠰᠠᠭᠠᠳ ᠢ ᠪᠠᠭᠠᠰᠬᠠᠪᠠ᠃
1709539054789091340.png
        ᠲᠣᠰ ᠤᠳᠠᠭᠠᠨ ᠤ ᠠᠵᠢᠯᠯᠠᠭ᠎ᠠ ᠳᠤ ᠪᠠᠰᠠ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠵᠢᠴᠢ ᠬᠡᠰᠡᠭ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠨ ᠳᠤ ᠳᠥᠭᠦᠮ ᠳᠣᠬᠢᠶᠠᠨ ᠤ ᠬᠡᠯᠡᠨ ᠤ ᠪᠣᠯᠪᠠᠰᠤᠷᠠᠯ ᠬᠢᠵᠦ᠂ ᠲᠡᠳᠡᠨ ᠤ ᠳᠣᠬᠢᠶᠠᠨ ᠤ ᠬᠡᠯᠡᠨ ᠤ ᠶᠠᠷᠢᠯᠴᠠᠭᠠᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠰᠣᠨᠣᠷ ᠤᠨ ᠰᠠᠭᠠᠳ ᠲᠠᠢ ᠵᠡᠮᠳᠡᠭᠴᠦᠳ ᠤᠨ ᠠᠵᠢᠯ ᠠᠮᠢᠳᠤᠷᠠᠯ ᠤᠨ ᠳᠤᠮᠳᠠᠬᠢ ᠬᠦᠴᠢᠷ ᠠᠰᠠᠭᠤᠳᠠᠯ ᠢ ᠨᠠᠩ ᠰᠠᠶᠢᠲᠤᠷ ᠬᠠᠪᠰᠤᠷᠤᠨ ᠰᠢᠢᠳᠪᠦᠷᠢᠯᠡᠵᠦ᠂ ᠦᠢᠯᠡᠴᠢᠯᠡᠭᠡᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃        ᠬᠤᠶᠢᠰᠢᠳᠠ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠤᠨ ᠡᠯ᠎ᠡ ᠵᠦᠢᠯ ᠤᠨ ᠪᠣᠯᠪᠠᠰᠤᠷᠠᠯ ᠤᠨ ᠬᠡᠷᠡᠭᠴᠡᠭᠡ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠦᠨ ᠠᠵᠢᠯ ᠢᠶᠠᠨ ᠥᠷᠨᠢᠭᠦᠯᠵᠦ᠂ ᠵᠡᠮᠳᠡᠭᠴᠦᠳ ᠢ ᠦᠨᠡᠨ ᠬᠦ ᠬᠠᠪᠰᠤᠷᠤᠨ ᠨᠡᠩ ᠤᠯᠠᠨ ᠪᠡᠶ᠎ᠡ ᠪᠠᠨ ᠳᠠᠭᠠᠭᠠᠭᠰᠠᠨ ᠴᠢᠨᠠᠷᠲᠠᠢ ᠬᠥᠭᠵᠢᠯᠲᠡ ᠶᠢᠨ ᠠᠵᠠ ᠲᠣᠬᠢᠶᠠᠯ ᠢ ᠡᠭᠦᠳᠴᠦ᠂ ᠲᠡᠳᠡᠨ ᠢ ᠨᠡᠩ ᠰᠠᠶᠢᠲᠤᠷ ᠭᠡᠷ ᠠᠴᠠ ᠪᠠᠨ ᠭᠠᠷᠭᠠᠵᠤ᠂ ᠨᠡᠶᠢᠭᠡᠮ ᠳᠤ ᠠᠭᠤᠰᠤᠯᠴᠠᠭᠤᠯᠵᠤ᠂ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠢᠲᠡᠭᠡᠯ ᠪᠢᠰᠢᠷᠡᠯ ᠤᠨ ᠳᠤᠮᠳᠠ ᠨᠡᠩ ᠢᠲᠡᠭᠡᠯ ᠲᠠᠢ᠂ ᠪᠡᠶ᠎ᠡ ᠪᠠᠨ ᠳᠠᠭᠠᠭᠠᠵᠤ᠂ ᠥᠪᠡᠷ ᠢ ᠪᠠᠨ ᠬᠦᠴᠦᠷᠬᠡᠭᠵᠢᠭᠦᠯᠬᠦ ᠪᠣᠯᠭᠠᠬᠤ ᠬᠡᠷᠡᠭᠲᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号