ᠬᠠᠰᠤᠨᠲᠤᠩᠭᠠᠯᠠᠭ᠄ ᠪᠣᠳᠠᠲᠤ ᠦᠢᠯᠡ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ​
ᠨᠡᠶᠢᠲᠡᠯᠡᠭᠰᠡᠨ ᠴᠠᠭ᠄
2024/3/7
           ᠬᠠᠰᠤᠨᠲᠤᠩᠭᠠᠯᠠᠭ ᠪᠣᠯ ᠲᠦᠩᠯᠢᠶᠣᠣ ᠬᠤᠳᠠ ᠶᠢᠨ ᠬᠦᠷᠢᠶ᠎ᠡ ᠬᠤᠰᠢᠭᠤᠨ ᠤ ᠡᠯᠡᠰᠦᠨ ᠪᠠᠯᠭᠠᠰᠤᠨ ᠤ ᠠᠷᠪᠠ ᠶᠢᠰᠦᠳᠦᠭᠡᠷ ᠬᠤᠭᠤᠴᠠᠭᠠᠨ ᠤ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠰᠠ ᠲᠤᠰ ᠪᠠᠯᠭᠠᠰᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠭᠡᠰᠢᠭᠦᠨ  ᠪᠣᠯᠣᠨ᠎ᠠ᠂ ᠲᠡᠷᠡ ᠥᠪᠡᠷ ᠤᠨ ᠦᠶᠯᠡ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ  ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠣᠯᠠᠨ ᠲᠦᠮᠡᠨ ᠤ ᠬᠦᠷᠢᠶᠡᠯᠡᠯ ᠢ ᠣᠯᠪᠠ᠃               ᠲᠡᠭᠦᠨ ᠤ ᠲᠤᠬᠠᠶᠢᠯᠠᠭᠰᠠᠨ ᠠᠵᠢᠯ ᠪᠣᠯ ᠡᠯᠡᠰᠦᠨ ᠪᠠᠯᠭᠠᠰᠤᠨ ᠤ ᠰᠦᠷᠲᠦ ᠭᠠᠴᠠᠭᠠᠨ ᠤ ᠨᠢᠭᠡᠨ ᠲᠣᠰᠬᠤᠨ ᠤ ᠡᠮᠴᠢ ᠪᠣᠯᠣᠨ᠎ᠠ᠂ ᠲᠡᠷᠡ ᠤᠯᠠᠨ ᠵᠢᠯ  ᠡᠮᠴᠢᠯᠡᠵᠦ᠂ ᠮᠠᠰᠢ ᠤᠯᠠᠨ ᠬᠦᠴᠢᠷ ᠲᠦᠪᠡᠭ ᠲᠠᠢ ᠡᠪᠡᠳᠴᠢᠨ ᠳᠤ ᠲᠤᠯᠭᠠᠷᠠᠵᠤ᠂ ᠭᠠᠴᠠᠭ᠎ᠠ ᠶᠢᠨ ᠨᠠᠰᠤᠲᠠᠶᠢᠴᠤᠳ ᠤᠨ ᠡᠪᠡᠳᠴᠢᠨ ᠦᠵᠡᠭᠦᠯᠭᠦ ᠳᠤ ᠬᠦᠴᠢᠷ᠂  ᠡᠪᠡᠳᠴᠢᠨ ᠦᠵᠡᠭᠦᠯᠭᠦ ᠳᠤ ᠦᠨᠡᠲᠡᠢ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠥᠪᠡᠷ ᠤᠨ ᠰᠦᠢᠳᠬᠡᠯ ᠢᠶᠠᠷ ᠢᠶᠠᠨ ᠥᠪᠥᠷ ᠮᠣᠩᠭᠤᠯ ᠤᠨ  ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠳᠤ ᠬᠦᠷᠴᠦ ᠳᠠᠪᠲᠠᠨ ᠪᠣᠯᠪᠠᠰᠤᠷᠠᠭᠰᠠᠨ ᠪᠥᠭᠡᠳ ᠲᠤᠬᠠᠢ ᠶᠢᠨ ᠭᠠᠵᠠᠷ ᠤᠨ ᠨᠡᠷᠡᠳᠤ  ᠮᠣᠩᠭᠤᠯ ᠡᠮᠴᠢ ᠠᠴᠠ ᠬᠢᠴᠢᠶᠡᠩᠭᠦᠶᠢᠯᠡᠨ ᠰᠤᠷᠤᠯᠴᠠᠵᠤ᠂ ᠰᠣᠷᠣᠭᠤᠯ ᠲᠠᠯᠪᠢᠬᠤ᠂ ᠬᠠᠨᠠᠬᠤ ᠵᠠᠰᠠᠯ᠂ ᠭᠠᠯ ᠵᠠᠰᠠᠯ ᠵᠡᠷᠭᠡ ᠡᠮᠴᠢᠯᠡᠭᠡᠨ ᠤ ᠮᠡᠷᠭᠡᠵᠢᠯ ᠢ ᠰᠢᠰᠲ᠋ᠧᠮ ᠲᠠᠢ  ᠰᠤᠷᠤᠯᠴᠠᠨ ᠠᠵᠢᠯ ᠤᠨ ᠳᠤᠮᠳᠠ ᠪᠠᠨ ᠬᠡᠷᠡᠭᠯᠡᠵᠦ᠂ ᠬᠤᠯᠠ ᠣᠶᠢᠷ᠎ᠠ ᠳᠠᠭᠠᠨ ᠠᠯᠳᠠᠷᠰᠢᠭᠰᠠᠨ ᠡᠮᠴᠢ ᠪᠣᠯᠵᠠᠢ᠃ ᠬᠠᠰᠤᠨᠲᠤᠩᠭᠠᠯᠠᠭ ᠵᠠᠷᠢᠮ ᠬᠢᠲᠠᠳ ᠦᠰᠦᠭ ᠮᠡᠳᠡᠬᠦ  ᠦᠭᠡᠢ ᠠᠬᠠᠮᠠᠳ ᠮᠠᠯᠴᠢᠨ ᠲᠠᠷᠢᠶᠠᠴᠢᠨ ᠢ ᠬᠠᠯᠠᠮᠵᠢᠯᠠᠨ ᠬᠢᠲᠠᠳ ᠡᠮ ᠤᠨ ᠬᠠᠶᠢᠷᠴᠠᠭ ᠪᠣᠯᠭᠠᠨ ᠳᠡᠭᠡᠷ᠎ᠡ ᠪᠦᠷ ᠮᠣᠩᠭᠤᠯ ᠦᠰᠦᠭ ᠢᠶᠠᠷ ᠬᠡᠷᠡᠭᠯᠡᠬᠦ ᠠᠷᠭ᠎ᠠ ᠪᠠ  ᠬᠡᠮᠵᠢᠶ᠎ᠡ ᠶᠢ ᠲᠡᠮᠳᠡᠭᠯᠡᠨ ᠥᠭᠴᠦ᠂ ᠲᠡᠳᠡᠨ ᠤ ᠡᠮ ᠢᠶᠠᠨ ᠪᠤᠷᠤᠭᠤ ᠤᠤᠭᠤᠬᠤ ᠠᠴᠠ ᠬᠢᠴᠢᠶᠡᠵᠦ᠂ ᠦᠢᠯᠡ ᠠᠵᠢᠯᠯᠠᠭ᠎ᠠ ᠶᠢᠨ ᠬᠢᠨᠢ ᠵᠢᠵᠢᠭ ᠰᠠᠵᠢᠭ ᠨᠠᠷᠢᠨ ᠵᠦᠢᠯᠡᠰ ᠲᠤᠨᠢ ᠡᠮᠴᠢ ᠬᠥᠮᠥᠨ ᠤ ᠡᠨᠡᠷᠢᠩᠭᠦᠢ ᠰᠡᠳᠬᠢᠯ ᠢᠯᠡᠷᠡᠵᠦ ᠪᠠᠶᠢᠳᠠᠭ᠃ ᠵᠢᠱᠢᠶᠡᠯᠡᠪᠡᠯ᠂ ᠵᠢᠯ ᠪᠦᠷᠢ ᠰᠦᠷᠲᠦ ᠭᠠᠴᠠᠭᠠᠨ ᠤ 1125 ᠭᠠᠴᠠᠭᠠᠨ ᠤ ᠠᠷᠠᠳ ᠲᠤ ᠨᠢᠭᠡ  ᠤᠳᠠᠭ᠎ᠠ ᠰᠦᠢᠳᠬᠡᠯ ᠬᠤᠷᠢᠶᠠᠬᠤ ᠦᠭᠡᠢ ᠪᠡᠶ᠎ᠡ ᠶᠢᠨ ᠪᠠᠶᠢᠴᠠᠭᠠᠯᠲᠠ ᠬᠢᠵᠦ ᠥᠭᠬᠦ ᠶᠢᠨ ᠬᠠᠮᠲᠤ ᠬᠥᠮᠥᠨ ᠪᠦᠷᠢ ᠳᠤ ᠨᠢᠭᠡ ᠬᠤᠪᠢ ᠡᠷᠡᠭᠦᠯ ᠮᠡᠨᠳᠦ ᠶᠢᠨ ᠨᠠᠷᠢᠨ  ᠲᠠᠩᠰᠠ ᠡᠪᠬᠡᠮᠡᠯ ᠡᠮᠬᠢᠯᠡᠨ ᠥᠭᠴᠦ᠂ ᠡᠷᠡᠭᠦᠯ ᠮᠡᠨᠳᠦ ᠶᠢᠨ ᠵᠢᠯᠣᠭᠤᠳᠤᠯᠭ᠎ᠠ ᠬᠢᠳᠡᠭ᠃               ᠲᠡᠷᠡ ᠪᠠᠷ ᠲᠦᠩᠯᠢᠶᠣᠣ ᠬᠤᠲᠠ᠂ ᠬᠦᠷᠢᠶ᠎ᠡ ᠬᠤᠰᠢᠭᠤᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ  ᠬᠤᠭᠤᠴᠠᠭᠠᠨ ᠤ ︽ᠶᠣᠰᠣ ᠰᠤᠷᠲᠠᠬᠤᠨ ᠤ ᠵᠢᠱᠢᠶᠡᠴᠢ︾ ᠪᠠᠷ ᠨᠡᠷ᠎ᠡ ᠳᠤᠷᠠᠳᠤᠭᠳᠠᠵᠤ᠂ ᠲᠥᠪ ᠤᠨ ᠲᠧᠯᠸᠢᠰ ᠬᠤᠷᠢᠶ᠎ᠠ ᠶᠢᠨ ︽ᠬᠠᠮᠤᠭ ᠤᠨ ᠭᠤᠶᠣ ᠬᠥᠳᠡᠭᠡ  ᠲᠣᠰᠬᠤᠨ ᠤ ᠡᠮᠴᠢ ᠶᠢ ᠡᠷᠢᠶ᠎ᠡ︾ ᠪᠤᠯᠤᠩ ᠳᠤ ᠰᠣᠩᠭᠤᠭᠳᠠᠨ ᠣᠷᠣᠵᠤ᠂ ︽ᠳᠤᠮᠳᠠᠳᠤ ᠤᠯᠤᠰ ᠤᠨ ᠡᠮᠴᠢ ᠶᠢᠨ ᠱᠠᠩᠨᠠᠯ︾ ᠢ ᠬᠦᠷᠲᠡᠵᠦ ᠥᠩᠭᠡᠷᠡᠵᠡᠢ᠂ ᠲᠡᠭᠦᠨ ᠤ  ᠬᠤᠪᠢ ᠬᠥᠮᠥᠨ ᠤ ᠦᠶᠯᠡ ᠠᠵᠢᠯᠯᠠᠭ᠎ᠠ ᠶᠢ ᠲᠥᠪ ᠤᠨ ᠲᠧᠯᠸᠢᠰ ᠬᠤᠷᠢᠶ᠎ᠠ᠂ ︽ᠳᠤᠮᠳᠠᠳᠤ ᠤᠯᠤᠰ ᠤᠨ ᠪᠣᠯᠪᠠᠰᠤᠨ ᠤ ᠰᠦᠯᠵᠢᠶ᠎ᠡ︾ ᠵᠡᠷᠭᠡ ᠵᠠᠭᠤᠴᠢᠯᠠᠭᠤᠷ ᠤᠨ ᠬᠢᠨ  ᠣᠯᠠᠨᠲᠠ ᠤᠬᠠᠭᠤᠯᠤᠨ ᠮᠡᠳᠡᠭᠡᠯᠡᠵᠦ ᠥᠩᠭᠡᠷᠡᠭᠰᠡᠨ ᠶᠤᠮ᠃ 
 
ᠢᠷᠡᠯᠲᠡ᠄ ᠬᠥᠯᠥᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号