ᠳᠤᠲᠠᠭᠳᠠᠯ ᠢᠶᠠᠨ ᠨᠥᠬᠦᠪᠦᠷᠢᠯᠡᠵᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ ᠠᠶᠤᠯ ᠲᠦᠭᠰᠢᠭᠦᠷᠢ ᠶᠢ  ᠰᠡᠷᠭᠡᠶᠢᠯᠡᠨ᠎ᠡ
ᠨᠡᠶᠢᠲᠡᠯᠡᠭᠰᠡᠨ ᠴᠠᠭ᠄
2024/3/7
        ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠰᠠᠭᠤᠷᠢ  ᠮᠥᠩᠭᠦ ᠶᠢᠨ ᠪᠡᠯᠡ ᠮᠥᠩᠭᠦ ᠶᠢᠨ ᠬᠠᠮᠢᠶᠠᠷᠤᠯᠲᠠ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ  ᠨᠠᠶᠢᠳᠠᠪᠤᠷᠢᠵᠢᠭᠤᠯᠤᠯᠲᠠ ᠶᠢ ᠦᠨᠡᠨ ᠬᠦ ᠴᠢᠩᠭᠠᠳᠬᠠᠵᠤ᠂ ᠰᠠᠭᠤᠷᠢ ᠮᠥᠩᠭᠦ ᠶᠢᠨ ᠪᠡᠯᠡ ᠮᠥᠩᠭᠦ ᠶᠢᠨ ᠲᠦᠭᠰᠢᠭᠦᠷᠢ ᠶᠢ  ᠰᠡᠷᠭᠡᠶᠢᠯᠡᠨ ᠠᠷᠢᠯᠭᠠᠬᠤ ᠶᠢᠨ ᠲᠥᠯᠥᠭᠡ᠂ 2023 ᠣᠨ ᠤ 2 ᠰᠠᠷ᠎ᠠ ᠶᠢᠨ 28 ᠤ ᠡᠳᠦᠷ ᠳᠡᠭᠡᠳᠦ ᠰᠢᠨ᠎ᠡ  ᠮᠡᠷᠭᠡᠵᠢᠯ ᠤᠨ ᠣᠷᠣᠨ ᠤ ᠪᠠᠶᠢᠴᠠᠭᠠᠬᠤ ᠳᠤᠭᠤᠶᠢᠯᠠᠩ ᠮᠠᠨ ᠤ ᠲᠣᠪᠴᠢᠶ᠎ᠠ ᠳᠤ ᠬᠦᠷᠴᠦ ᠲᠤᠬᠠᠢ ᠶᠢᠨ ᠭᠠᠵᠠᠷ ᠲᠤᠨᠢ  ᠰᠤᠭᠤᠴᠢᠨ ᠪᠠᠶᠢᠴᠠᠭᠠᠵᠤ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ  ᠠᠩᠬᠠᠨ ᠤ ᠡᠬᠡ ᠲᠠᠩᠰᠠ ᠶᠢ ᠪᠠᠶᠢᠴᠠᠭᠠᠨ ᠦᠵᠡᠬᠦ᠂ ᠨᠢᠭᠲᠠᠯᠠᠨ ᠪᠤᠳᠤᠬᠤ ᠭᠡᠷᠡᠴᠢ ᠪᠠᠷᠢᠮᠲᠠ᠂ ᠨᠢᠭᠲᠠᠯᠠᠨ ᠪᠤᠳᠤᠬᠤ  ᠲᠠᠩᠰᠠ ᠳᠡᠪᠲᠡᠷ᠂ ᠨᠢᠭᠲᠠᠯᠠᠨ ᠪᠤᠳᠤᠬᠤ ᠮᠡᠳᠡᠭᠦᠯᠦᠯᠲᠡ ᠶᠢᠨ ᠬᠦᠰᠦᠨᠦᠭᠲᠦ ᠵᠡᠷᠭᠡ ᠶᠢ ᠪᠠᠶᠢᠴᠠᠭᠠᠨ ᠦᠵᠡᠬᠦ᠂  ᠲᠤᠰᠠᠯᠠᠮᠵᠢ ᠶᠢᠨ ᠪᠡᠯᠡ ᠮᠥᠩᠭᠦ ᠭᠥᠷᠳᠡᠬᠦ ᠬᠡᠰᠡᠭ ᠬᠤᠪᠢ ᠬᠥᠮᠥᠨ ᠤ ᠮᠡᠳᠡᠭᠡ ᠵᠠᠩᠭᠢ ᠶᠢᠨ ᠦᠨᠡᠨ ᠪᠣᠳᠠᠲᠠᠢ  ᠲᠣᠭᠲᠠᠭᠠᠯ ᠳᠤ ᠨᠡᠶᠢᠴᠡᠬᠦ ᠡᠰᠡᠬᠦ ᠶᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠵᠡᠷᠭᠡ ᠬᠡᠯᠪᠡᠷᠢ ᠪᠠᠷ ᠮᠠᠨ ᠤ  ᠲᠣᠪᠴᠢᠶ᠎ᠠ ᠶᠢᠨ ᠰᠠᠭᠤᠷᠢ ᠮᠥᠩᠭᠦ ᠶᠢᠨ ᠪᠡᠯᠡ ᠮᠥᠩᠭᠦ ᠵᠢᠴᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ  ᠪᠠᠶᠢᠳᠠᠯ ᠳᠤ ᠨᠠᠷᠢᠨ ᠨᠢᠭᠲᠠ ᠪᠠᠶᠢᠴᠠᠭᠠᠯᠲᠠ ᠬᠢᠬᠦ ᠶᠢᠨ ᠬᠠᠮᠲᠤ᠂ ᠡᠯ᠎ᠡ ᠲᠠᠰᠤᠭ ︵ᠲᠠᠰᠤᠭ︶᠂ ᠬᠤᠶᠠᠳᠤᠭᠠᠷ ᠳᠡᠰ ᠤᠨ  ᠰᠠᠯᠠᠭ᠎ᠠ ᠮᠥᠴᠢᠷ ᠤᠳ ᠵᠦᠢᠯᠡᠰ ᠤᠨ ᠨᠠᠷᠢᠨ ᠲᠠᠩᠰᠠ ᠲᠠᠢ ᠴᠢᠩᠭ᠎ᠠ ᠬᠠᠷᠭᠤᠭᠤᠯᠵᠤ᠂ ᠠᠵᠢᠯ ᠤᠨ ᠶᠠᠪᠤᠴᠠ ᠶᠢ ᠨᠠᠷᠢᠨ  ᠬᠢᠨᠠᠮᠠᠭᠠᠢ ᠡᠮᠬᠢᠯᠡᠨ ᠳᠢᠭᠯᠡᠵᠦ᠂ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠪᠣᠳᠠᠲᠠᠢ ᠲᠠᠢ ᠪᠠᠨ  ᠤᠶᠠᠯᠳᠤᠭᠤᠯᠤᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠬᠢᠨᠠᠮᠠᠭᠠᠢ ᠥᠷᠨᠢᠭᠦᠯᠵᠦ᠂ ᠬᠠᠤᠯᠢ  ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨ  ᠬᠦ ᠪᠠᠲᠤᠯᠠᠵᠤ᠂ ᠤᠯᠤᠰ ᠤᠨ ᠰᠠᠭᠤᠷᠢ ᠮᠥᠩᠭᠦ ᠶᠢᠨ ᠠᠮᠤᠷ ᠲᠦᠪᠰᠢᠨ ᠪᠦᠲᠦᠮᠵᠢᠲᠡᠶ ᠠᠵᠢᠯᠯᠠᠬᠤ ᠶᠢ ᠪᠠᠲᠤᠯᠠᠪᠠ᠃  ᠲᠣᠰ ᠤᠳᠠᠭᠠᠨ ᠤ ᠬᠤᠰᠢᠭᠤ ᠰᠢᠶᠠᠨ ᠤ ᠬᠠᠷᠢᠯᠴᠠᠨ ᠪᠠᠶᠢᠴᠠᠭᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠪᠠᠷ  ᠳᠠᠮᠵᠢᠭᠤᠯᠤᠨ ᠰᠢᠭᠤᠶᠢᠲᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ  ᠲᠣᠪᠴᠢᠶ᠎ᠠ ᠶᠢᠨ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠭᠠᠷᠲᠠᠨ ᠭᠦᠢᠴᠡᠳᠬᠡᠬᠦ ᠶᠠᠪᠤᠴᠠ ᠶᠢ  ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ᠂  ᠬᠠᠷᠢᠭᠤᠴᠠᠯᠭ᠎ᠠ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠦᠨ᠂ ᠬᠥᠮᠥᠨ ᠤ ᠬᠦᠴᠦᠨ ᠤ ᠡᠬᠢ  ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ  ᠪᠠᠬᠢ ᠰᠠᠭᠤᠷᠢ ᠶᠢ ᠲᠠᠯᠪᠢᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号