——————2024 ᠣᠨ ᠤ 1 ᠰᠠᠷ᠎ᠠ ᠶᠢᠨ 23 ᠤ ᠡᠳᠦᠷ ᠰᠢᠭᠤᠶᠢᠲᠤ ᠲᠣᠭᠤᠷᠢᠭ ᠤᠨ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠵᠠᠩ | ᠰᠢᠶᠣᠣ ᠹᠧᠢ | ᠲᠥᠯᠥᠭᠡᠯᠡᠭᠴᠢᠳ ᠠ᠋᠄ | ᠣᠳᠣ ᠪᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠢ ᠡᠷᠭᠢᠴᠡᠭᠦᠯᠪᠡᠯ᠂ ᠪᠢᠳᠡ ᠪᠣᠳᠠᠲᠠᠢ ᠠᠵᠢᠯᠯᠠᠵᠤ ᠪᠠᠲᠤᠲᠠᠢ ᠬᠡᠷᠡᠭᠵᠢᠭᠦᠯᠵᠦ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ | ᠬᠦᠴᠦᠲᠡᠢ ᠠᠬᠢᠭᠤᠯᠬᠤ ᠬᠤᠰᠢᠭᠤᠴᠢ ᠣᠷᠣᠨ ᠤ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ | ᠣᠯᠬᠤ | ᠲᠥᠯᠥᠭᠡᠯᠡᠭᠴᠢᠳ ᠠ᠋᠂ ᠰᠠᠶ᠋ᠢᠬᠠᠨ ᠥᠩᠭᠡᠷᠡᠭᠰᠡᠨ 2023 ᠣᠨ ᠪᠣᠯ ᠬᠥᠮᠥᠰ ᠤᠨ ᠮᠠᠷᠲᠠᠭᠳᠠᠰᠢ ᠦᠭᠡᠢ | ᠪᠠᠰᠠ ᠬᠥᠮᠥᠰ ᠢ ᠤᠷᠮᠠᠰᠢᠭᠤᠯᠤᠨ ᠤᠷᠤᠭᠰᠢᠯᠠᠭᠤᠯᠬᠤ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ | ᠳᠠᠬᠢᠨᠲᠠ ᠥᠪᠥᠷ ᠮᠣᠩᠭᠤᠯ ᠳᠤ ᠢᠷᠡᠵᠤ ᠰᠢᠨᠵᠢᠯᠡᠨ ᠪᠠᠶᠢᠴᠠᠭᠠᠵᠤ᠂ ᠪᠢᠳᠡᠨ ᠤ ᠰᠦᠷᠯᠢᠭ ᠰᠠᠶᠢᠬᠠᠨ ᠵᠢᠷᠤᠭ | ᠲᠥᠯᠥᠪᠯᠡᠭᠡ ᠶᠢ ᠵᠢᠷᠤᠭᠯᠠᠵᠤ᠂ ᠴᠢᠭᠯᠡᠯ ᠵᠢᠯᠣᠭᠤᠳᠤᠯᠭ᠎ᠠ ᠬᠠᠩᠭᠠᠪᠠ᠃ ᠲᠥᠷᠥ ᠶᠢᠨ ᠶᠠᠪᠤᠳᠠᠯ ᠤᠨ ᠬᠤᠷᠢᠶ᠎ᠠ ᠠᠴᠠ | ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠡᠶᠢᠲᠡᠯᠡᠵᠦ᠂ ᠪᠢᠳᠡᠨ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠡᠷᠬᠢᠮ ᠨᠠᠨᠳᠢᠨ ᠠᠵᠠ ᠲᠣᠬᠢᠶᠠᠯ ᠢ ᠠᠪᠴᠢᠷᠠᠭᠰᠠᠨ ᠪᠠᠶᠢᠨ᠎ᠠ᠃ | ᠨᠢᠭᠡ ᠵᠢᠯ ᠤᠨ ᠲᠤᠷᠰᠢ᠂ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ | ᠲᠣᠭᠤᠷᠢᠭ ᠳᠠᠶᠠᠭᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠪᠣᠯᠣᠨ | ᠪᠤᠭᠤᠲᠤ ᠶᠢᠨ ︽ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠰᠠᠶᠢᠲᠤᠷ | ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠬᠤ᠂ | ᠪᠦᠲᠦᠴᠡ ᠶᠢ ᠲᠣᠬᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠠᠳᠬᠤᠵᠤ᠂ ᠪᠣᠳᠠᠲᠠᠢ | ᠠᠵᠢᠯᠯᠠᠬᠤ ᠶᠢ ᠠᠳᠬᠤᠬᠤ ᠨᠢ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠨᠢᠭᠡ ᠪᠦᠯᠦᠭ | ᠴᠢᠬᠤᠯᠠ ᠶᠠᠪᠤᠳᠠᠯ ᠴᠢᠬᠤᠯᠠ ᠶᠠᠪᠤᠳᠠᠯ ᠬᠦᠴᠢᠷ ᠶᠠᠪᠤᠳᠠᠯ ᠪᠣᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠠᠬᠢᠭᠤᠯᠬᠤ ᠠᠯᠢ ᠤᠯᠠᠨ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠪᠠ᠃ | | ᠡᠨᠡ ᠨᠢᠭᠡ ᠵᠢᠯ ᠳᠤ᠂ ᠪᠢᠳᠡ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠠᠷ ᠰᠢᠪᠲᠤᠯᠤᠯᠲᠠ ᠭᠠᠷᠭᠠᠪᠠ᠃ | ︽ᠲᠣᠭᠤᠭ᠎ᠠ ᠴᠣᠬᠢᠵᠤ ᠲᠡᠮᠦᠷ ᠬᠤᠳᠠᠯᠳᠤᠬᠤ︾ ᠬᠦᠴᠦᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠵᠤ᠂ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠳᠥᠷᠪᠡᠨ ᠵᠠᠬ᠎ᠠ ᠶᠢᠨ ᠬᠡᠪᠴᠢᠶᠡᠨ ᠳᠤ ᠣᠷᠣᠭᠤᠯᠬᠤ ᠶᠢ ᠠᠬᠢᠭᠤᠯᠵᠤ᠂ ᠢᠷᠡᠭᠡᠳᠦᠢ ᠶᠢᠨ | ᠬᠥᠭᠵᠢᠯᠲᠡ ᠶᠢᠨ ᠣᠷᠣᠨ ᠵᠠᠢ ᠶᠢ ᠲᠤᠶᠢᠯ ᠤᠨ ᠶᠡᠭᠡ ᠪᠠᠷ ᠥᠷᠭᠡᠳᠬᠡᠪᠡ᠃ ᠮᠢᠩ ᠶᠠᠩ ᠤᠮᠠᠷᠠᠲᠤ ᠣᠷᠣᠨ ᠤ ᠠᠵᠤ | ᠦᠢᠯᠡᠰ ᠤᠨ ᠬᠦᠷᠢᠶᠡᠯᠡᠩ ᠨᠢ ᠨᠢᠭᠡᠨᠲᠡ 5 ᠭᠤᠣᠯ ᠤᠭᠰᠠᠷᠠᠭ᠎ᠠ ᠲᠣᠨᠤᠭ᠂ 20 ᠵᠠᠩᠭᠢᠯᠠᠭ᠎ᠠ ᠶᠢᠨ ᠤᠭᠰᠠᠷᠠᠭ᠎ᠠ | ᠲᠤᠨᠤᠭ ᠤᠨ ᠦᠢᠯᠡᠳᠪᠦᠷᠢᠯᠡᠯ ᠤᠨ ᠴᠢᠳᠠᠪᠤᠷᠢ ᠲᠠᠢ ᠪᠣᠯᠵᠤ᠂ ᠳ᠋ᠠ ᠰᠦᠸᠧ ᠾᠷᠣᠮ ᠤᠨ ᠮᠠᠲ᠋ᠧᠷᠢᠶᠠᠯ᠂ ᠵᠧᠨ ᠱᠢ ᠰᠢᠯ | ᠰᠢᠷᠬᠡᠭ ᠵᠡᠷᠭᠡ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠬᠡᠯᠬᠢᠶ᠎ᠡ ᠶᠢᠨ | ᠢᠵᠢ ᠪᠦᠷᠢᠳᠦᠭᠦᠯᠬᠦ ᠲᠥᠷᠥᠯ ᠵᠦᠢᠯ ᠢ 12 ᠣᠷᠣᠭᠤᠯᠤᠨ ᠠᠪᠴᠢᠷᠠᠵᠤ᠂ ᠮᠢᠩ ᠶᠠᠩ 200MW ᠭᠡᠷᠡᠯ | ᠴᠡᠨᠡᠭ ᠤᠨ ᠲᠥᠪᠯᠡᠷᠡᠭᠦᠯᠦᠨ ᠥᠷᠢᠰᠦᠯᠳᠦᠭᠦᠯᠦᠨ ᠲᠣᠬᠢᠷᠠᠭᠤᠯᠬᠤ ᠲᠥᠷᠥᠯ ᠵᠦᠢᠯ ᠢ ᠤᠷᠤᠭᠰᠢᠲᠠᠢ ᠪᠠᠷ | ᠰᠦᠯᠵᠢᠶᠡᠨ ᠳᠤ ᠣᠷᠣᠭᠤᠯᠤᠨ ᠴᠠᠬᠢᠯᠭᠠᠨ ᠭᠠᠷᠭᠠᠵᠤ᠂ ᠰᠢᠨ᠎ᠡ ᠡᠨᠧᠷᠭᠢ ᠵᠢᠴᠢ ᠲᠡᠭᠦᠨ ᠤ ᠲᠣᠨᠤᠭ ᠲᠥᠬᠦᠭᠡᠷᠦᠮᠵᠢ | ᠦᠢᠯᠡᠳᠬᠦ ᠦᠢᠯᠡᠰ ᠤᠨ ᠪᠥᠬᠦ ᠵᠢᠯ ᠤᠨ ᠦᠢᠯᠡᠳᠬᠦᠨ ᠤ ᠥᠷᠲᠡᠭ 357.6% ᠨᠡᠮᠡᠭᠳᠡᠵᠦ᠂ ᠰᠢᠨ᠎ᠡ ᠲᠤᠭ | ᠬᠡᠯᠪᠡᠷᠢ ᠶᠢᠨ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠬᠤ ᠪᠠᠷ ᠤᠳᠤᠷᠢᠳᠤᠮᠵᠢ ᠪᠣᠯᠭᠠᠭᠰᠠᠨ ᠰᠢᠭᠤᠶᠢᠲᠤ | ᠲᠣᠭᠤᠷᠢᠭ ᠤᠨ ᠭᠤᠷᠪᠠᠳᠤᠭᠠᠷ ᠤᠳᠠᠭᠠᠨ ᠤ ᠬᠡᠯᠪᠡᠷᠢ ᠶᠢᠨ ᠬᠡᠯᠪᠡᠷᠢ ᠶᠢ ᠬᠤᠪᠢᠷᠠᠭᠤᠯᠬᠤ ᠲᠠᠯ᠎ᠠ ᠪᠠᠷ ᠦᠨᠡᠨ ᠪᠣᠳᠠᠲᠠᠢ | ᠰᠢᠪᠲᠤᠯᠤᠯᠲᠠ ᠲᠠᠢ ᠪᠣᠯᠪᠠ᠃ | ᠡᠨᠡ ᠨᠢᠭᠡ ᠵᠢᠯ ᠳᠤ᠂ ᠪᠢᠳᠡ ᠰᠢᠨ᠎ᠡ ᠶᠢ ᠡᠭᠦᠳᠴᠦ ᠦᠢᠯᠡᠳᠦᠯᠭᠡᠵᠢᠭᠦᠯᠦᠨ ᠲᠡᠷᠢᠭᠦᠨ ᠳᠤ ᠣᠷᠣᠬᠤ ᠪᠠᠷ | ᠡᠷᠡᠯᠬᠡᠭᠯᠡᠨ ᠲᠡᠮᠡᠴᠡᠪᠡ᠃ ᠮᠢᠩ ᠶᠠᠩ ᠤᠯᠤᠰ ᠤᠨ ᠲᠠᠰ ᠤᠨ ᠨᠠᠪᠴᠢᠨ ᠲᠠᠮᠠᠬᠢ ᠶᠢᠨ ᠲᠤᠷᠰᠢᠯᠲᠠ ᠶᠢᠨ ᠭᠡᠷᠡᠴᠢᠯᠡᠯ ᠤᠨ | ᠳᠤᠮᠳᠠ ᠲᠥᠪ ᠪᠠᠷᠠᠭᠤᠨ ᠬᠤᠶᠢᠲᠤ ᠣᠷᠣᠨ ᠤ ᠠᠵᠢᠯ ᠲᠥᠷᠥᠯ ᠤᠨ ᠬᠤᠭᠤᠰᠤᠨ ᠢ ᠨᠥᠬᠦᠪᠦᠷᠢᠯᠡᠵᠦ᠂ 12 ᠠᠵᠤ | ᠠᠬᠤᠶᠢᠯᠠᠯ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠨᠡᠷᠡᠰ ᠲᠤ ᠣᠷᠣᠵᠤ᠂ ᠶᠠ ᠰᠢᠨ ᠯᠦᠩ ᠱᠦᠨ | ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ ᠢᠶᠠᠷ | ᠦᠨᠡᠯᠡᠭᠳᠡᠵᠦ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ | ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠢᠶᠠᠷ ᠦᠨᠡᠯᠡᠭᠳᠡᠪᠡ᠃ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ᠂ ᠪᠥᠬᠦ ᠤᠯᠤᠰ ᠤᠨ ᠬᠥᠳᠡᠭᠡ | ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ᠂ ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ | ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠵᠡᠷᠭᠡ ᠢᠷᠠᠭᠤ ᠠᠯᠳᠠᠷ ᠢ ᠠᠮᠵᠢᠯᠲᠠᠲᠠᠢ ᠭᠥᠷᠳᠡᠵᠦ᠂ | ᠡᠨᠧᠷᠭᠢ ᠶᠢᠨ ᠲᠠᠰ ᠲᠠᠰᠤᠷᠠᠯᠲᠠ ᠦᠭᠡᠢ ᠳᠡᠭᠡᠭᠰᠢᠯᠡᠨ᠂ ᠢᠷᠠᠭᠤ ᠠᠯᠳᠠᠷ ᠤᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ | | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠄ | ᠬᠥᠭᠵᠢᠭᠦᠯᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠪᠠ᠃ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠲᠤᠰ ᠲᠤᠰ 6.7%᠂ 91%᠂ 28.9%᠂ 4.9%᠂ 8.6% ᠪᠠᠷ ᠨᠡᠮᠡᠭᠳᠡᠵᠦ᠂ | ᠭᠠᠶᠢᠯᠢ ᠶᠢᠨ ᠣᠷᠣᠯᠭ᠎ᠠ 92% ᠢᠶᠠᠷ ᠨᠡᠮᠡᠭᠳᠡᠪᠡ᠃ ᠪᠥᠬᠦ ᠵᠢᠯ ᠳᠤ ᠨᠡᠶᠢᠲᠡ 87 ᠲᠥᠷᠥᠯ ᠵᠦᠢᠯ ᠳᠤ ᠭᠡᠷ᠎ᠡ | ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ ᠨᠢ 712.6 ᠳ᠋ᠦᠩᠰᠢᠭᠤᠷ ᠲᠥᠭᠦᠷᠢᠭ ᠲᠤ ᠬᠦᠷᠴᠦ᠂ 63 ᠪᠣᠶ᠂ | 56 ᠠᠵᠢᠯ ᠡᠬᠢᠯᠡᠭᠦᠯᠵᠦ᠂ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠪᠡᠯᠡ ᠮᠥᠩᠭᠦ ᠶᠢ 24.6 | ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ 10% ᠪᠠᠷ ᠨᠡᠮᠡᠭᠳᠡᠪᠡ᠃ ︽ᠲᠠᠪᠤ ᠶᠢ ᠲᠤᠶᠢᠯᠪᠤᠷᠢᠲᠠᠢ | ᠪᠠᠶᠢᠴᠠᠭᠠᠬᠤ︾ ᠶᠢ ᠭᠦᠨᠵᠡᠭᠡᠢ ᠥᠷᠨᠢᠭᠦᠯᠵᠦ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠦᠭᠡᠢ ᠪᠠ ᠰᠤᠯᠠ ᠪᠠᠶᠢᠭ᠎ᠠ | ᠭᠠᠵᠠᠷ ᠰᠢᠷᠣᠢ ᠶᠢ 20 ᠾᠧᠺᠲ᠋ᠠᠷ ᠰᠢᠩᠭᠡᠬᠡᠨ ᠰᠢᠢᠳᠪᠦᠷᠢᠯᠡᠵᠦ᠂ 2463 ᠲᠦᠮᠡᠨ ᠲᠥᠭᠦᠷᠢᠭ ᠤᠨ ᠲᠤᠩᠭᠠᠭᠰᠠᠨ | ᠪᠡᠯᠡ ᠮᠥᠩᠭᠦ ᠲᠤᠰᠢᠶᠠᠪᠠ᠃ ︽ᠬᠤᠶᠠᠷ ᠢ ᠰᠤᠯᠠ ᠲᠠᠯᠪᠢᠵᠤ ᠨᠢᠭᠡ ᠶᠢ ᠬᠤᠭᠤᠰᠣᠨᠵᠢᠭᠤᠯᠬᠤ︾ ᠦᠷ᠎ᠡ ᠠᠰᠢᠭ | ᠭᠠᠷᠭᠠᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ 23 ᠠᠵᠤ ᠠᠬᠤᠶᠢᠯᠠᠯ᠂ 2214 ᠮᠦ ᠭᠠᠵᠠᠷ ᠰᠢᠷᠣᠢ᠂ 2.23 | ᠲᠦᠮᠡᠨ ᠲᠡᠭᠰᠢ ᠳᠥᠷᠪᠡᠯᠵᠢᠨ ᠮᠧᠲᠷ ᠤᠨ ᠭᠠᠵᠠᠷ ᠰᠢᠷᠣᠢ ᠶᠢ ᠰᠤᠯᠠᠯᠠᠨ ᠠᠮᠢᠯᠠᠭᠤᠯᠪᠠ᠃ | ᠲᠦᠷᠦᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠷᠴᠢ ᠵᠣᠷᠢᠭ ᠢᠶᠠᠨ ᠬᠥᠪᠴᠢᠯᠡᠨ ᠠᠵᠤ | ᠦᠢᠯᠡᠰ ᠢᠶᠠᠨ ᠬᠦᠴᠦᠷᠬᠡᠭᠵᠢᠭᠦᠯᠪᠡ᠃ ᠪᠥᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ | ᠲᠥᠷᠥᠯ ᠵᠦᠢᠯ ᠢ 26 ᠬᠡᠷᠡᠭᠵᠢᠭᠦᠯᠵᠦ᠂ 37.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠪᠡ︔ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ 12 ᠰᠢᠨ᠎ᠡ ᠪᠠᠷ ᠠᠵᠢᠯ ᠡᠬᠢᠯᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 17 ᠰᠢᠨ᠎ᠡ ᠪᠠᠷ ᠨᠡᠮᠡᠭᠳᠡᠭᠦᠯᠪᠡ᠃ ᠬᠤᠸᠠ ᠰᠢ ᠣᠲᠣ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠪᠠ ᠰᠢᠶᠠ ᠭᠠᠭ᠋ᠠᠢ ᠲᠡᠵᠢᠭᠡᠨ ᠦᠷᠡᠵᠢᠭᠦᠯᠬᠦ ᠵᠡᠷᠭᠡ | ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ 10 ᠲᠥᠷᠥᠯ ᠵᠦᠢᠯ ᠢ ᠪᠡᠶᠡᠯᠡᠭᠦᠯᠵᠦ᠂ ᠵᠢᠢ ᠬᠤᠯᠠᠨᠳ᠋ ᠤᠨ | ᠬᠤᠨᠢᠨ ᠮᠢᠬ᠎ᠠ ᠨᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ | ᠰᠣᠩᠭᠤᠭᠳᠠᠵᠤ᠂ ᠳ᠋ᠧ ᠺᠠᠩ ᠲᠠᠷᠢᠶᠠᠯᠠᠩ ᠮᠠᠯ ᠠᠵᠤ ᠠᠬᠤᠢ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠠᠵᠤ ᠦᠶᠢᠯᠡᠰᠵᠢᠭᠰᠡᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢᠶᠠᠷ ᠦᠨᠡᠯᠡᠭᠳᠡᠪᠡ᠃ | ᠶᠠ ᠰᠢᠨ ᠭᠤᠷᠪᠠᠳᠤᠭᠠᠷ ᠬᠤᠭᠤᠴᠠᠭᠠᠨ ᠤ ᠪᠣᠯᠣᠳ ᠬᠡᠦᠷᠡᠰᠦᠨ ᠠᠯᠺᠣᠣᠯ ᠲᠡᠷᠭᠡ ᠶᠢ ᠨᠢᠭᠡ ᠴᠣᠭᠴᠠᠵᠢᠭᠤᠯᠬᠤ | ᠲᠥᠷᠥᠯ ᠵᠦᠢᠯ ᠡᠮᠬᠢ ᠵᠢᠷᠤᠮ ᠲᠠᠢ ᠠᠬᠢᠵᠤ᠂ ᠠᠩᠬᠠᠨ ᠤ ᠬᠤᠭᠤᠴᠠᠭᠠᠨ ᠤ ᠥᠨᠳᠥᠷ ᠵᠤᠤᠬ᠎ᠠ ᠶᠢᠨ ᠳᠣᠣᠷ᠎ᠠ | ᠨᠡᠭᠦᠷᠡᠰᠦᠲᠥ᠋ᠷᠥᠭᠴᠢᠲᠦ ᠪᠣᠬᠢᠷᠲᠤᠯ ᠦᠭᠡᠢ ᠲᠡᠮᠦᠷᠯᠢᠭ ᠬᠠᠶᠢᠯᠤᠭᠤᠯᠬᠤ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠪᠣᠯᠣᠳ ᠲᠡᠮᠦᠷ ᠢ ᠨᠡᠶᠢᠯᠡᠭᠦᠯᠬᠦ ᠦᠢᠯᠡᠳᠪᠦᠷᠢᠯᠡᠯ ᠤᠨ ᠴᠢᠳᠠᠪᠤᠷᠢ ᠶᠢ 400 ᠲᠦᠮᠡᠨ ᠲᠣᠨ | ᠪᠣᠯᠭᠠᠪᠠ᠃ ᠺᠦᠨ ᠳ᠋ᠡ ᠰᠢᠨ ᠣᠨᠴᠠ ᠲᠦᠷᠦᠯ ᠤᠨ ᠲᠡᠮᠦᠷ ᠤᠨ ᠬᠠᠶᠢᠯᠤᠰᠢ ᠶᠢ ᠲᠤᠷᠰᠢᠨ ᠦᠢᠯᠡᠳᠪᠦᠷᠢᠯᠡᠵᠦ᠂ ᠵᠢᠶᠠ | ᠮᠧᠩ᠂ ᠬᠤᠸᠠ ᠮᠣᠣ ᠿᠢ ᠱᠧᠩ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠣᠯᠡᠨ ᠡᠨᠧᠷᠭᠢᠲᠦ | ᠴᠡᠪᠡᠷ PE ᠪᠣᠭᠤᠳᠠᠯ᠂ ᠵᠢᠩ ᠶᠢᠦ ᠪᠣᠯᠣᠳ ᠤᠭᠰᠠᠷᠠᠮᠠᠯ ᠮᠠᠶ᠋ᠢᠭ ᠤᠨ ᠪᠠᠷᠢᠯᠭ᠎ᠠ ᠵᠡᠷᠭᠡ 4 ᠴᠢᠬᠤᠯᠠ ᠶᠡᠭᠡ ᠳᠥᠷᠦᠯ | ᠵᠦᠢᠯ ᠢ ᠲᠣᠰ ᠵᠢᠯ ᠤᠨ ᠳᠥᠷᠦᠯ ᠵᠦᠢᠯ ᠲᠣᠭᠲᠠᠭᠠᠪᠠ᠂ ᠲᠣᠰ ᠵᠢᠯ ᠤᠨ ᠠᠵᠢᠯ ᠢᠶᠠᠨ ᠡᠬᠢᠯᠡᠭᠦᠯᠵᠦ᠂ ᠲᠣᠰ | ᠵᠢᠯ ᠳᠡᠭᠡᠨ ᠪᠦᠲᠦᠭᠡᠨ ᠪᠠᠶᠢᠭᠤᠯᠪᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠡᠷᠡᠰ ᠭᠤᠶᠢᠪᠢᠰᠢ ᠦᠭᠡᠢ ᠪᠠᠷ | ᠠᠮᠢᠵᠢᠷᠠᠯ ᠤᠨ ᠬᠦᠴᠦᠨ ᠢ ᠬᠥᠭᠵᠢᠭᠡᠪᠡ᠃ ᠮᠠᠢ ᠶᠦᠨ ᠰᠢᠨᠵᠢᠯᠡᠬᠦ ᠮᠡᠷᠭᠡᠵᠢᠯ ᠶᠦᠨ ᡁᠢ ᠺᠠᠩ ᠡᠮ ᠡᠮᠨᠡᠯᠭᠡ ᠵᠡᠷᠭᠡ | ᠲᠣᠭᠠᠵᠢᠭᠤᠯᠤᠭᠰᠠᠨ ᠠᠵᠤ ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ ᠢ 55 ᠠᠮᠵᠢᠯᠲᠠ ᠲᠠᠢ ᠣᠷᠣᠭᠤᠯᠪᠠ᠃ | ᠪᠠᠯ ᠴᠢᠯᠠᠭᠤᠨ ᠠᠯᠺᠧᠨ ᠤ ᠵᠠᠪᠰᠠᠷ ᠤᠨ ᠲᠤᠷᠰᠢᠨ ᠦᠢᠯᠡᠳᠪᠦᠷᠢᠯᠡᠬᠦ ᠱᠤᠭᠤᠮ᠂ ᠬᠤᠤ ᠴᠢᠩ ᠴᠠᠯᠢᠩ ᠤᠨ ᠮᠠᠲ᠋ᠧᠷᠢᠶᠠᠯ | ᠮᠠᠭᠨᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠱᠠᠨ ᠰᠢ ᠶᠢᠨ ᠳ᠋ᠢ ᠣᠣ ᠫᠦ᠋ ᠵᠡᠷᠭᠡ ᠳᠡᠭᠡᠳᠦ ᠰᠢᠨᠵᠢᠯᠡᠬᠦ | ᠤᠬᠠᠭᠠᠨ ᠮᠡᠷᠭᠡᠵᠢᠯ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠬᠥᠩᠭᠡᠨ ᠴᠠᠭᠠᠨ ᠤ ᠢᠯᠴᠢ ᠶᠢ ᠰᠡᠷᠭᠦᠭᠡᠬᠦ | ᠠᠷᠭ᠎ᠠ ᠪᠠᠷ ᠲᠡᠮᠦᠷᠯᠢᠭ ᠮᠠᠭᠨᠢ ᠶᠢᠨ ᠮᠡᠷᠭᠡᠵᠢᠯ ᠢ ᠣᠷᠣᠭᠤᠯᠤᠨ ᠠᠪᠴᠢᠷᠠᠵᠤ᠂ ᠥᠪᠥᠷ ᠮᠣᠩᠭᠤᠯ ᠤᠨ ᠳᠤᠮᠳᠠ | ᠲᠠᠷᠢᠶᠠᠯᠠᠩ ᠤᠨ ᠴᠠᠬᠢᠭᠤᠷ ᠪᠣᠷᠳᠣᠭᠤᠷ ᠰᠤᠳᠤᠯᠬᠤ ᠭᠠᠵᠠᠷ᠂ ᠵᠢᠶᠠ ᠮᠧᠩ ᠨᠡᠭᠦᠷᠡᠰᠦᠨ ᠴᠢᠯᠠᠭᠤᠨ ᠲᠣᠰᠣᠨ ᠤ | ᠳᠠᠷᠤᠰᠢᠭᠤᠯᠬᠤ ᠲᠤᠯᠭᠠᠭᠤᠷᠢᠯᠠᠬᠤ ᠡᠮ ᠤᠨ ᠲᠤᠷᠰᠢᠯᠲᠠ ᠶᠢᠨ ᠲᠠᠰᠤᠭ ᠢ ᠪᠠᠶᠢᠭᠤᠯᠪᠠ᠃ | ᠳᠡᠭᠡᠳᠦ ᠳᠡᠰ ᠳᠠᠪᠬᠤᠷᠭ᠎ᠠ ᠶᠢᠨ ᠳᠤᠲᠠᠭᠳᠠᠵᠤ ᠪᠠᠶᠢᠭ᠎ᠠ ᠴᠢᠳᠠᠪᠤᠷᠢᠲᠠᠨ ᠪᠣᠯᠣᠨ ᠠᠵᠤ ᠦᠢᠯᠡᠰ ᠤᠨ | ᠠᠵᠢᠯᠴᠢᠨ ᠢ 2000 ᠣᠷᠴᠢᠮ ᠡᠯᠰᠡᠭᠰᠡᠨ ᠪᠠᠶᠢᠨ᠎ᠠ᠃ 77 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ | ᠪᠡᠶᠡᠯᠡᠭᠦᠯᠵᠦ᠂ 87 ᠵᠦᠢᠯ ᠤᠨ ᠦᠷ᠎ᠡ ᠪᠦᠲᠦᠭᠡᠯ ᠣᠯᠪᠠ᠃ 1736 ᠬᠤᠪᠢ︽12345︾ ᠬᠠᠯᠠᠮᠰᠢᠯ ᠤᠲᠠᠰᠤ ᠶᠢᠨ | ᠠᠵᠢᠯ ᠤᠨ ᠬᠠᠭᠤᠳᠠᠰᠤ ᠶᠢ ᠴᠢᠨᠠᠷ ᠰᠠᠶᠢᠲᠠᠢ ᠪᠡᠶᠡᠯᠡᠭᠦᠯᠵᠦ᠂ ᠬᠠᠨᠤᠮᠵᠢ ᠶᠢᠨ ᠨᠣᠷᠮ᠎ᠠ 99.64% ᠬᠦᠷᠴᠦ᠂ 1421 | ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ | ᠶᠢ ᠪᠡᠶᠡᠯᠡᠭᠦᠯᠪᠡ᠃ ︽ᠨᠢᠭᠡ ᠬᠥᠲᠥᠯᠪᠦᠷᠢ ᠶᠢᠨ N ᠵᠦᠢᠯ︾᠂ ᠵᠠᠰᠠᠭ ᠠᠵᠤ ᠠᠬᠤᠶᠢᠯᠠᠯ ᠤᠨ ︽ᠰᠡᠳᠬᠢᠯ ᠤᠨ | ᠬᠥᠭᠦᠷᠭᠡ︾ ᠵᠡᠷᠭᠡ ᠲᠣᠭᠲᠠᠴᠠ ᠶᠢᠨ ᠰᠢᠨ᠎ᠡ ᠶᠢ ᠡᠭᠦᠳᠴᠦ᠂ ᠠᠵᠤ ᠠᠬᠤᠶᠢᠯᠠᠯ ᠢ ᠬᠠᠪᠰᠤᠷᠤᠨ ᠪᠣᠳᠠᠲᠤ ᠶᠠᠪᠤᠳᠠᠯ | ᠬᠢᠵᠦ᠂ 164 ᠬᠦᠴᠢᠷ ᠠᠰᠠᠭᠤᠳᠠᠯ ᠢ ᠰᠢᠢᠳᠪᠦᠷᠢᠯᠡᠪᠡ᠃ ︽5N︾ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠪᠠᠶᠢᠯᠳᠤᠬᠤ ᠪᠣᠳᠣᠯᠭ᠎ᠠ ᠶᠢᠨ ᠳᠠᠬᠢᠨ ᠵᠣᠬᠢᠶᠠᠨ ᠪᠠᠶᠢᠭᠤᠯᠤᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ ᠪᠠ ᠠᠰᠢᠭ ᠬᠤᠨᠵᠢᠪᠤᠷᠢ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠪᠡ᠃ | ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠢ ᠦᠷᠭᠦᠯᠵᠢᠯᠡᠨ | ᠰᠢᠯᠢᠳᠡᠭᠵᠢᠭᠦᠯᠦᠨ᠎ᠡ᠃ 9430 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠴᠢᠨᠠᠷ ᠮᠠᠭᠤ ᠦᠷ᠎ᠡ ᠠᠰᠢᠭ ᠢᠶᠠᠷ | ᠳᠣᠣᠷ᠎ᠠ ᠣᠶ ᠶᠢ ᠥᠭᠡᠷᠡᠴᠢᠯᠡᠬᠦ᠂ ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠠᠷᠠᠴᠢᠯᠠᠨ ᠪᠣᠶᠢᠵᠢᠭᠤᠯᠬᠤ ᠵᠡᠷᠭᠡ | ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠵᠦ᠂ | ᠨᠣᠭᠤᠭᠠᠷᠠᠭᠤᠯᠤᠯᠲᠠ ᠶᠢᠨ ᠲᠠᠯᠠᠪᠠᠶ ᠶᠢ 1 ᠲᠦᠮᠡᠨ ᠮᠦ ᠰᠢᠨ᠎ᠡ ᠪᠠᠷ ᠨᠡᠮᠡᠭᠳᠡᠭᠦᠯᠪᠡ᠃ 4000 ᠲᠦᠮᠡᠨ | ᠲᠥᠭᠦᠷᠢᠭ ᠤᠨ ᠪᠡᠯᠡ ᠣᠷᠣᠭᠤᠯᠵᠤ ᠵᠣᠴᠢᠨ ᠤᠭᠲᠤᠬᠤ ︽ᠬᠠᠷᠮᠠᠨ ᠴᠡᠴᠡᠷᠯᠢᠭ︾ ᠢ ᠲᠠᠰ ᠳᠡᠪᠰᠢᠭᠦᠯᠬᠦ᠂ ᠰᠢᠶᠠᠨ ᠤ | ᠵᠠᠮ ᠢ ᠨᠣᠭᠤᠭᠠᠷᠠᠭᠤᠯᠬᠤ᠂ ᠵᠠᠩᠭᠢᠯᠠᠭ᠎ᠠ ᠶᠢᠨ ᠴᠡᠭ ᠤᠨ ᠪᠢᠴᠢᠯ ᠴᠡᠴᠡᠷᠯᠢᠭ ᠢ ᠥᠭᠡᠷᠡᠴᠢᠯᠡᠬᠦ ᠵᠡᠷᠭᠡ ᠲᠥᠷᠥᠯ ᠵᠦᠢᠯ ᠢ | 14 ᠬᠡᠷᠡᠭᠵᠢᠭᠦᠯᠵᠦ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ ᠶᠢ 3 ᠲᠦᠮᠡᠨ ᠲᠡᠭᠰᠢ ᠳᠥᠷᠪᠡᠯᠵᠢᠨ | ᠮᠧᠲᠷ ᠰᠢᠨ᠎ᠡ ᠪᠠᠷ ᠨᠡᠮᠡᠭᠳᠡᠭᠦᠯᠪᠡ᠃ 14 ᠰᠠᠭᠤᠭᠠᠯᠢ ᠲᠣᠭᠤᠷᠢᠭ ᠲᠤ ︽ᠰᠠᠭᠤᠯᠠᠭ᠎ᠠ ᠶᠢ ᠬᠠᠰᠤᠵᠤ ᠨᠡᠶᠢᠯᠡᠭᠦᠯᠬᠦ ᠴᠢᠭ᠋︾ | ᠤᠨ ᠳᠥᠷᠪᠡᠨ ᠲᠥᠷᠥᠯ ᠬᠤᠪᠢᠶᠠᠭᠰᠠᠨ ᠬᠤᠭ ᠨᠣᠪᠰᠢ ᠶᠢ ᠲᠥᠪᠯᠡᠷᠡᠭᠦᠯᠦᠨ ᠬᠤᠷᠢᠶᠠᠨ ᠠᠪᠴᠤ ᠵᠢᠱᠢᠶ᠎ᠡ ᠦᠵᠡᠭᠦᠯᠬᠦ | ᠭᠠᠵᠠᠷ ᠭᠠᠷᠭᠠᠵᠤ᠂ ᠬᠤᠲᠠ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ | ᠰᠢᠢᠳᠪᠦᠷᠢᠯᠡᠬᠦ ᠨᠣᠷᠮ᠎ᠠ ᠶᠢ 100% ᠳᠤ ᠬᠦᠷᠭᠡᠪᠡ᠃ ︽ᠲᠣᠭᠠᠴᠢᠯᠠᠭᠰᠠᠨ ᠬᠠᠮᠢᠶᠠᠷᠤᠭᠴᠢ︾ ᠲᠠᠪᠴᠠᠩ ᠢ | ᠪᠠᠶᠢᠭᠤᠯᠵᠤ ᠬᠤᠲᠠ ᠶᠢᠨ ᠬᠠᠮᠢᠶᠠᠷᠤᠯᠲᠠ ᠶᠢᠨ ᠡᠮᠵᠡᠭ ᠲᠠᠢ ᠠᠰᠠᠭᠤᠳᠠᠯ ᠢ 260 ᠭᠠᠷᠤᠢ ᠰᠢᠢᠳᠪᠦᠷᠢᠯᠡᠨ᠎ᠡ᠃ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠪᠤᠨ ᠵᠢᠯ ᠤᠨ | ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ 2500 ᠲᠦᠮᠡᠨ ᠲᠥᠭᠦᠷᠢᠭ ᠤᠨ ᠪᠡᠯᠡ ᠣᠷᠣᠭᠤᠯᠵᠤ ᠤᠰᠤᠨ | ᠠᠰᠢᠭᠯᠠᠯᠲᠠ ᠶᠢ ᠰᠡᠯᠪᠢᠨ ᠵᠠᠰᠠᠬᠤ ᠢᠨᠵᠧᠨᠧᠷᠢᠩ ᠢ 7 ᠵᠦᠢᠯ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠬᠦ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ | ︽ᠨᠢᠭᠡ ᠶᠢ ᠵᠠᠰᠠᠵᠤ ᠭᠤᠷᠪᠠ ᠶᠢ ᠬᠤᠪᠢᠷᠠᠭᠤᠯᠬᠤ︾ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯᠯᠠᠭ᠎ᠠ ᠶᠢ ᠴᠢᠨᠠᠷ | ᠰᠠᠶᠢᠲᠠᠢ ᠪᠡᠶᠡᠯᠡᠭᠦᠯᠵᠦ᠂ ᠪᠥᠬᠦ ᠣᠷᠣᠨ ᠤ ᠠᠭᠠᠷ ᠤᠨ ᠶᠠᠰᠤ ᠴᠢᠨᠠᠷ ᠤᠨ ᠰᠢᠯᠢᠳᠡᠭ ᠨᠣᠷᠮ᠎ᠠ ᠶᠢ 89.2% ᠲᠤ | ᠬᠦᠷᠭᠡᠪᠡ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠦᠨᠡᠨ ᠰᠡᠳᠬᠢᠯ ᠠᠴᠠ ᠪᠠᠨ ᠪᠣᠳᠠᠲᠤ ᠶᠠᠪᠤᠳᠠᠯ ᠬᠢᠬᠦ | ᠬᠡᠷᠡᠭᠲᠡᠢ᠃ ᠵᠢᠯ ᠤᠨ ᠡᠬᠢᠨ ᠳᠤ ᠠᠮᠠᠯᠳᠠᠭᠰᠠᠨ ᠠᠷᠠᠳ ᠤᠨ ᠠᠮᠢᠳᠤᠷᠠᠯ ᠤᠨ ᠰᠠᠶᠢᠨ ᠶᠠᠪᠤᠳᠠᠯ ᠪᠣᠳᠠᠲᠤ ᠶᠠᠪᠤᠳᠠᠯ ᠢ | ᠪᠦᠬᠦᠨ ᠢ ᠪᠡᠶᠡᠯᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠲᠤᠰ ᠲᠤᠰ 4.8% ᠪᠠ 6.3% ᠨᠡᠮᠡᠭᠳᠡᠵᠡᠢ᠃ ᠠᠷᠠᠳ ᠲᠤ ᠠᠰᠢᠭ ᠬᠦᠷᠲᠡᠭᠡᠬᠦ | ᠨᠥᠬᠦᠪᠦᠷᠢ ᠶᠢ 2946 ᠲᠦᠮᠡᠨ ᠲᠥᠭᠦᠷᠢᠭ ᠲᠠᠷᠬᠠᠭᠠᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ 882 ᠲᠥᠭᠦᠷᠢᠭ ᠪᠣᠯᠲᠠᠯ᠎ᠠ ᠥᠰᠴᠦ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠪᠠ᠃ | ︽ᠪᠢ ᠣᠯᠠᠨ ᠲᠦᠮᠡᠨ ᠳᠤ ᠠᠵᠢᠯ ᠣᠯᠵᠤ ᠥᠭᠬᠦ︾ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ 4000 | ᠰᠢᠬᠠᠮ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ ᠶᠢ | ︽ᠬᠥᠳᠡᠯᠦᠩᠭᠦᠢ ᠪᠠᠷ ᠦᠭᠡᠢ ᠪᠣᠯᠭᠠᠬᠤ︾ ᠶᠢ ᠪᠠᠲᠤᠯᠠᠪᠠ᠃ ᠳ᠋ᠠ ᠼᠢ ᠵᠡᠭᠡᠯᠢ ᠭᠤᠳᠤᠮᠵᠢ ᠵᠡᠷᠭᠡ 5 ᠨᠠᠰᠤᠵᠢᠯ ᠤᠨ | ᠦᠢᠯᠡᠴᠢᠯᠡᠭᠡᠨ ᠤ ᠲᠥᠪ ᠢ ᠪᠦᠬᠦᠨ ᠢ ᠪᠠᠶᠢᠭᠤᠯᠤᠨ ᠳᠠᠭᠤᠰᠬᠠᠵᠤ᠂ ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ᠂ 7 | ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ᠂ 19 ᠦᠨᠳᠦᠰᠦᠨ ᠱᠠᠲᠤᠨ ᠤ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠡᠭ ᠢ ᠠᠰᠢᠭᠯᠠᠯᠲᠠ ᠳᠤ ᠣᠷᠣᠭᠤᠯᠪᠠ᠃ 3716 ᠲᠦᠮᠡᠨ | ᠲᠥᠭᠦᠷᠢᠭ ᠤᠨ ᠪᠡᠯᠡ ᠮᠥᠩᠭᠦ ᠣᠯᠵᠤ ᠪᠠᠶᠢᠭᠠᠳ ᠵᠤᠤ ᠪᠧᠢ ᠤᠷᠲᠤ ᠴᠠᠭᠠᠨ ᠬᠡᠷᠡᠮ ᠤᠨ ᠰᠣᠶᠣᠯ ᠤᠨ | ᠦᠵᠡᠭᠦᠯᠦᠯᠭᠡ ᠶᠢᠨ ᠲᠣᠭᠤᠷᠢᠭ᠂ ᠳ᠋ᠠ ᠹᠠ ᠬᠤᠳᠠᠯᠳᠤᠭᠠᠨ ᠤ ᠵᠡᠭᠡᠯᠢ ᠵᠡᠷᠭᠡ 7 ᠲᠥᠷᠥᠯ ᠵᠦᠢᠯ ᠢ ᠬᠡᠷᠡᠭᠵᠢᠭᠦᠯᠵᠦ᠂ | ᠪᠡᠶ᠎ᠡ ᠶᠢᠨ ᠲᠠᠮᠢᠷ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠪᠠ᠃ 17 ᠭᠠᠴᠠᠭ᠎ᠠ ᠲᠣᠰᠬᠤᠨ ᠳᠤ 80 | ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ ᠬᠡᠷᠡᠭᠵᠢᠭᠦᠯᠵᠦ᠂ 1586 ᠲᠦᠮᠡᠨ ᠲᠥᠭᠦᠷᠢᠭ ᠤᠨ ᠣᠷᠣᠯᠭ᠎ᠠ ᠶᠢ | ᠪᠡᠶᠡᠯᠡᠭᠦᠯᠪᠡ᠃ ︽ᠪᠡᠳᠬᠡᠷ ᠵᠤᠤ ᠬᠤᠨᠳᠠᠭᠠᠲᠤ︾ ᠳᠤᠭᠤᠢ ᠲᠡᠷᠭᠡᠨ ᠤ ᠤᠷᠤᠯᠳᠤᠭᠠᠨ᠂ ︽ᠳᠤᠭᠤᠢ ᠲᠡᠷᠭᠡ ᠰᠠᠷᠢᠭᠠᠯᠠᠬᠤ︾ | ᠵᠡᠷᠭᠡ ᠰᠢᠷᠢᠰ ᠰᠣᠶᠣᠯ ᠲᠠᠮᠢᠷ ᠤᠨ ᠬᠥᠳᠡᠯᠭᠡᠭᠡᠨ ᠢ ᠠᠮᠵᠢᠯᠲᠠ ᠲᠠᠢ ᠡᠷᠬᠢᠯᠡᠵᠦ᠂ ᠵᠤᠭᠠᠴᠠᠯ ᠤᠨ ᠶᠡᠷᠦᠩᠬᠡᠢ ᠤᠷᠤᠯᠭ᠎ᠠ | ᠨᠢ 4.5 ᠳ᠋ᠦᠩᠰᠢᠭᠤᠷ ᠲᠥᠭᠦᠷᠢᠭ ᠢ ᠳᠠᠪᠠᠪᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠦᠢᠯᠡᠳᠬᠦᠨ ᠤ ᠥᠪᠡᠷᠲᠡᠭᠡᠨ ᠰᠣᠩᠭᠤᠬᠤ ᠣᠷᠣᠨ ᠵᠠᠢ 3 ᠨᠣᠮ ᠤᠨ ᠰᠠᠩ ᠪᠠᠶᠢᠭᠤᠯᠵᠤ᠂ ᠤᠯᠤᠰ ᠤᠨ ᠭᠤᠷᠪᠠᠨ | ᠲᠠᠰ ᠤᠨ ᠨᠣᠮ ᠤᠨ ᠰᠠᠩ ᠢᠶᠠᠷ ᠦᠨᠡᠯᠡᠭᠳᠡᠵᠡᠢ᠃ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠦᠨ ᠡᠭᠦᠳᠦᠨ | ᠪᠠᠶᠢᠭᠤᠯᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠴᠥᠩ ᠳ᠋ᠧ ᠶᠡᠭᠡ ᠵᠡᠭᠡᠯᠢ ᠨᠢ ᠬᠤᠲᠠ ᠶᠢᠨ | ᠱᠠᠲᠤᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠵᠡᠭᠡᠯᠢ ᠪᠠᠷ ᠦᠨᠡᠯᠡᠭᠳᠡᠪᠡ᠃ ᠠᠶᠤᠯ ᠦᠭᠡᠢ | ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ᠂ ᠰᠢᠲᠠᠮᠠᠬᠠᠢ ᠬᠡᠢ ᠶᠢᠨ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠵᠡᠷᠭᠡ 9 ᠶᠡᠭᠡ ᠠᠵᠢᠯᠯᠠᠭ᠎ᠠ ᠶᠢ ᠥᠷᠨᠢᠭᠦᠯᠵᠦ᠂ ᠪᠦᠬᠦ ᠣᠷᠣᠨ ᠤ ᠠᠶᠤᠯ | ᠦᠭᠡᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ | ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠢᠳᠡᠪᠬᠢᠲᠡᠢ ᠪᠠᠷ ᠵᠢᠳᠬᠦᠯ | ᠴᠢᠷᠮᠠᠶᠢᠯᠭ᠎ᠠ ᠭᠠᠷᠭᠠᠵᠤ ᠰᠤᠷᠲᠠᠯ ᠢᠶᠠᠨ ᠬᠤᠪᠢᠷᠠᠭᠤᠯᠪᠠ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ | ᠯᠠᠪᠳᠠᠭᠤᠨ ᠪᠠᠲᠤᠲᠠᠢ ᠠᠬᠢᠭᠤᠯᠵᠤ᠂ ︽ᠪᠠᠭ᠎ᠠ ᠲᠠᠯ᠎ᠠ ᠠᠴᠠ ᠶᠡᠭᠡ ᠬᠠᠨᠳᠤᠵᠤ᠂ ᠣᠯᠠᠨ ᠲᠦᠮᠡᠨ ᠤ ᠪᠠᠴᠢᠮᠳᠠᠵᠤ | ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠬᠦ︾ | ᠦᠢᠯᠡᠳᠦᠯᠭᠡ ᠶᠢᠨ ᠠᠵᠢᠯᠯᠠᠭ᠎ᠠ ᠶᠢ ᠰᠢᠨ᠎ᠡ ᠪᠠᠷ ᠡᠭᠦᠳᠦᠨ ᠥᠷᠨᠢᠭᠦᠯᠵᠦ᠂ ᠠᠷᠠᠳ ᠤᠨ ᠠᠮᠢᠳᠤᠷᠠᠯ ᠤᠨ | ᠬᠦᠷᠢᠶᠡᠨ ᠳᠠᠬᠢ 160 ᠭᠠᠷᠤᠢ ᠵᠦᠢᠯ ᠤᠨ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠪᠡ᠃ ᠴᠢᠬᠤᠯᠠ ᠶᠡᠭᠡ | ᠤᠴᠢᠷ ᠶᠠᠪᠤᠳᠠᠯ ᠢ ᠴᠠᠭ ᠲᠤᠬᠠᠢ ᠳᠤᠨᠢ ᠲᠣᠭᠤᠷᠢᠭ ᠤᠨ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠶᠢ | ᠪᠠᠷᠢᠮᠲᠠᠯᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠪᠠ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 220 ᠬᠤᠪᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠪᠦᠬᠦᠨ ᠢ ᠭᠦᠢᠴᠡᠳᠬᠡᠨ ᠬᠠᠷᠢᠭᠤᠯᠲᠠ ᠥᠭᠴᠦ᠂ ᠬᠠᠨᠤᠮᠵᠢ ᠶᠢᠨ | ᠨᠤᠷᠮ᠎ᠠ 100% ᠳᠤ ᠬᠦᠷᠴᠡᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠦᠨᠡᠯᠡᠨ | ᠵᠢᠱᠢᠯᠲᠡ ᠶᠢ ᠬᠢᠨᠠᠨ ᠰᠢᠯᠭᠠᠬᠤ ᠳᠤ ᠬᠢᠷᠢ ᠲᠡᠩᠴᠡᠪᠡ᠃ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ | ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠲᠠᠰᠤᠷᠠᠯᠲᠠ ᠦᠭᠡᠢ ᠪᠠᠭᠤᠷᠠᠪᠠ᠃ ︽ᠰᠤᠷᠲᠠᠯ ᠢ ᠰᠠᠶᠢᠵᠢᠷᠠᠭᠤᠯᠬᠤ᠂ | ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ︽ᠭᠤᠷᠪᠠᠨ ᠠᠷᠪᠢᠨ ᠭᠤᠷᠪᠠᠨ ᠴᠥᠭᠡᠨ︾ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠺᠠᠳ᠋ᠷᠴᠤᠳ ᠤᠨ | ᠠᠵᠢᠯ ᠬᠢᠵᠦ ᠠᠳᠠᠯ ᠦᠢᠯᠡᠰ ᠴᠣᠭᠴᠠᠯᠠᠬᠤ ᠴᠤᠭ ᠰᠦᠯᠳᠡ ᠶᠠᠪᠤᠬᠤ ᠲᠤᠲᠤᠮ ᠰᠠᠶᠢᠵᠢᠷᠠᠪᠠ᠃ ᠡᠭᠦᠨ ᠤ ᠬᠠᠮᠲᠤ᠂ | ᠠᠷᠠᠳ ᠤᠨ ᠵᠡᠪᠰᠡᠭᠲᠦ ᠬᠦᠴᠦᠨ᠂ ᠠᠷᠠᠳ ᠤᠨ ᠠᠭᠠᠷ ᠤᠨ ᠰᠡᠷᠭᠡᠶᠢᠯᠡᠯᠲᠡ᠂ ᠱᠠᠰᠢᠨ ᠰᠤᠷᠲᠠᠬᠤᠨ᠂ ᠰᠣᠨᠢᠨ ᠮᠡᠳᠡᠭᠡ | ᠷᠠᠳᠢᠣ᠋ ᠲᠧᠯᠸᠢᠰ᠂ ᠬᠤᠶᠠᠷ ᠢ ᠬᠦᠷᠢᠶᠡᠯᠡᠵᠦ ᠠᠰᠠᠷᠠᠨ ᠬᠠᠷᠠᠭᠠᠯᠵᠠᠬᠤ᠂ ᠪᠠᠶᠢᠭᠤᠯᠭ᠎ᠠ ᠶᠢᠨ ᠬᠡᠷᠡᠭ ᠶᠠᠪᠤᠳᠠᠯ᠂ ᠲᠡᠦᠬᠡ | ᠣᠶᠢᠯᠠᠯᠭ᠎ᠠ ᠶᠢᠨ ᠲᠠᠩᠰᠠ ᠡᠪᠬᠡᠮᠡᠯ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠠᠵᠢᠯᠴᠢᠨ ᠤ ᠡᠪᠯᠡᠯ᠂ | ᠵᠡᠮᠳᠡᠭᠴᠦᠳ᠂ ᠤᠯᠠᠭᠠᠨ ᠦᠰᠦᠭ᠂ ᠠᠬᠠᠮᠠᠳ ᠺᠠᠳ᠋ᠷ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠳᠤ | ᠴᠥᠮ ᠰᠢᠨ᠎ᠡ ᠠᠮᠵᠢᠯᠲᠠ ᠪᠦᠲᠦᠮᠵᠢ ᠣᠯᠵᠤ᠂ ᠢᠯᠠᠩᠭᠤᠶ᠎ᠠ ᠭᠠᠶᠢᠯᠢ ᠶᠢᠨ ᠶᠠᠪᠤᠳᠠᠯ᠂ ᠴᠠᠬᠢᠯᠭᠠᠨ ᠬᠠᠩᠭᠠᠬᠤ᠂ ᠭᠠᠯ | ᠰᠡᠷᠭᠡᠶᠢᠯᠡᠵᠦ ᠭᠠᠯ ᠤᠨᠲᠠᠷᠠᠭᠠᠬᠤ᠂ ᠴᠢᠮᠡᠭᠡ ᠬᠤᠯᠪᠣᠭ᠎ᠠ᠂ ᠰᠢᠤᠳᠠᠨ ᠶᠠᠪᠤᠳᠠᠯ ᠵᠡᠷᠭᠡ ᠰᠠᠯᠠᠭ᠎ᠠ ᠮᠥᠴᠢᠷ ᠤᠳ | ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ ᠰᠢᠭᠤᠶᠢᠲᠤ ᠭᠠᠵᠠᠷ ᠢ ᠬᠠᠶᠢᠷᠠᠯᠠᠨ ᠬᠠᠯᠠᠮᠵᠢᠯᠠᠵᠤ᠂ | ᠰᠠᠨᠠᠭᠠᠴᠢᠯᠠᠭ᠎ᠠ ᠠᠴᠠ ᠪᠠᠨ ᠬᠤᠪᠢ ᠨᠡᠮᠡᠷᠢ ᠦᠵᠡᠭᠦᠯᠵᠦ᠂ ᠪᠥᠬᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠪᠡ᠃ | ᠲᠥᠯᠥᠭᠡᠯᠡᠭᠴᠢᠳ ᠠ᠋᠂ ᠤᠴᠢᠷ ᠶᠠᠪᠤᠳᠠᠯ ᠢ ᠥᠩᠭᠡᠷᠡᠬᠦ ᠳᠤ ᠵᠠᠪᠠᠯ ᠬᠦᠴᠢᠷ ᠭᠡᠳᠡᠭ ᠢ ᠮᠡᠳᠡᠬᠦ ᠦᠭᠡᠢ᠃ | ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠣᠭᠰᠠᠨ ᠪᠢᠰᠢ ᠶᠤᠮ᠃ ᠡᠨᠡ ᠪᠣᠯ ᠪᠦᠬᠦ | ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠤ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠷᠮᠠᠶᠢᠨ | ᠠᠵᠢᠯᠯᠠᠵᠤ ᠢᠷᠡᠭᠰᠡᠨ ᠪᠥᠭᠡᠳ ᠪᠠᠰᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ᠂ ᠬᠦᠴᠦᠲᠡᠢ ᠳᠡᠮᠵᠢᠯᠭᠡ ᠪᠠ | ᠨᠡᠶᠢᠭᠡᠮ ᠤᠨ ᠡᠯ᠎ᠡ ᠡᠲᠡᠭᠡᠳ ᠤᠨ ᠨᠢᠭᠡ ᠰᠡᠳᠬᠢᠯ ᠨᠢᠭᠡ ᠵᠣᠷᠢᠭ᠂ ᠬᠦᠴᠦᠯᠡᠨ ᠲᠡᠮᠡᠴᠡᠵᠦ ᠪᠠᠶᠢᠭ᠎ᠠ ᠶᠤᠮ᠃ ᠠᠳᠡ ᠪᠢ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠰᠢᠭᠤᠶᠢᠲᠤ ᠲᠣᠭᠤᠷᠢᠭ ᠤᠨ ᠬᠥᠭᠵᠢᠯᠲᠡ ᠳᠤ | ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠭᠰᠡᠨ ᠪᠦᠲᠦᠭᠡᠨ ᠪᠠᠶᠢᠭᠤᠯᠤᠭᠴᠢ᠂ ᠬᠤᠪᠢ ᠨᠡᠮᠡᠷᠢ | ᠦᠵᠡᠭᠦᠯᠦᠭᠰᠡᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠃ | ᠲᠥᠯᠥᠭᠡᠯᠡᠭᠴᠢᠳ ᠠ᠋᠂ ᠰᠢᠭᠤᠶᠢᠲᠤ ᠲᠣᠭᠤᠷᠢᠭ ᠪᠣᠯ ᠨᠢᠭᠡᠨ ᠭᠠᠷᠮᠠᠭᠠᠢ ᠭᠠᠵᠠᠷ᠂ ᠰᠢᠭᠤᠶᠢᠲᠤ ᠬᠥᠮᠥᠨ | ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠢᠯᠠᠭᠳᠠᠬᠤ ᠦᠭᠡᠢ ᠬᠠᠳᠠᠨ ᠵᠣᠷᠢᠭ ᠲᠠᠢ᠃ ᠥᠩᠭᠡᠷᠡᠭᠰᠡᠨ ᠨᠢᠭᠡ | ᠵᠢᠯ ᠳᠤ ᠣᠯᠣᠭᠰᠠᠨ ᠠᠮᠵᠢᠯᠲᠠ ᠶᠢ ᠪᠢᠳᠡ ᠣᠮᠣᠷᠬᠠᠭ ᠪᠠᠷᠳᠠᠮ ᠪᠤᠯᠪᠠᠴᠤ ᠶᠠᠭᠠᠬᠢᠭᠰᠠᠨ ᠴᠦ ᠰᠡᠳᠬᠢᠯ ᠬᠠᠨᠤᠬᠤ | ᠦᠭᠡᠢ᠂ ᠥᠩᠭᠡᠷᠡᠭᠰᠡᠨ ᠤ ᠭᠢᠯᠠᠯᠵᠠᠭᠰᠠᠨ ᠠᠮᠵᠢᠯᠲᠠ ᠪᠣᠯᠣᠨ ᠥᠩᠭᠡ ᠬᠡᠷᠡᠯ ᠠᠴᠠ ᠮᠠᠨ ᠢ ᠰᠢᠭᠤᠶᠢᠲᠤ ᠲᠣᠭᠤᠷᠢᠭ | ᠬᠥᠮᠥᠨ ᠪᠣᠯᠭᠠᠨ ᠳᠤ ᠭᠦᠨ ᠣᠶᠢᠯᠠᠭᠠᠭᠤᠯᠵᠤ᠂ ᠪᠢᠳᠡ ᠪᠦᠷᠢᠨ ᠲᠡᠭᠦᠯᠳᠡᠷ ᠪᠥᠭᠡᠳ ᠨᠡᠩ ᠰᠠᠶᠢᠨ ᠬᠢᠵᠦ ᠴᠢᠳᠠᠨ᠎ᠠ | ᠬᠡᠳᠡᠭ ᠢ ᠪᠢᠳᠡ ᠮᠡᠳᠡᠭᠡᠯᠡᠵᠦ᠂ ᠡᠶᠢᠮᠦ ᠢᠲᠡᠭᠡᠯ ᠵᠣᠷᠢᠭ ᠲᠠᠢ᠂ ᠡᠶᠢᠮᠦ ᠢᠲᠡᠭᠡᠯ ᠲᠠᠢ ᠪᠠᠶᠢᠭ᠎ᠠ ᠶᠤᠮ︕ ᠪᠢᠳᠡ | ᠬᠡᠳᠦᠶᠢᠪᠡᠷ ᠣᠳᠣ ᠪᠠᠰᠠ ᠭᠠᠵᠠᠷ ᠣᠷᠣᠨ ᠤ ᠬᠥᠮᠥᠨ ᠠᠮᠠ ᠴᠥᠭᠡᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ | ᠠᠵᠤ ᠦᠢᠯᠡᠰ ᠤᠨ ᠳᠡᠰ ᠳᠠᠪᠬᠤᠷᠭ᠎ᠠ ᠳᠣᠣᠷ᠎ᠠ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠬᠦᠷᠦᠯᠴᠡᠬᠦ ᠦᠭᠡᠢ᠂ | ᠠᠷᠠᠳ ᠤᠨ ᠠᠮᠢᠳᠤᠷᠠᠯ ᠤᠨ ᠦᠢᠯᠡᠰ ᠠᠷᠠᠳ ᠣᠯᠠᠨ ᠤ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠭ᠎ᠠ | ᠵᠡᠷᠭᠡ ᠣᠯᠠᠨ ᠠᠰᠠᠭᠤᠳᠠᠯ ᠣᠷᠣᠰᠢᠵᠤ ᠪᠠᠶᠢᠨ᠎ᠠ᠂ ᠭᠡᠪᠡᠴᠦ ᠠᠷᠭ᠎ᠠ ᠬᠡᠮᠵᠢᠶ᠎ᠡ ᠨᠢ ᠬᠦᠴᠢᠷ ᠪᠡᠷᠬᠡᠰᠢᠶᠡᠯ ᠠᠴᠠ ᠠᠷᠪᠢᠨ | ᠪᠠᠶᠢᠨ᠎ᠠ᠂ ᠪᠢᠳᠡ ᠥᠪᠡᠷ ᠢᠶᠠᠨ ᠪᠡᠶ᠎ᠡ ᠪᠠᠨ ᠪᠠᠰᠤᠬᠤ ᠦᠭᠡᠢ ᠯᠡ ᠶᠤᠮ ᠪᠣᠯ ᠪᠦᠬᠦ ᠲᠣᠭᠤᠷᠢᠭ ᠢᠶᠠᠷ ᠢᠶᠠᠨ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠢ ᠪᠠᠷ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠢᠯᠠᠭᠳᠠᠰᠢ ᠦᠭᠡᠢ ᠶᠠᠭᠤ ᠪᠠᠶᠢᠬᠤ ᠦᠭᠡᠢ ᠪᠣᠯ ᠢᠯᠠᠵᠤ ᠴᠢᠳᠠᠬᠤ | ᠦᠭᠡᠢ ᠶᠠᠪᠤᠳᠠᠯ ᠭᠡᠵᠦ ᠪᠠᠶᠢᠬᠤ ᠦᠭᠡᠢ ᠶᠤᠮ᠂ ᠪᠢᠳᠡ ᠲᠡᠭᠦᠨ ᠢ ᠯᠠᠪᠲᠠᠢ ᠪᠢᠳᠡᠨ ᠤ ᠰᠡᠳᠬᠢᠯ ᠳᠤ ᠳᠦᠷᠰᠦ ᠲᠠᠢ | ᠭᠡᠵᠦ ᠪᠠᠶᠢᠬᠤ ᠦᠭᠡᠢ ᠶᠤᠮ ᠭᠡᠵᠦ ᠵᠢᠭᠠᠵᠤ ᠭᠠᠷᠭᠠᠪᠠ᠃ | ᠬᠤᠶᠠᠷ᠂ 2024 ᠣᠨ ᠡᠷᠡᠯᠬᠡᠭᠯᠡᠨ ᠤᠷᠤᠭᠰᠢᠯᠠᠵᠤ᠂ ᠵᠣᠷᠢᠭᠲᠠᠢ ᠪᠠᠷ ᠤᠷᠤᠭᠰᠢᠯᠠᠨ᠂ ᠳᠠᠪᠠᠵᠤ | ᠭᠠᠷᠤᠨ᠎ᠠ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠨᠴᠠᠯᠠᠭ ᠢᠶᠠᠷ ᠢᠯᠡ ᠲᠣᠳᠣ ᠴᠢᠨᠠᠷ ᠰᠠᠶᠢᠲᠠᠢ | ᠬᠡᠯᠪᠡᠷᠢᠪᠡᠨ ᠬᠤᠪᠢᠷᠠᠭᠤᠯᠤᠨ ᠬᠥᠭᠵᠢᠭᠦᠯᠬᠦ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤᠶᠢ ᠪᠦᠬᠦ ᠲᠠᠯ᠎ᠠ ᠪᠠᠷ | ᠲᠦᠯᠬᠢᠨ ᠠᠬᠢᠭᠤᠯᠵᠤ᠂ ᠰᠢᠰᠲ᠋ᠧᠮᠲᠤ ᠴᠢᠨᠠᠷᠲᠠᠢ ᠳᠡᠭᠡᠭᠰᠢᠯᠡᠯᠲᠡᠶᠢ ᠪᠡᠶᠡᠯᠡᠭᠦᠯᠬᠦ ᠬᠡᠷᠡᠭᠲᠡᠢ | ᠡᠨᠡ ᠵᠢᠯ ᠪᠣᠯ ᠰᠢᠭᠤᠶᠢᠲᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠨᠢᠭᠡ | ᠵᠢᠯ ᠮᠥᠨ᠂ ᠪᠠᠰᠠ ᠴᠤ ᠪᠢᠳᠡᠨ ᠤ ᠳᠠᠪᠠᠭ᠎ᠠ ᠳᠠᠪᠠᠭᠤ ᠵᠠᠩᠭᠢᠯᠠᠭ᠎ᠠ ᠶᠢᠨ ᠨᠢᠭᠡ ᠵᠢᠯ ᠮᠥᠨ᠂ ᠲᠣᠭᠤᠷᠢᠭ ᠤᠨ ᠨᠠᠮ ᠤᠨ | ᠬᠤᠷᠢᠶ᠎ᠠ ᠰᠢᠰᠲ᠋ᠧᠮ ᠤᠨ ᠴᠢᠨᠠᠷᠲᠠᠢ ᠳᠡᠭᠡᠭᠰᠢᠯᠡᠭᠦᠯᠬᠦ ᠡᠷᠡᠯᠬᠡᠭᠯᠡᠨ ᠤᠷᠤᠭᠰᠢᠯᠠᠬᠤ ᠴᠢᠭᠯᠡᠯ ᠢ ᠳᠤᠷᠠᠳᠴᠤ᠂ ᠰᠢᠭᠤᠶᠢᠲᠤ | ᠲᠣᠭᠤᠷᠢᠭ ᠤᠨ ᠪᠣᠳᠠᠲᠤ ᠪᠠᠶᠢᠳᠠᠯ ᠲᠠᠢ ᠨᠡᠶᠢᠴᠡᠵᠦ᠂ ᠪᠥᠬᠦ ᠲᠣᠭᠤᠷᠢᠭ ᠤᠨ ᠰᠡᠳᠬᠢᠯ ᠤᠨ ᠦᠭᠡ ᠶᠢ ᠲᠥᠯᠥᠭᠡᠯᠡᠪᠡ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ | ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ | ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠢᠰᠲ᠋ᠧᠮ ᠤᠨ | ᠦᠵᠡᠯᠲᠡ ᠶᠢ ᠪᠠᠲᠤ ᠪᠣᠶ ᠪᠣᠯᠭᠠᠵᠤ᠂ ︽ᠬᠤᠶᠠᠷ ᠰᠢᠨ᠎ᠡ︾ ᠤᠳᠤᠷᠢᠳᠤᠮᠵᠢ ᠶᠢ ᠤᠯᠠᠮ ᠨᠢᠭᠡ ᠠᠯᠬᠤᠮ ᠪᠣᠶ ᠪᠣᠯᠭᠠᠵᠤ᠂ | ᠪᠥᠬᠦ ᠬᠤᠲᠠ ᠶᠢᠨ ︽ᠬᠤᠶᠠᠷ ᠲᠥᠪ︾ ︽ᠬᠤᠶᠠᠷ ᠰᠠᠭᠤᠷᠢᠨ︾ ᠪᠠ ︽ᠲᠠᠪᠤᠨ ᠶᠡᠭᠡ ᠳᠠᠶᠢᠯᠠᠯᠳᠤᠭᠠᠨ ᠰᠢᠨ᠎ᠡ ᠠᠵᠤ | ᠦᠢᠯᠡᠰ ᠤᠨ ᠰᠦᠷᠦᠭᠵᠢᠯ︾ ᠤᠨ ᠬᠠᠷᠠᠯᠲᠠ ᠡᠭᠦᠷᠭᠡ ᠶᠢᠨ ᠲᠣᠭᠤᠷᠢᠨ ᠳᠤ ᠭᠠᠵᠠᠷ ᠣᠷᠣᠨ ᠤ ᠲᠤᠭ ᠲᠡᠮᠳᠡᠭ ᠤᠨ | ᠠᠵᠤ ᠦᠢᠯᠡᠰ ᠢ ᠴᠣᠭᠴᠠᠯᠠᠨ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠨᠴᠠᠯᠢᠭ ᠤᠨ ᠢᠯᠡ ᠲᠣᠳᠣ | ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ | ᠭᠡᠵᠡᠢ᠃ | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 15% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 23 % ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ 25 % ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 8 % ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 20 % ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ | ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠠᠶᠢᠯᠭᠠᠬᠤ ᠶᠢ ᠪᠠᠲᠤᠯᠠᠨ᠎ᠠ᠃ ᠡᠨᠡ ᠬᠦ ᠬᠠᠷᠠᠯᠲᠠ ᠪᠣᠯ ᠰᠢᠭᠤᠶᠢᠲᠤ | ᠲᠣᠭᠤᠷᠢᠭ ᠤᠨ ᠲᠣᠰ ᠪᠡᠶ᠎ᠡ ᠶᠢᠨ ᠬᠥᠭᠵᠢᠯᠲᠡ ᠶᠢᠨ ᠬᠡᠷᠡᠭᠴᠡᠭᠡ ᠪᠠ ᠪᠥᠬᠦ ᠬᠤᠲᠠ ᠶᠢᠨ ᠲᠥᠯᠥᠭᠡ ᠳᠠᠬᠢᠨ 10 | ᠣᠷᠴᠢᠮ ᠤᠷᠤᠭᠰᠢᠯᠠᠵᠤ ᠬᠤᠪᠢ ᠨᠡᠮᠡᠷᠢ ᠦᠵᠡᠭᠦᠯᠬᠦ ᠳᠤ ᠳᠤᠷᠠᠳᠤᠭᠰᠠᠨ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ | ᠴᠥᠮ ᠪᠥᠬᠦ ᠬᠤᠲᠠ ᠠᠴᠠ ᠥᠨᠳᠥᠷ ᠪᠣᠯᠭᠠᠵᠤ᠂ ᠮᠠᠨ ᠤ ᠰᠢᠭᠤᠶᠢᠲᠤ ᠲᠣᠭᠤᠷᠢᠭ ᠤᠨ ᠬᠤᠴᠤᠷᠤᠩᠭᠤᠢ ᠦᠭᠡᠢ | ᠪᠠᠶᠢᠬᠤ᠂ ᠡᠷᠡᠯᠬᠡᠭᠯᠡᠨ ᠲᠡᠮᠡᠴᠡᠬᠦ ᠡᠷᠡᠰ ᠵᠣᠷᠢᠭ ᠡᠷᠴᠢ ᠵᠣᠷᠢᠭ ᠪᠠ ᠬᠥᠭᠡᠭᠡᠵᠦ ᠭᠦᠢᠴᠡᠨ ᠳᠠᠪᠠᠵᠤ ᠭᠠᠷᠬᠤ᠂ ᠰᠦᠷ | ᠬᠦᠴᠦᠨ ᠢ ᠳᠠᠬᠢᠨ ᠮᠠᠨᠳᠤᠭᠤᠯᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠢᠯᠡᠷᠡᠭᠦᠯᠪᠡ᠃ ᠪᠦᠬᠦ ᠲᠣᠭᠤᠷᠢᠭ ᠢᠶᠠᠷ ᠢᠶᠠᠨ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠳᠠᠭ ᠯᠠ ᠶᠤᠮ ᠪᠣᠯ | ᠪᠢᠳᠡ ᠬᠠᠷᠠᠯᠲᠠ ᠪᠠᠨ ᠯᠠᠪᠲᠠᠢ ᠪᠡᠶᠡᠯᠡᠭᠦᠯᠬᠦ ᠪᠥᠭᠡᠳ ᠪᠠᠰᠠ ᠨᠡᠩ ᠰᠠᠶᠢᠨ ᠪᠡᠶᠡᠯᠡᠭᠦᠯᠵᠦ᠂ ᠪᠦᠬᠦ ᠲᠣᠭᠤᠷᠢᠭ ᠲᠤ ᠨᠢᠭᠡ | ᠬᠤᠪᠢ ᠶᠡᠭᠡ ᠪᠠᠶᠠᠷ ᠪᠠᠶᠠᠰᠬᠤᠯᠠᠩ ᠲᠠᠢ ᠪᠣᠯᠣᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕ ᠰᠢᠨ᠎ᠡ ᠨᠢᠭᠡ | ᠵᠢᠯ ᠳᠤ᠂ ᠪᠢᠳᠡ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ | ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ︽ᠲᠠᠪᠤᠨ ᠶᠡᠭᠡ ᠳᠠᠶᠢᠯᠠᠯᠳᠤᠭᠠᠨ︾᠂ ︽ᠠᠷᠪᠠᠨ ᠲᠤᠯᠤᠭᠠᠨ | ᠵᠦᠢᠯ ᠤᠨ ᠢᠨᠵᠧᠨᠧᠷᠢᠩ︾ ᠤᠨ ᠲᠣᠭᠤᠷᠢᠨ ᠳᠤ᠂ ᠦᠨᠡᠨ ᠬᠦ ᠠᠷᠠᠰᠤ ᠪᠠᠨ ᠬᠠᠶᠠᠵᠤ ᠮᠢᠬ᠎ᠠ ᠬᠠᠶᠠᠵᠤ᠂ ᠴᠠᠭ | ᠮᠥᠴᠡ ᠶᠢ ᠠᠮᠵᠢᠨ ᠨᠢᠭᠡ ᠵᠢᠯ ᠠᠵᠢᠯᠯᠠᠵᠤ᠂ ᠪᠦᠷᠢᠨ ᠪᠦᠲᠦᠨ ᠪᠠᠶᠢᠳᠠᠯ᠂ ᠬᠠᠮᠤᠭ ᠤᠨ ᠥᠨᠳᠥᠷ ᠪᠠᠷᠢᠮᠵᠢᠶ᠎ᠠ ᠪᠠᠷ | ᠳᠣᠣᠷᠠᠬᠢ 6 ᠲᠠᠯ᠎ᠠ ᠪᠠᠷ ᠲᠥᠪᠯᠡᠷᠡᠭᠦᠯᠦᠨ ᠪᠣᠭᠤᠮᠲᠠ ᠰᠢᠪᠲᠤᠯᠵᠤ᠂ ᠳᠡᠭᠡᠭᠰᠢᠯᠡᠬᠦ ᠶᠢ ᠪᠡᠶᠡᠯᠡᠭᠦᠯᠬᠦ ᠬᠡᠷᠡᠭᠲᠡᠢ᠃ | ︵ᠨᠢᠭᠡ︶︽ᠬᠤᠶᠠᠷ ᠪᠦᠯᠦᠭ ᠲᠠᠪᠤᠨ ᠣᠷᠣᠨ ᠨᠢᠭᠡ ᠭᠠᠵᠠᠷ︾ ᠤᠨ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠲᠠᠯ᠎ᠠ ᠪᠠᠷ ᠰᠢᠨ᠎ᠡ ᠦᠰᠦᠷᠦᠯᠲᠡ ᠶᠢ ᠪᠡᠶᠡᠯᠡᠭᠦᠯᠬᠦ ᠬᠡᠷᠡᠭᠲᠡᠢ | ᠰᠢᠨ᠎ᠡ ᠡᠨᠧᠷᠭᠢ ᠵᠢᠴᠢ ᠲᠡᠭᠦᠨ ᠤ ᠲᠣᠨᠣᠭᠯᠠᠯ ᠦᠢᠯᠡᠳᠬᠦ ᠲᠤᠭ ᠲᠡᠮᠳᠡᠭ ᠬᠡᠯᠪᠡᠷᠢ ᠶᠢᠨ ᠠᠵᠤ | ᠦᠢᠯᠡᠰ ᠤᠨ ᠪᠦᠯᠦᠭᠵᠢᠯ ᠢ ᠬᠦᠴᠦᠯᠡᠨ ᠪᠤᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠨᠡ ᠵᠢᠯ ᠤᠨ ᠰᠢᠨ᠎ᠡ | ᠡᠨᠧᠷᠭᠢ ᠶᠢᠨ ᠬᠦᠷᠢᠶᠡᠨ ᠳᠤ 3000 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | 4500 ᠲᠦᠮᠡᠨ ᠺᠢᠯᠣᠸᠠᠲ ᠤᠨ ᠡᠨᠡᠬᠦ ᠬᠦᠨᠳᠦ ᠶᠡᠭᠡ ᠠᠵᠠ ᠲᠣᠬᠢᠶᠠᠯ ᠢ ᠭᠦᠢᠴᠡᠳ ᠪᠠᠳᠠᠷᠠᠭᠤᠯᠬᠤ ᠶᠢᠨ ᠬᠠᠮᠲᠤ | ᠮᠢᠩ ᠶᠠᠩ ᠪᠦᠯᠦᠭᠯᠡᠯ ᠤᠨ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ᠂ ᠰᠠᠯᠬᠢᠨ ᠬᠦᠴᠦᠨ ᠤ ᠴᠠᠬᠢᠯᠭᠠᠨ ᠤ | ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ ᠢ ᠦᠳᠲᠡᠷ ᠲᠦᠷᠭᠡᠨ ᠪᠤᠵᠠᠭᠠᠶᠢᠷᠠᠭᠤᠯᠬᠤ ᠶᠢᠨ | ᠲᠣᠭᠤᠷᠢᠨ ᠳᠤ᠂ ᠴᠢᠳᠬᠤᠮᠠᠯ ᠲᠣᠨᠤᠭ᠂ ᠠᠷᠠᠭᠠᠲᠤ ᠬᠦᠷᠳᠦᠨ ᠬᠠᠶᠢᠷᠴᠠᠭ᠂ ᠴᠠᠬᠢᠯᠭᠠᠨ ᠭᠠᠷᠭᠠᠬᠤ ᠮᠠᠰᠢᠨ᠂ ᠲᠤᠰᠠᠯᠠᠬᠤ | ᠮᠠᠲ᠋ᠧᠷᠢᠶᠠᠯ᠂ ᠪᠠᠶᠢᠴᠠᠭᠠᠨ ᠰᠢᠯᠭᠠᠵᠤ ᠬᠠᠮᠠᠭᠠᠯᠠᠬᠤ᠂ ᠡᠨᠧᠷᠭᠢ ᠬᠠᠳᠠᠭᠠᠯᠠᠬᠤ ᠤᠰᠤᠲᠥ᠋ᠷᠥᠭᠴᠢ ᠶᠢᠨ ᠡᠨᠧᠷᠭᠢ᠂ | ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠢᠨᠠᠢ ᠮᠠᠰᠢᠨ ᠤ ᠪᠦᠷᠬᠦᠭᠦᠯ᠂ ᠰᠢᠯ ᠰᠢᠷᠬᠡᠭ᠂ ᠨᠡᠭᠦᠷᠡᠰᠦᠲᠥ᠋ᠷᠥᠭᠴᠢ ᠰᠢᠷᠬᠡᠭ᠂ ᠬᠠᠪᠲᠠᠭᠠᠢ ᠮᠠᠲ᠋ᠧᠷᠢᠶᠠᠯ ᠵᠡᠷᠭᠡ ᠢᠵᠢ | ᠪᠦᠷᠢᠳᠦᠭᠦᠯᠬᠦ ᠠᠵᠤ ᠦᠢᠯᠡᠰ ᠢ ᠬᠠᠨᠳᠤᠯᠭ᠎ᠠ ᠲᠠᠢ ᠪᠠᠷ ᠣᠷᠣᠭᠤᠯᠤᠨ ᠠᠪᠴᠢᠷᠠᠵᠤ᠂ ᠠᠵᠢᠯᠯᠠᠭᠤᠯᠵᠤ ᠬᠠᠮᠠᠭᠠᠯᠠᠬᠤ᠂ | ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ᠂ ᠲᠥᠬᠦᠭᠡᠷᠦᠮᠵᠢ ᠶᠢ ᠡᠭᠡᠭᠦᠯᠦᠨ ᠠᠪᠬᠤ ᠵᠡᠷᠭᠡ ᠦᠵᠦᠭᠦᠷ | ᠠᠵᠤ ᠦᠢᠯᠡᠰ ᠢ ᠲᠦᠷᠭᠡᠨ ᠪᠠᠶᠢᠷᠢᠰᠢᠭᠤᠯᠵᠤ᠂ ᠵᠢᠯ ᠤᠨ ᠳᠣᠲᠣᠷ᠎ᠠ ᠲᠥᠷᠥᠯ ᠵᠦᠢᠯ ᠢ 15 ᠪᠣᠯᠭᠠᠬᠤ ᠪᠠᠷ ᠴᠢᠷᠮᠠᠶᠢᠵᠤ᠂ | ᠵᠥᠪᠯᠡᠯᠴᠡᠭᠡᠷ ᠤᠨ ᠶᠡᠷᠦᠩᠬᠡᠢ ᠲᠤᠭ᠎ᠠ 460 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠵᠢᠯ ᠤᠨ | ᠦᠢᠯᠡᠳᠬᠦᠨ ᠤ ᠥᠷᠲᠡᠭ ᠨᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠶᠢ ᠪᠡᠶᠡᠯᠡᠭᠦᠯᠵᠦ᠂ ᠪᠦᠬᠦ | ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ ᠤᠨ | ᠬᠥᠭᠵᠢᠯᠲᠡ ᠶᠢᠨ ᠬᠤᠰᠢᠭᠤᠴᠢ ᠪᠣᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠭᠡᠷ ᠪᠠᠶᠢᠰᠢᠩ ᠢ 5 ᠰᠠᠷ᠎ᠠ ᠶᠢᠨ ᠰᠡᠭᠦᠯᠴᠢ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠶᠢ | ᠦᠨᠡᠨ ᠬᠦ ᠪᠠᠲᠤᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠵᠠᠮ᠂ ᠠᠤᠭ᠎ᠠ ᠶᠡᠭᠡ ᠵᠠᠮ ᠤᠨ | ᠨᠢᠭᠡᠳᠦᠭᠡᠷ ᠬᠤᠭᠤᠴᠠᠭ᠎ᠠ᠂ ᠺᠧ ᠶᠤᠸᠠᠨ ᠵᠠᠮ ᠢ ᠵᠢᠯ ᠤᠨ ᠰᠡᠭᠦᠯᠴᠢ ᠠᠴᠠ ᠡᠮᠦᠨ᠎ᠡ ᠪᠠᠶᠢᠭᠤᠯᠤᠨ ᠳᠠᠭᠤᠰᠬᠠᠵᠤ ᠲᠡᠷᠭᠡ | ᠨᠡᠪᠲᠡᠷᠡᠭᠦᠯᠦᠨ᠎ᠡ᠃ ᠮᠢᠩ ᠶᠠᠩ ᠪᠦᠯᠦᠭᠯᠡᠯ ᠤᠨ ᠮᠣᠩᠭᠤᠯ ᠤᠯᠤᠰ ᠲᠤ ᠰᠢᠨ᠎ᠡ ᠡᠨᠧᠷᠭᠢ ᠶᠢᠨ ᠲᠥᠷᠥᠯ ᠵᠦᠢᠯ ᠢ | ᠨᠡᠭᠡᠭᠡᠨ ᠬᠥᠭᠵᠢᠭᠦᠯᠬᠦ ᠶᠢ ᠪᠦᠬᠦ ᠬᠦᠴᠦᠨ ᠢᠶᠠᠷ ᠢᠶᠠᠨ ᠬᠠᠮᠵᠢᠵᠤ ᠪᠠᠶᠢᠭᠠᠳ ᠠᠬᠢᠭᠤᠯᠵᠤ᠂ ᠰᠢᠪᠲᠤᠯᠤᠯᠲᠠ ᠶᠢᠨ | ᠴᠢᠨᠠᠷᠲᠠᠢ ᠠᠬᠢᠴᠠ ᠪᠠᠷ ᠴᠢᠷᠮᠠᠶᠢᠨ᠎ᠠ᠃ ︽ᠰᠠᠯᠬᠢ ᠬᠡᠷᠡᠯ ᠢ ᠠᠳᠠᠯᠢ ᠲᠠᠯᠠᠪᠤᠷ︾ ᠢ ᠢᠳᠡᠪᠬᠢᠲᠡᠢ ᠨᠠᠶᠢᠳᠠᠪᠤᠷᠢᠵᠢᠭᠤᠯᠵᠤ᠂ | ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠤ ᠠᠭᠤᠷᠬᠠᠢ ᠶᠢ ᠰᠡᠷᠭᠦᠭᠡᠨ ᠵᠠᠰᠠᠵᠤ ᠭᠠᠵᠠᠷ | ᠡᠷᠢᠬᠦ ᠠᠵᠢᠯᠯᠠᠭ᠎ᠠ ᠶᠢ ᠥᠷᠨᠢᠭᠦᠯᠵᠦ᠂ 350MW ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠵᠢᠯ ᠤᠨ ᠳᠣᠲᠣᠷ᠎ᠠ ᠲᠣᠣᠷ ᠲᠤ ᠨᠡᠶᠢᠯᠡᠭᠦᠯᠦᠨ | ᠠᠵᠢᠯᠯᠠᠬᠤ ᠶᠢ ᠠᠬᠢᠭᠤᠯᠵᠤ᠂ ᠲᠠᠷᠬᠠᠮᠠᠯ ᠮᠠᠶ᠋ᠢᠭ ᠤᠨ ᠬᠡᠷᠡᠯ ᠴᠡᠨᠡᠭ᠂ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ | ᠴᠠᠬᠢᠯᠭᠠᠨ ᠵᠢᠴᠢ ᠪᠢᠴᠢᠯ ᠰᠠᠯᠬᠢᠨ ᠤ ᠴᠠᠬᠢᠯᠭᠠᠨ ᠭᠠᠷᠭᠠᠬᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠵᠢᠯ ᠤᠨ | ᠡᠴᠦᠰ ᠲᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ 1500MW ᠠᠴᠠ | ᠳᠠᠪᠠᠭᠤᠯᠬᠤ ᠪᠠᠷ ᠴᠢᠷᠮᠠᠶᠢᠨ᠎ᠠ᠃ | ᠵᠠᠭᠤᠨ ᠳ᠋ᠥᠩᠰᠢᠭᠤᠷ ᠳᠡᠰ ᠤᠨ︽ᠬᠤᠶᠠᠷ ᠲᠥᠪ︾ ᠤᠨ ᠢᠵᠢ ᠪᠦᠷᠢᠳᠦᠭᠰᠡᠨᠰᠢᠨᠡ ᠮᠠᠲ᠋ᠧᠷᠢᠶᠠᠯ ᠤᠨ | ᠠᠵᠤ ᠦᠢᠯᠡᠰ ᠤᠨ ᠪᠦᠯᠦᠭᠯᠡᠯ ᠢ ᠬᠦᠴᠦᠯᠡᠨ ᠪᠣᠢ ᠪᠣᠯᠭᠠᠶ᠎ᠠ᠃ ᠪᠦᠬᠦ ᠬᠤᠲᠠ ᠳᠤ ᠲᠠᠯᠠᠰᠲᠤ ᠴᠠᠬᠢᠭᠤᠷ ᠬᠡᠷᠡᠯ | ᠴᠡᠨᠡᠭ ᠤᠨ ᠠᠵᠤ ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ︽ᠳᠡᠯᠡᠬᠡᠢ ᠶᠢᠨ ᠳᠡᠰ︾ ᠤᠨ ᠠᠵᠤ | ᠦᠢᠯᠡᠰ ᠤᠨ ᠠᠵᠠ ᠲᠣᠬᠢᠶᠠᠯ ᠢ ᠪᠣᠢ ᠪᠣᠯᠭᠠᠵᠤ᠂ ᠱᠧᠨ ᠯᠦᠩ ᠴᠠᠬᠢᠭᠤᠷ ᠤᠨ ᠦᠢᠯᠡᠰ ᠤᠨ ᠵᠢᠯ ᠳᠤ 9 ᠲᠦᠮᠡᠨ | ᠲᠣᠨ ᠬᠡᠷᠡᠯ ᠴᠡᠨᠡᠭ ᠤᠨ ᠲᠠᠰ ᠤᠨ ᠥᠨᠳᠥᠷ ᠴᠡᠪᠡᠷ ᠮᠥᠬᠦᠯᠢᠭᠲᠦ ᠴᠠᠬᠢᠭᠤᠷ ᠤᠨ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠤᠨ ᠦᠷ᠎ᠡ ᠪᠦᠲᠦᠮᠵᠢ ᠣᠯᠬᠤ ᠶᠢ ᠲᠦᠷᠭᠡᠳᠬᠡᠨ ᠠᠬᠢᠭᠤᠯᠵᠤ᠂ ᠲᠤᠯᠭᠠᠭᠤᠷᠢ᠂ ᠬᠥᠪᠡᠭᠡ᠂ ᠮᠥᠩᠭᠦᠨ ᠡᠭᠡᠳᠡᠩ᠂ | ᠠᠷᠤ ᠬᠠᠪᠲᠠᠰᠤ ᠵᠡᠷᠭᠡ ᠢᠵᠢ ᠪᠦᠷᠢᠳᠦᠭᠦᠯᠬᠦ ᠠᠵᠤ ᠦᠢᠯᠡᠰ ᠤᠨ ᠲᠥᠷᠥᠯ ᠵᠦᠢᠯ ᠢ ᠬᠦᠴᠦᠯᠡᠨ ᠣᠷᠣᠭᠤᠯᠵᠤ᠂ | ᠵᠢᠯ ᠤᠨ ᠳᠣᠲᠣᠷ᠎ᠠ ᠲᠥᠷᠥᠯ ᠵᠦᠢᠯ ᠢ 6 ᠠᠴᠠ ᠳᠡᠭᠡᠭᠰᠢ ᠡᠷᠦᠬᠡ ᠠᠮᠠ ᠣᠷᠣᠭᠤᠯᠵᠤ᠂ 5 ᠠᠴᠠ ᠳᠡᠭᠡᠭᠰᠢ | ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠵᠠᠭᠤᠨ ᠳ᠋ᠦᠩᠰᠢᠭᠤᠷ ᠲᠠᠰ ᠤᠨ ᠬᠡᠷᠡᠯ | ᠴᠡᠨᠡᠭ ᠤᠨ ᠢᠵᠢ ᠪᠦᠷᠢᠳᠦᠭᠦᠯᠬᠦ ᠠᠵᠤ ᠦᠢᠯᠡᠰ ᠤᠨ ᠰᠠᠭᠤᠷᠢᠨ ᠭᠠᠵᠠᠷ ᠢ ᠪᠤᠢ ᠪᠣᠯᠭᠠᠨ᠎ᠠ᠃ ᠪᠦᠬᠦ ᠬᠤᠲᠠ ᠶᠢᠨ | ᠬᠤᠪᠣᠷ ᠰᠢᠷᠣᠢ ᠶᠢᠨ ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ | ᠦᠢᠯᠡᠴᠢᠯᠡᠬᠦ ᠪᠠ ᠠᠭᠤᠰᠤᠯᠴᠠᠵᠤ᠂ ᠴᠢᠩ ᠴᠤᠸᠠᠩ ᠬᠤᠪᠣᠷ ᠰᠢᠷᠣᠢ ᠶᠢᠨ ᠵᠢᠪᠡᠷᠡᠬᠦ ᠦᠭᠡᠢ ᠪᠣᠯᠣᠳ ᠤᠨ | ᠬᠤᠭᠤᠯᠠᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠭᠤᠣᠯᠳᠠᠯᠭ᠎ᠠ ᠲᠠᠢ ᠠᠬᠢᠭᠤᠯᠵᠤ᠂ | ᠨᠢᠩᠪᠦ᠋ᠸᠧ ᠶᠢᠨ ᠳᠠᠬᠢᠨ ᠡᠨᠧᠷᠭᠢ᠂ ᠶᠢᠩ ᠺᠧ ᠷᠦᠢ ᠵᠡᠷᠭᠡ 5 ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ | ᠵᠦᠢᠯᠡᠰ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠪᠦᠯᠦᠭᠵᠢᠯ ᠢ ᠪᠤᠢ ᠪᠣᠯᠭᠠᠨ᠎ᠠ᠃ ᠡᠭᠦᠨ ᠤ ᠬᠠᠮᠲᠤ᠂ ᠵᠡᠷᠭᠡ ᠲᠠᠶᠢᠪᠤᠩ ᠳᠠᠷᠤᠵᠤ ᠪᠡᠯ ᠴᠢᠯᠠᠭᠤᠨ ᠤ | ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠶᠢ ᠲᠦᠷᠭᠡᠳᠬᠡᠨ ᠠᠬᠢᠭᠤᠯᠵᠤ᠂ | ᠠᠽᠣᠲ ᠬᠢᠮᠢ ᠶᠢᠨ ᠪᠤᠷ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠬᠤᠶᠠᠷ ᠬᠡᠮᠵᠢᠯᠲᠦ ᠨᠡᠭᠦᠷᠡᠰᠦᠲᠥ᠋ᠷᠥᠭᠴᠢ ᠪᠠᠯ ᠪᠡᠯ ᠴᠢᠯᠠᠭᠤᠨ ᠠᠯᠺᠧᠨ᠂ | ᠱᠠᠩᠬᠠᠢ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠲᠣᠮᠣ ᠰᠢᠷᠬᠡᠭ ᠤᠨ ᠨᠡᠭᠦᠷᠡᠰᠦᠲᠥ᠋ᠷᠥᠭᠴᠢ ᠶᠢᠨ | ᠰᠢᠷᠬᠡᠭ ᠤᠨ 2 ᠲᠥᠷᠥᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ | ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠥᠪᠯᠡᠷᠡᠭᠰᠡᠨ ᠣᠷᠣᠨ ᠢ ᠪᠣᠢ | ᠪᠣᠯᠭᠠᠵᠤ᠂ ᠵᠢᠯ ᠤᠨ ᠦᠢᠯᠡᠳᠬᠦᠨ ᠤ ᠥᠷᠲᠡᠭ ᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ | ᠴᠢᠷᠮᠠᠶᠢᠨ᠎ᠠ᠃ | ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠶᠢ ᠬᠦᠴᠦᠯᠡᠨ ᠠᠬᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠡᠨᠧᠷᠭᠢ ᠶᠢᠨ ᠶᠡᠭᠡ ᠬᠡᠪᠴᠢᠶᠡᠨ ᠤ ᠮᠡᠷᠭᠡᠵᠢᠯ ᠤᠨ ᠥᠭᠡᠷᠡᠴᠢᠯᠡᠯᠲᠡ ᠬᠢᠬᠦ ᠠᠵᠢᠯᠯᠠᠭ᠎ᠠ ᠥᠷᠨᠢᠭᠦᠯᠬᠦ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ ᠠᠰᠢᠭᠯᠠᠨ᠂ ᠳᠡᠭᠡᠳᠦ ᠲᠠᠰ ᠤᠨ᠂ ᠣᠶᠤᠨᠴᠢᠯᠠᠭᠰᠠᠨ᠂ | ᠪᠣᠬᠢᠷᠲᠤᠯ ᠦᠭᠡᠢ ᠴᠢᠭᠯᠡᠯ ᠢ ᠣᠨᠢᠯᠠᠵᠤ᠂ ᠠᠵᠤ ᠦᠢᠯᠡᠳᠪᠦᠷᠢ ᠶᠢᠨ ︽ᠣᠶᠤᠨᠴᠢ ᠲᠤᠭ᠎ᠠ ᠪᠠᠷᠢᠮᠲᠠ ᠪᠠᠨ | ᠬᠤᠪᠢᠷᠠᠭᠤᠯᠬᠤ︾ ᠶᠢ ᠲᠦᠷᠭᠡᠳᠬᠡᠨ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠯᠲᠠ ᠳᠤ | ᠡᠨᠧᠷᠭᠢ ᠣᠯᠭᠤᠬᠤ ᠲᠤᠰᠬᠠᠢ ᠠᠵᠢᠯᠯᠠᠭ᠎ᠠ ᠶᠢ ᠥᠷᠨᠢᠭᠦᠯᠦᠨ᠂ ᠨᠡᠶᠢᠲᠡ 20 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠭᠰᠠᠨ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ 7᠂ ᠡᠨᠧᠷᠭᠢ | ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ 2᠂ ᠠᠵᠤ ᠦᠢᠯᠡᠳᠪᠦᠷᠢ ᠶᠢᠨ ᠲᠣᠭᠠᠴᠢᠯᠠᠭᠰᠠᠨ ᠲᠥᠷᠥᠯ ᠵᠦᠢᠯ | 12 ᠶᠢ ᠬᠡᠷᠡᠭᠵᠢᠭᠦᠯᠵᠦ᠂ 2 ᠠᠵᠤ ᠦᠢᠯᠡᠳᠪᠦᠷᠢ ᠶᠢᠨ ᠲᠣᠭᠠᠴᠢᠯᠠᠭᠰᠠᠨ ᠨᠡᠶᠢᠲᠡᠯᠢᠭ ᠵᠢᠱᠢᠶ᠎ᠡ ᠦᠵᠡᠭᠦᠯᠬᠦ ᠵᠢᠱᠢᠶ᠎ᠡ | ᠦᠵᠡᠭᠦᠯᠬᠦ ᠶᠢ ᠪᠣᠶ ᠪᠣᠯᠭᠠᠵᠤ᠂ ᠲᠥᠬᠦᠭᠡᠷᠦᠮᠵᠢ ᠶᠢᠨ ᠰᠢᠨᠡᠴᠢᠯᠡᠯᠲᠡ᠂ ᠠᠵᠤ ᠦᠢᠯᠡᠳᠪᠦᠷᠢ ᠶᠢᠨ ᠲᠠᠰ ᠳᠡᠪᠰᠢᠬᠦ᠂ | ᠲᠣᠭᠠᠴᠢᠯᠠᠭᠰᠠᠨ ᠡᠨᠧᠷᠭᠢ ᠣᠯᠭᠤᠬᠤ ᠶᠢ ᠠᠬᠢᠭᠤᠯᠪᠠ᠃ ᠶᠠ ᠰᠢᠨ ᠪᠣᠯᠣᠳ ᠬᠡᠦᠷᠡᠰᠦᠨ ᠠᠯᠺᠦᠦᠯ ᠲᠡᠷᠭᠡ ᠶᠢ ᠨᠢᠭᠡ | ᠴᠣᠭᠴᠠᠵᠢᠭᠤᠯᠬᠤ ᠲᠥᠷᠥᠯ ᠵᠦᠢᠯ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠳᠣᠣᠷ᠎ᠠ | ᠨᠡᠭᠦᠷᠡᠰᠦᠲᠥ᠋ᠷᠥᠭᠴᠢᠲᠦ ᠰᠣᠳᠣᠨ ᠪᠣᠯᠣᠳ ᠲᠡᠮᠦᠷ᠂ ᠴᠠᠬᠢᠭᠤᠷ ᠪᠣᠯᠣᠳ᠂ ESP ᠨᠢᠮᠭᠡᠨ ᠬᠠᠪᠲᠠᠰᠤ ᠪᠠ ᠾᠧ ᠶᠢᠨ | ᠪᠣᠯᠣᠳ ᠵᠡᠷᠭᠡ ᠬᠠᠷᠠᠯᠲᠠᠲᠤ ᠠᠵᠤ ᠠᠬᠤᠶᠢᠯᠠᠯ ᠢ 2 ᠢᠳᠡᠪᠬᠢᠲᠡᠢ ᠣᠷᠣᠭᠤᠯᠤᠨ ᠠᠪᠴᠢᠷᠠᠵᠤ᠂ 2 × 100 | ×ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠣᠯᠣᠳ ᠲᠡᠮᠦᠷ ᠬᠠᠶᠢᠯᠤᠭᠤᠯᠬᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ | ᠬᠤᠰᠢᠭᠤᠴᠢ ᠣᠷᠣᠨ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠺᠦᠨ ᠳ᠋ᠠ ᠰᠢᠨ᠂ ᠵᠦᠩ ᠬᠤ᠋ ᠠᠴᠠ ᠱᠧᠩ | ᠬᠦᠷᠬᠦ᠂ ᠪᠤᠭᠤᠲᠤ ᠾᠧ ᠱᠦᠨ ᠵᠡᠷᠭᠡ ᠣᠨᠴᠠ ᠲᠦᠷᠦᠯ ᠤᠨ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ | ᠲᠥᠪᠯᠡᠷᠡᠯ ᠢ ᠲᠦᠷᠭᠡᠳᠬᠡᠵᠦ᠂ ᠣᠨᠴᠠ ᠲᠦᠷᠦᠯ ᠤᠨ ᠬᠠᠶᠢᠯᠤᠰᠢ ᠶᠢᠨ ᠪᠣᠬᠢᠷᠲᠤᠯ ᠦᠭᠡᠢ ᠡᠨᠧᠷᠭᠢ ᠶᠢ ᠣᠷᠣᠯᠠᠭᠤᠯᠬᠤ | ᠦᠯᠢᠭᠡᠷ ᠳᠠᠭᠤᠷᠢᠶᠠᠯ ᠤᠨ ᠣᠷᠣᠨ ᠢ ᠪᠠᠶᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ | ᠡᠭᠡᠯᠵᠢ ᠶᠢᠨ ᠠᠭᠤᠷᠬᠠᠢ ᠡᠷᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ ᠪᠡᠯᠡ | ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠲᠥᠯᠦᠪᠵᠢᠭᠦᠯᠭᠡ ᠶᠢ ᠵᠠᠰᠠᠵᠤ ᠨᠠᠶᠢᠷᠠᠭᠤᠯᠬᠤ ᠪᠠ ᠨᠡᠶᠢᠳᠡᠮ ᠪᠠᠶᠢᠴᠠᠭᠠᠬᠤ ᠵᠡᠷᠭᠡ ᠡᠮᠦᠨᠡᠬᠢ ᠬᠤᠭᠤᠴᠠᠭᠠᠨ ᠤ | ᠭᠠᠷᠳᠠᠮ ᠢ ᠲᠦᠷᠭᠡᠬᠡᠨ ᠪᠡᠶᠡᠯᠡᠭᠦᠯᠵᠦ᠂ ᠨᠡᠭᠦᠷᠡᠰᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠬᠤ ᠶᠢ ᠪᠦᠬᠦ | ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠬᠤᠸᠠ ᠮᠣᠣ ᠿᠢ ᠱᠧᠩ᠂ ᠵᠢᠶᠠ ᠮᠧᠩ᠂ ᠴᠧᠨ ᠾᠧ ᠵᠡᠷᠭᠡ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ᠂ ᠵᠢᠯ ᠪᠦᠷᠢ 100 ᠲᠦᠮᠡᠨ ᠲᠣᠨ ᠨᠡᠭᠦᠷᠡᠰᠦᠨ ᠤ ᠰᠠᠭᠤᠷᠢ | ᠪᠣᠯᠬᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠣᠬᠢᠷᠲᠤᠯ ᠦᠭᠡᠢ ᠥᠨᠳᠥᠷ ᠥᠷᠲᠡᠭ ᠲᠠᠢ ᠠᠰᠢᠭᠯᠠᠬᠤ ᠲᠥᠷᠥᠯ | ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠲᠦᠯᠬᠢᠨ ᠠᠬᠢᠭᠤᠯᠵᠤ᠂ ᠨᠡᠭᠦᠷᠡᠰᠦᠨ ᠤ ᠡᠬᠢ ᠪᠠᠶᠠᠯᠢᠭ ᠢ | ᠬᠤᠶᠠᠳᠠᠭᠢ ᠤᠳᠠᠭ᠎ᠠ ᠶᠡᠷᠦᠩᠬᠡᠶᠢᠯᠡᠨ ᠨᠡᠭᠡᠭᠡᠨ ᠠᠰᠢᠭᠯᠠᠬᠤ ︽ᠨᠢᠭᠡ ᠵᠢᠯ ᠳᠤ ᠰᠠᠭᠤᠷᠢ ᠲᠠᠯᠪᠢᠵᠤ᠂ ᠬᠤᠶᠠᠷ ᠵᠢᠯ ᠳᠤ | ᠳᠦᠷᠢ ᠲᠥᠷᠬᠦ ᠪᠠᠨ ᠭᠠᠷᠭᠠᠵᠤ᠂ ᠭᠤᠷᠪᠠᠨ ᠵᠢᠯ ᠳᠤ ᠦᠷ᠎ᠡ ᠪᠦᠲᠦᠮᠵᠢ ᠣᠯᠬᠤ︾ ᠶᠢ ᠦᠨᠡᠨᠬᠦ ᠪᠠᠲᠤᠯᠠᠵᠤ᠂ | ᠨᠡᠭᠦᠷᠡᠰᠦᠨ ᠤ ᠰᠠᠭᠤᠷᠢ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠬᠡᠷᠡᠭᠲᠡᠢ᠃ ᠰᠢᠭᠤᠶᠢᠲᠤ ᠲᠣᠭᠤᠷᠢᠭ ᠤᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠪᠠᠷ ᠬᠠᠷᠠᠯᠲᠠ | ᠪᠣᠯᠭᠠᠵᠤ᠂ ᠳᠠᠬᠢᠨ ᠲᠡᠭᠰᠢᠯᠡᠬᠦ᠂ ᠰᠢᠩᠭᠡᠯᠢᠭ ᠢᠶᠠᠨ ᠰᠤᠯᠠᠯᠠᠵᠤ ᠰᠢᠪᠠᠭᠤ ᠰᠣᠯᠢᠬᠤ ᠶᠢ ᠲᠦᠷᠭᠡᠳᠬᠡᠵᠦ᠂ ᠵᠢᠯ ᠤᠨ | ᠳᠣᠲᠣᠷ᠎ᠠ ᠰᠢᠨ᠎ᠡ ᠪᠠᠷ ᠠᠵᠤ ᠦᠢᠯᠡᠰ ᠤᠨ ᠲᠥᠷᠥᠯ ᠤᠨ 5 ᠲᠥᠷᠥᠯ ᠵᠦᠢᠯ ᠢ ᠨᠠᠶᠢᠳᠠᠪᠤᠷᠢᠵᠢᠭᠤᠯᠵᠤ᠂ 270 | ᠳ᠋ᠦᠩᠰᠢᠭᠤᠷ ᠲᠥᠭᠦᠷᠢᠭ ᠠᠴᠠ ᠳᠡᠭᠡᠭᠰᠢ ᠦᠢᠯᠡᠳᠬᠦᠨ ᠤ ᠥᠷᠲᠡᠭ ᠢ ᠪᠡᠶᠡᠯᠡᠭᠦᠯᠦᠨ᠎ᠡ᠃ ᠬᠦᠷᠢᠶᠡᠯᠡᠩ ᠲᠣᠭᠤᠷᠢᠭ ᠤᠨ | ᠪᠣᠬᠢᠷᠳᠤᠯ ᠦᠭᠡᠢ ᠴᠠᠬᠢᠯᠭᠠᠨ ᠤ ᠰᠠᠭᠠᠳ ᠦᠭᠡᠢ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠵᠤ᠂ ᠪᠣᠬᠢᠷᠳᠤᠯ ᠦᠭᠡᠢ ᠴᠠᠬᠢᠯᠭᠠᠨ ᠤ ᠲᠤᠯᠭᠠᠭᠤᠷᠢᠯᠠᠯ ᠤᠨ ᠥᠨᠳᠥᠷ ᠠᠴᠢᠶᠠᠯᠠᠪᠤᠷᠢ ᠶᠢᠨ | ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠦᠴᠦᠷᠬᠡᠭᠵᠢᠭᠦᠯᠦᠨ᠎ᠡ᠃ | ᠣᠨᠴᠠᠯᠢᠭᠲᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠤ ᠣᠷᠣᠨ ᠢ | ᠬᠦᠴᠦᠯᠡᠨ ᠪᠠᠶᠢᠭᠤᠯᠤᠨ᠎ᠠ᠃ ᠰᠤᠳᠤᠯᠤᠨ ᠨᠡᠭᠡᠭᠡᠨ ᠬᠥᠭᠵᠢᠭᠦᠯᠵᠦ ᠵᠢᠷᠤᠭᠯᠠᠨ ᠲᠥᠯᠥᠪᠯᠡᠬᠦ᠂ ᠪᠠᠷᠠᠭᠠᠨ ᠤ ᠭᠦᠢᠯᠭᠡᠭᠡᠨ᠂ | ᠮᠥᠩᠭᠦᠨ ᠭᠦᠢᠯᠭᠡᠭᠡᠨ᠂ ᠮᠡᠳᠡᠭᠡ ᠵᠠᠩᠭᠢ ᠶᠢᠨ ᠮᠡᠷᠭᠡᠵᠢᠯ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠠᠵᠢᠯᠯᠠᠭᠤᠯᠤᠨ ᠬᠠᠮᠠᠭᠠᠯᠠᠬᠤ ᠦᠢᠯᠡᠴᠢᠯᠡᠭᠡᠨ᠂ ᠬᠥᠮᠥᠨ ᠤ ᠬᠦᠴᠦᠨ ᠤ | ᠡᠬᠢ ᠪᠠᠶᠠᠯᠢᠭ 8 ᠳᠦᠷᠦᠯ ᠤᠨ ᠠᠵᠤ ᠦᠢᠯᠡᠰ ᠢ ᠭᠤᠣᠯᠳᠠᠯᠭ᠎ᠠ ᠲᠠᠢ ᠪᠣᠶᠢᠵᠢᠭᠤᠯᠵᠤ᠂ ᠦᠢᠯᠡᠳᠪᠦᠷᠢᠯᠡᠯ ᠤᠨ | ᠴᠢᠨᠠᠷᠲᠠᠢ ᠦᠢᠯᠡᠴᠢᠯᠡᠭᠡᠨ ᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠨᠡᠭᠡᠭᠡᠨ᠂ ᠵᠢᠯ ᠤᠨ ᠳᠣᠲᠣᠷ᠎ᠠ | ᠡᠵᠡᠩᠨᠡᠯᠲᠡ ᠶᠢᠨ ᠪᠠᠶᠢᠳᠠᠯ ᠢ ᠲᠠᠬᠢᠨ ᠢᠶᠠᠷ ᠨᠡᠮᠡᠭᠳᠡᠭᠦᠯᠦᠨ᠂ ᠦᠢᠯᠡᠳᠬᠦᠨ ᠤ ᠦᠷᠲᠡᠭ ᠢ ᠬᠤᠶᠠᠷ ᠢᠯᠡᠭᠦᠦ ᠪᠠᠷ | ᠴᠢᠷᠮᠠᠶᠢᠨ᠎ᠠ᠃ ᠰᠤᠳᠤᠯᠤᠨ ᠨᠡᠭᠡᠭᠡᠬᠦ ᠵᠢᠷᠤᠭ ᠲᠥᠯᠥᠪᠯᠡᠭᠡ ᠶᠢᠨ ᠲᠠᠯ᠎ᠠ ᠪᠠᠷ᠂ ᠢᠦᠢ ᠹᠦ᠋ ᠬᠡᠮᠵᠢᠨ ᠵᠢᠷᠤᠬᠤ᠂ ᠷᠦᠨ ᠱᠧᠩ | ᠠᠮᠢ ᠠᠬᠤᠢ ᠵᠡᠷᠭᠡ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠢᠷᠤᠭ ᠲᠥᠯᠥᠪᠯᠡᠭᠡ ᠪᠠᠨ ᠳᠡᠭᠡᠭᠰᠢᠯᠡᠭᠦᠯᠬᠦ ᠶᠢ | ᠳᠠᠮᠵᠢᠵᠤ᠂ ᠵᠢᠯ ᠤᠨ ᠳᠣᠲᠣᠷ᠎ᠠ ᠳᠠᠬᠢᠨ 3 ᠠᠴᠠ ᠳᠡᠭᠡᠭᠰᠢ ᠰᠤᠳᠤᠯᠤᠨ ᠨᠡᠭᠡᠭᠡᠬᠦ ᠵᠢᠷᠤᠭ ᠲᠥᠯᠥᠪᠯᠡᠭᠡ ᠶᠢᠨ ᠠᠵᠤ | ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ ᠪᠠᠷᠠᠭᠠᠨ ᠤ ᠭᠦᠢᠯᠭᠡᠭᠡᠨ ᠤ ᠲᠠᠯ᠎ᠠ ᠪᠠᠷ᠂ ᠪᠦᠦ ᠱᠢ ᠲᠡᠮᠦᠷ | ᠵᠠᠮ ᠢ ᠵᠢᠯ ᠤᠨ ᠳᠣᠲᠣᠷ᠎ᠠ ᠪᠠᠶᠢᠭᠤᠯᠤᠨ ᠳᠠᠭᠤᠰᠬᠠᠬᠤ ᠪᠠᠷ ᠴᠢᠷᠮᠠᠶᠢᠵᠤ᠂ ᠪᠠᠷᠠᠭᠤᠨ ᠬᠤᠶᠢᠲᠤ ᠶᠢᠨ ᠳ᠋ᠠ ᠽᠥᠩ | ᠬᠡᠯᠪᠡᠷᠢ ᠶᠢᠨ ᠠᠷᠠᠯᠵᠢᠶ᠎ᠠ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠳᠤᠮᠳᠠᠳᠤ ᠭᠠᠳᠠᠭᠠᠳᠤ ᠶᠢᠨ ᠲᠡᠭᠡᠭᠡᠪᠦᠷᠢ᠂ ᠴᠧᠨ ᠠᠨ ᠳ᠋ᠠ ᠵᠡᠷᠭᠡ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ | ᠪᠣᠯᠣᠨ ᠮᠢᠩ ᠶᠠᠩ ᠪᠦᠯᠦᠭᠯᠡᠯ ᠤᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠰᠦᠯᠵᠢᠶᠡᠨ ᠤ ᠪᠠᠷᠠᠭᠠᠨ ᠤ | ᠲᠡᠭᠡᠭᠡᠪᠦᠷᠢ ᠶᠢᠨ ᠲᠠᠪᠴᠠᠩ ᠪᠣᠯᠣᠨ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠶᠡᠬᠡᠪᠡᠷ ᠬᠥᠭᠵᠢᠭᠦᠯᠵᠦ᠂ 2 | ᠴᠢᠨᠠᠷ ᠰᠠᠶᠢᠲᠠᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ | ᠦᠢᠯᠡᠳᠬᠦᠨ ᠤ ᠦᠷᠳᠡᠭ ᠢ 10 ᠳ᠋ᠦᠩᠰᠢᠭᠤᠷ ᠲᠥᠭᠦᠷᠢᠭ ᠳᠠᠪᠠᠭᠤᠯᠬᠤ ᠪᠠᠷ ᠴᠢᠷᠮᠠᠶᠢᠵᠤ᠂ ︽ᠬᠥᠬᠡᠬᠤᠲᠠ ᠪᠤᠭᠤᠲᠤ | ᠢᠷᠭᠠᠢ ᠲᠡᠮᠡᠭᠡᠲᠦ ᠶᠢᠨ ᠠᠵᠤ ᠠᠬᠤᠢ ᠶᠢᠨ ᠣᠷᠣᠨ︾ ᠤ ᠵᠢᠱᠢᠶ᠎ᠡ ᠦᠵᠡᠭᠦᠯᠬᠦ ᠴᠢᠨᠠᠷᠲᠠᠢ ᠣᠶᠤᠨᠴᠢ ᠠᠷᠠᠯᠵᠢᠶ᠎ᠠ | ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠲᠥᠪ ᠢ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠲᠠᠯ᠎ᠠ ᠪᠠᠷ᠂ ᠠᠮᠤᠷ | ᠲᠦᠪᠰᠢᠨ ᠤ ᠳᠠᠭᠠᠳᠬᠠᠯ᠂ ᠠᠮᠢ ᠠᠬᠤᠢ ᠶᠢᠨ ᠳᠠᠭᠠᠳᠬᠠᠯ᠂ ᠨᠣᠮᠣᠬᠠᠨ ᠳᠠᠯᠠᠢ ᠶᠢᠨ ᠠᠮᠢ ᠨᠠᠰᠤ ᠵᠡᠷᠭᠡ | ᠳᠠᠭᠠᠳᠬᠠᠯ ᠤᠨ ᠠᠵᠤ ᠠᠬᠤᠶᠢᠯᠠᠯ ᠤᠨ ᠰᠢᠭᠤᠶᠢᠲᠤ ᠲᠣᠭᠤᠷᠢᠭ ᠲᠤ ᠬᠤᠪᠢᠶᠠᠷᠢ ᠰᠠᠯᠪᠤᠷᠢ ᠪᠠᠶᠢᠭᠤᠯᠤᠮᠵᠢ | ᠪᠠᠶᠢᠭᠤᠯᠬᠤ ᠶᠢ ᠠᠬᠢᠭᠤᠯᠵᠤ᠂ ᠨᠡᠩ ᠤᠯᠠᠨ ᠲᠡᠷᠭᠡ ᠣᠩᠭᠤᠴᠠ ᠶᠢᠨ ᠭᠠᠶᠢᠯᠢ ᠶᠢ ᠮᠠᠨ ᠤ ᠣᠷᠣᠨ ᠳᠤ | ᠦᠯᠡᠳᠡᠭᠡᠬᠦ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠴᠢᠨᠠᠷᠲᠠᠢ ᠰᠲ᠋ᠣᠺ ᠤᠨ | ᠡᠷᠬᠡ ᠶᠢᠨ ᠵᠠᠬ᠎ᠠ ᠳᠡᠯᠭᠡᠭᠦᠷ ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠢ ᠮᠡᠳᠡᠭᠦᠯᠵᠦ᠂ 2 ᠠᠵᠤ ᠠᠬᠤᠶᠢᠯᠠᠯ ᠤᠨ | ᠰᠢᠨ᠎ᠡ ᠳᠥᠷᠪᠡᠳᠦᠭᠡᠷ ᠰᠠᠮᠪᠠᠷ᠎ᠠ ᠳᠡᠭᠡᠷ᠎ᠡ ᠫᠠᠶᠢᠰᠠ ᠡᠯᠭᠦᠬᠦ ᠪᠠᠷ ᠴᠢᠷᠮᠠᠶᠢᠪᠠ᠃ ᠮᠡᠳᠡᠭᠡ ᠵᠠᠩᠭᠢ ᠶᠢᠨ ᠮᠡᠷᠭᠡᠵᠢᠯ ᠤᠨ | ᠲᠠᠯ᠎ᠠ ᠪᠠᠷ᠂ ᠾᠧᠪᠧᠢ ᠶᠢᠨ ᠬᠤᠤ ᠵᠦᠸᠧ ᠪᠣᠳᠠᠰ ᠤᠨ ᠬᠤᠯᠪᠣᠭ᠎ᠠ ᠳᠤ ᠲᠦᠰᠢᠭᠯᠡᠨ᠂ ᠲᠣᠭᠯᠠᠭᠠᠮ ᠤᠨ ᠰᠢᠯᠭᠠᠯᠲᠠ | ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠢ ᠪᠣᠶᠢᠵᠢᠭᠤᠯᠤᠨ | ᠪᠤᠵᠠᠭᠠᠶᠢᠷᠠᠭᠤᠯᠤᠨ᠎ᠠ︔ ᠳᠠᠯᠠᠨ ᠬᠠᠷ᠎ᠠ ᠠᠭᠤᠯᠠ ᠶᠢᠨ ᠲᠣᠭᠠᠴᠢᠯᠠᠭᠰᠠᠨ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ | ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠠᠵᠤ ᠠᠬᠤᠶᠢᠯᠠᠯ ᠢ 20 ᠠᠴᠠ ᠳᠡᠭᠡᠭᠰᠢ ᠣᠷᠣᠭᠤᠯᠤᠨ | ᠠᠪᠴᠢᠷᠠᠨ᠎ᠠ︔ ᠪᠤᠭᠤᠲᠤ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠤᠨ ᠤᠯᠤᠰ ᠤᠨ ᠲᠡᠰ ᠤᠨ | ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠶᠢ ᠴᠢᠷᠮᠠᠶᠢᠨ ᠡᠭᠦᠳᠬᠦ ᠶᠢ ᠠᠬᠢᠭᠤᠯᠤᠨ᠎ᠠ᠃ ᠡᠨᠧᠷᠭᠢ ᠠᠷᠪᠢᠯᠠᠵᠤ | ᠣᠷᠴᠢᠨ ᠲᠣᠭᠤᠷᠢᠨ ᠢ ᠬᠠᠮᠠᠭᠠᠯᠠᠬᠤ ᠲᠠᠯ᠎ᠠ ᠪᠠᠷ᠂ ᠶᠢᠦ ᠶᠤᠸᠠᠢ᠂ ᠪᠠᠩ ᠰᠢᠩ ᠰᠢ ᠵᠡᠷᠭᠡ ᠺᠣᠮᠫᠠᠨᠢ ᠲᠠᠢ ᠵᠣᠯᠭᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠵᠢᠯ ᠤᠨ ᠳᠣᠲᠣᠷ᠎ᠠ 3 ᠠᠵᠤ ᠠᠬᠤᠶᠢᠯᠠᠯ᠂ 2 ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ ᠲᠠᠯ᠎ᠠ ᠪᠠᠷ᠂ ᠬᠠᠷᠠᠯᠲᠠ 5 ᠠᠵᠤ ᠠᠬᠤᠶᠢᠯᠠᠯ ᠢ ᠭᠤᠣᠯᠳᠠᠯᠭ᠎ᠠ ᠲᠠᠢ ᠣᠷᠣᠭᠤᠯᠤᠨ | ᠠᠪᠴᠢᠷᠠᠵᠤ᠂ ᠮᠢᠩ ᠶᠠᠩ ᠤᠨ ᠤᠯᠤᠰ ᠤᠨ ᠲᠠᠰ ᠤᠨ ᠨᠠᠪᠴᠢᠨ ᠤ ᠪᠠᠶᠢᠴᠠᠭᠠᠨ ᠬᠡᠮᠵᠢᠬᠦ ᠭᠡᠷᠡᠴᠢᠯᠡᠯ ᠤᠨ ᠲᠥᠪ ᠢ | ᠪᠠᠷᠢᠮᠵᠢᠶᠠᠲᠤ ᠨᠡᠭᠡᠭᠡᠨ ᠬᠥᠭᠵᠢᠭᠦᠯᠬᠦ᠂ ᠰᠢᠯᠭᠠᠨ ᠪᠠᠲᠤᠯᠠᠬᠤ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠡᠮᠵᠢᠵᠦ᠂ | ᠥᠪᠡᠷᠲᠡᠭᠡᠨ ᠵᠠᠰᠠᠬᠤ ᠣᠷᠣᠨ ᠤ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠮᠡᠷᠭᠡᠵᠢᠯ ᠤᠨ ᠬᠠᠮᠲᠤᠷᠠᠯᠴᠠᠭᠠᠨ ᠤ | ᠲᠠᠪᠴᠠᠩ᠂ ᠬᠡᠮᠵᠢᠭᠦᠷᠯᠢᠭ ᠢ ᠬᠠᠮᠲᠤ ᠪᠠᠷ ᠡᠳ᠋ᠯᠡᠬᠦ ᠲᠠᠪᠴᠠᠩ ᠮᠠᠨ ᠤ ᠣᠷᠣᠨ ᠳᠤ ᠨᠤᠲᠤᠭᠰᠢᠭᠤᠯᠬᠤ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠵᠢᠴᠢ ᠲᠡᠭᠦᠨ ᠠᠴᠠ ᠳᠡᠭᠡᠭᠰᠢᠬᠢ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ | ᠬᠤᠯᠪᠣᠭ᠎ᠠ ᠶᠢ ᠪᠡᠯᠡᠳᠬᠡᠨ ᠪᠠᠶᠢᠭᠤᠯᠤᠨ᠎ᠠ᠃ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠲᠠᠯ᠎ᠠ ᠪᠠᠷ᠂ ᠮᠢᠩ ᠶᠠᠩ | ᠪᠦᠯᠦᠭᠯᠡᠯ ᠤᠨ ᠰᠠᠯᠬᠢᠨ ᠬᠦᠴᠦᠨ ᠤ ᠴᠠᠬᠢᠯᠭᠠᠨ ᠢ ᠤᠭᠰᠠᠷᠠᠨ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠶᠢ | ᠬᠥᠭᠵᠢᠭᠦᠯᠬᠦ ᠶᠢ ᠳᠡᠮᠵᠢᠵᠦ᠂ ᠬᠡᠷᠡᠯ ᠴᠡᠨᠡᠭ ᠢ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠺᠣᠮᠫᠠᠨᠢ ᠶᠢᠨ | ᠮᠠᠨ ᠤ ᠣᠷᠣᠨ ᠳᠤ ᠳᠡᠩᠰᠡᠯᠡᠵᠦ ᠠᠵᠢᠯᠯᠠᠭᠤᠯᠵᠤ ᠬᠠᠮᠠᠭᠠᠯᠠᠬᠤ ᠶᠢ ᠵᠣᠷᠢᠭᠵᠢᠭᠤᠯᠵᠤ᠂ ᠨᠥᠯᠥᠭᠡᠯᠡᠬᠦ ᠬᠦᠴᠦᠨ ᠪᠠ | ᠮᠠᠭᠲᠠᠭᠠᠯ ᠤᠨ ᠬᠡᠮᠵᠢᠶ᠎ᠡ ᠲᠠᠢ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠠᠵᠤ ᠦᠢᠯᠡᠰ ᠵᠢᠴᠢ ᠨᠠᠷᠠᠲᠤ | ᠲᠥᠷᠥᠯ ᠲᠡᠮᠳᠡᠭᠲᠦ ᠶᠢ ᠪᠣᠶᠢᠵᠢᠭᠤᠯᠤᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠤᠨ ᠲᠠᠯ᠎ᠠ ᠪᠠᠷ᠂ ᠤᠯᠤᠰ ᠤᠨ | ᠳᠣᠲᠣᠭᠠᠳᠤ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠢ | 3 ᠣᠷᠣᠭᠤᠯᠤᠨ ᠠᠪᠴᠢᠷᠠᠵᠤ᠂ ᠦᠢᠯᠡᠳᠬᠦᠨ ᠤ ᠥᠷᠲᠡᠭ ᠢ 1000 ᠲᠦᠮᠡᠨ ᠲᠥᠭᠦᠷᠢᠭ ᠠᠴᠠ ᠳᠡᠭᠡᠭᠰᠢ ᠪᠣᠯᠭᠠᠨ᠎ᠠ᠃ | ᠡᠭᠦᠨ ᠤ ᠬᠠᠮᠲᠤ᠂ ᠡᠷᠡᠭᠦᠯᠵᠢᠯ ᠰᠤᠪᠢᠯᠠᠯᠲᠠ᠂ ᠰᠣᠶᠣᠯ ᠵᠤᠭᠠᠴᠠᠯ᠂ ᠪᠥᠭᠡᠮ ᠢᠶᠠᠷ ᠬᠤᠳᠠᠯᠳᠤᠬᠤ ᠬᠥᠮᠥᠷᠭᠡᠯᠡᠨ | ᠬᠠᠳᠠᠭᠠᠯᠠᠬᠤ᠂ ᠰᠤᠷᠭᠠᠨ ᠬᠥᠮᠦᠵᠢᠯ ᠤᠨ ᠪᠣᠯᠪᠠᠰᠤᠷᠠᠯ ᠵᠡᠷᠭᠡ 4 ᠬᠦᠷᠢᠶᠡᠨ ᠤ ᠠᠮᠢᠳᠤᠷᠠᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠢ ᠪᠣᠶᠢᠵᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠠᠷᠠᠯᠵᠢᠶᠠᠨ ᠤ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠣᠣᠷ᠎ᠠ ᠠᠭᠠᠷ ᠤᠨ ᠨᠢᠰᠦᠯᠲᠡ ᠶᠢᠨ ᠠᠵᠤ ᠦᠢᠯᠡᠰ ᠢ | ᠬᠥᠭᠵᠢᠭᠦᠯᠵᠦ᠂ 7 ᠠᠵᠤ ᠠᠬᠤᠶᠢᠯᠠᠯ ᠤᠨ ︽ᠬᠤᠪᠢᠶᠠᠨ ᠥᠭᠡᠷᠡᠴᠢᠯᠡᠬᠦ︾ ᠵᠢᠪᠡᠶᠡᠯᠡᠭᠦᠯᠵᠦ᠂ ᠯᠤᠤ ᠳ᠋ᠧ ᠪᠠ ᠾᠧ ᠵᠢᠩ | ᠫᠢᠸᠤ᠋ ᠨᠡᠷᠡᠬᠦ ᠰᠠᠭᠤᠷᠢᠨ ᠭᠠᠵᠠᠷ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠲᠠᠯ᠎ᠠ ᠨᠤᠲᠤᠭ ᠤᠨ ᠯᠢ ᠰᠢᠨ | ᠢᠳᠡᠭᠡᠨ ᠡᠳ᠋ᠰᠢᠭᠦᠯᠬᠦ ᠲᠥᠷᠥᠯ ᠵᠦᠢᠯ ᠢ ᠲᠦᠷᠭᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ | ︽ᠤᠷᠢᠳᠴᠢᠯᠠᠨ ᠬᠢᠭᠰᠡᠨ ᠨᠣᠭᠤᠭ᠎ᠠ ᠶᠢᠨ ᠬᠦᠢᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠪᠠᠷᠠᠭᠠᠨ ᠤ ᠭᠦᠢᠯᠭᠡᠭᠡᠨ ᠤ | ᠦᠵᠦᠭᠦᠷᠯᠢᠭ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠬᠥᠭᠵᠢᠭᠦᠯᠵᠦ᠂ ᠵᠢᠯ ᠤᠨ | ᠳᠣᠲᠣᠷ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢ 500 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ | ᠴᠢᠷᠮᠠᠶᠢᠵᠤ᠂ ᠠᠯᠢ ᠲᠦᠷᠭᠡᠨ ᠢᠶᠠᠷ ᠬᠥᠮᠥᠨ ᠤ ᠵᠣᠷᠢᠭ ᠢ ᠲᠥᠪᠯᠡᠷᠡᠭᠦᠯᠵᠦ᠂ ᠬᠤᠳᠠᠯᠳᠤᠭᠠᠨ ᠤ ᠬᠡᠢ ᠶᠢ ᠪᠣᠶᠢᠵᠢᠭᠤᠯᠵᠤ᠂ | ᠬᠤᠲᠠ ᠶᠢ ᠴᠡᠴᠡᠭᠯᠡᠭᠦᠯᠦᠨ ᠬᠥᠭᠵᠢᠭᠦᠯᠦᠨ᠎ᠡ᠃ | ᠳᠤᠮᠳᠠ ᠪᠠᠷᠠᠭᠤᠨ ᠣᠷᠣᠨ ᠤ ᠨᠥᠯᠥᠭᠡᠯᠡᠬᠦ ᠬᠦᠴᠦᠨ ᠲᠠᠢ ᠰᠣᠶᠣᠯ ᠵᠢᠭᠤᠯᠴᠢᠯᠠᠯ ᠰᠡᠯᠡᠭᠦᠴᠡᠯ ᠤᠨ | ᠵᠣᠷᠢᠭᠰᠠᠨ ᠭᠠᠵᠠᠷ ᠢ ᠬᠦᠴᠦᠯᠡᠨ ᠪᠠᠶᠢᠭᠤᠯᠤᠨ᠎ᠠ᠃ ︽ᠨᠠᠭᠠᠳᠴᠤ ᠪᠠᠶᠢᠭ᠎ᠠ ᠰᠢᠭᠤᠶᠢᠲᠤ ᠲᠣᠭᠤᠷᠢᠭ ᠲᠤ ᠪᠠᠶᠢᠬᠤ︾ ᠪᠠᠷ | ᠭᠤᠣᠯ ᠰᠡᠳᠦᠪ IP ᠪᠣᠯᠭᠠᠵᠤ᠂ ︽ᠪᠥᠬᠦ ᠤᠯᠠᠷᠢᠯ ᠤᠨ ᠵᠢᠭᠤᠯᠴᠢᠯᠠᠯ︾ ᠢᠶᠠᠷ ᠴᠢᠭᠯᠡᠯ ᠪᠣᠯᠭᠠᠨ᠂ ︽ᠵᠢᠭᠤᠯᠴᠢᠯᠠᠭᠴᠢᠳ ᠢ | ᠲᠡᠳᠡᠨ ᠠᠪᠴᠢᠷᠠᠵᠤ᠂ ᠵᠢᠭᠤᠯᠴᠢᠯᠠᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ︾ ᠪᠠᠷ ᠭᠤᠣᠯ ᠪᠣᠯᠭᠠᠵᠤ᠂ | ᠰᠣᠶᠣᠯ ᠵᠢᠭᠤᠯᠴᠢᠯᠠᠯ ᠤᠨ ᠳᠠᠪᠠᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠡᠰᠡᠭ ᠲᠣᠭᠤᠷᠢᠭ | ᠬᠤᠯᠪᠤᠭᠠᠯᠠᠨ ᠬᠥᠳᠡᠯᠦᠯᠴᠡᠬᠦ᠂ ᠴᠡᠭ ᠱᠤᠭᠤᠮ ᠠᠭᠤᠰᠤᠯᠴᠠᠬᠤ᠂ ᠪᠥᠬᠦ ᠣᠷᠣᠨ ᠪᠦᠰᠡ ᠬᠠᠷᠢᠯᠴᠠᠨ ᠬᠥᠳᠡᠯᠦᠯᠴᠡᠬᠦ | ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃ ᠪᠡᠳᠬᠡᠷ ᠵᠣᠤ ᠶᠢᠨ ᠦᠵᠡᠮᠵᠢ ᠶᠢᠨ ᠣᠷᠣᠨ ᠢ ᠥᠭᠡᠷᠡᠴᠢᠯᠡᠨ ᠳᠡᠰ | ᠳᠡᠪᠰᠢᠭᠦᠯᠬᠦ ᠠᠵᠢᠯ ᠢ ᠲᠦᠯᠬᠢᠨ ᠠᠬᠢᠭᠤᠯᠵᠤ᠂ ᠪᠠᠭᠤᠳᠠᠯ᠂ ᠵᠤᠭᠠᠴᠠᠭᠰᠠᠳ ᠤᠨ ᠲᠥᠪ ᠠᠭᠤᠳᠠᠮ ᠲᠠᠯᠠᠪᠠᠢ᠂ | ᠵᠤᠭᠠᠴᠠᠯ ᠤᠨ ᠶᠠᠪᠠᠭᠠᠨ ᠵᠠᠮ ᠵᠡᠷᠭᠡ ᠦᠵᠡᠮᠵᠢ ᠶᠢᠨ ᠣᠷᠣᠨ ᠤ ᠭᠡᠷᠡᠯᠲᠦᠭᠦᠯᠭᠡ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ | ᠪᠤᠭᠤᠲᠤ ᠶᠢᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ᠂ ᠵᠤᠤ ᠪᠧᠢ ᠶᠢᠨ ᠤᠷᠳᠤ ᠴᠠᠭᠠᠨ ᠬᠡᠷᠡᠮ ᠤᠨ | ᠰᠣᠶᠣᠯ ᠤᠨ ᠦᠵᠡᠭᠦᠯᠭᠡ ᠶᠢᠨ ᠲᠣᠭᠤᠷᠢᠭ᠂ ᠬᠤᠸᠠ ᠦ᠋ ᠷᠧᠨ ᠵᠢᠶᠠᠨ ᠬᠠᠯᠠᠭᠤᠨ ᠷᠠᠰᠢᠶᠠᠨ ᠤ ᠪᠠᠭᠤᠳᠠᠯ ᠵᠡᠷᠭᠡ 5 | ᠲᠦᠷᠦᠯ ᠵᠦᠢᠯ ᠢ ᠵᠢᠯ ᠤᠨ ᠳᠣᠲᠣᠷ᠎ᠠ ᠪᠠᠶᠢᠭᠤᠯᠤᠨ ᠪᠦᠲᠦᠭᠡᠬᠦ ᠶᠢ ᠠᠬᠢᠭᠤᠯᠵᠤ᠂ ᠬᠤᠸᠠ ᠶᠠᠨ ᠬᠥᠮᠥᠨ ᠤ ᠶᠢᠷᠲᠢᠨᠴᠦ᠂ | ᠪᠤᠭᠤᠲᠤ ᠶᠢᠨ ᠡᠷᠲᠡᠨ ᠤ ᠬᠤᠳᠠ ᠵᠡᠷᠭᠡ ᠦᠵᠡᠮᠵᠢ ᠶᠢᠨ ᠣᠷᠣᠨ ᠢ ᠲᠡᠰ ᠳᠡᠪᠰᠢᠭᠦᠯᠬᠦ ᠶᠢ ᠰᠠᠶᠢᠲᠤᠷ ᠠᠳᠬᠤᠵᠤ᠂ | ᠪᠤᠭᠤᠲᠤ ᠶᠢᠨ ᠡᠷᠲᠡᠨ ᠤ ᠬᠤᠳᠠ ᠶᠢᠨ 4A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠤᠨ᠎ᠠ᠃ ᠴᠢᠩ | ᠱᠠᠨ ᠲᠣᠰᠬᠤᠨ᠂ ᠭᠠᠩ ᠹᠠᠩ ᠳ᠋ᠢ ᠲᠣᠰᠬᠤᠨ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ | ᠭᠦᠨᠵᠡᠭᠡᠢ ᠨᠡᠭᠡᠭᠡᠨ ᠬᠥᠭᠵᠢᠭᠦᠯᠵᠦ᠂ ︽ᠼᠠᠢ ᠶᠦᠨ ᠴᠢᠩ ᠱᠠᠨ︾ ︽ᠰᠠᠨ ᠱᠢ ᠯᠢ ᠭᠠᠩ ᠹᠠᠩ ᠭᠠᠵᠠᠷ︾ | ︽ᠵᠢᠪᠬᠤᠯᠠᠩᠲᠤ︾ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠦᠷᠭᠦᠯᠵᠢᠯᠡᠨ ᠪᠣᠶ | ᠪᠣᠯᠭᠠᠵᠤ᠂ ᠤᠯᠤᠰ ᠤᠨ ᠲᠠᠰ ᠤᠨ 1 ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ | ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ ᠪᠠᠶᠢᠭᠤᠯᠬᠤ ᠪᠠᠷ ᠴᠢᠷᠮᠠᠶᠢᠨ᠎ᠠ᠃ ᠠᠷᠪᠠᠨ ᠳᠥᠷᠪᠡᠳᠦᠭᠡᠷ | ᠬᠤᠭᠤᠴᠠᠭᠠᠨ ᠤ︽ ᠪᠡᠳᠬᠡᠷ ᠵᠤᠤ ᠬᠤᠨᠳᠠᠭᠠᠲᠤ︾ ᠳᠤᠭᠤᠢ ᠲᠡᠷᠭᠡᠨ ᠤ ᠤᠷᠤᠯᠳᠤᠭᠠᠨ ᠢ ᠨᠠᠷᠢᠨ ᠨᠢᠮᠪᠠᠢ ᠪᠡᠯᠡᠳᠬᠡᠨ︽ | ᠤᠷᠤᠯᠳᠤᠭᠠᠨ ᠢ ᠳᠠᠭᠠᠵᠤ ᠠᠶᠠᠯ ᠠᠬᠤ︾ ᠨᠡᠷᠡᠲᠦ ᠲᠡᠮᠳᠡᠭ ᠢ ᠬᠠᠩᠭᠢᠨ ᠠᠭᠤᠯᠪᠠ᠃ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡᠨ ᠤ ᠰᠠᠶᠢᠵᠢᠷᠠᠯᠲᠠ ᠪᠠ ᠳᠠᠯᠳᠠ ᠬᠦᠴᠦᠨ ᠢ ᠪᠠᠳᠠᠷᠠᠭᠤᠯᠵᠤ᠂ ︽ᠶᠤᠸᠠᠢ | ᠬᠤᠢ ᠪᠤᠭᠤᠲᠤ ᠬᠤᠲᠠ︾ ᠶᠢᠨ ᠰᠢᠷᠢᠰ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠪᠠᠷ ᠵᠠᠯᠭᠠᠨ ᠠᠪᠴᠤ᠂ | ᠬᠥᠮᠥᠷᠭᠡ ᠶᠢᠨ ᠠᠵᠤ ᠠᠬᠤᠢ ᠶᠢᠨ ᠬᠥᠭᠵᠢᠯᠲᠡ ᠪᠠ ᠬᠥᠮᠥᠨ ᠤ ᠭᠦᠢᠯᠭᠡᠭᠡᠨ ᠤ ᠲᠥᠪᠯᠡᠷᠡᠯ ᠢ ᠳᠠᠶᠢᠴᠢᠯᠠᠨ᠎ᠠ᠃ 2 | ᠣᠨᠴᠠᠯᠢᠭᠲᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠲᠤᠰᠬᠠᠢ ᠡᠵᠡᠩᠨᠡᠯᠲᠡ ᠶᠢᠨ ᠳᠡᠯᠭᠡᠭᠦᠷ ᠭᠠᠷᠭᠠᠵᠤ᠂ ᠳ᠋ᠠ | ᠾᠧᠩ ᠬᠤᠳᠠᠯᠳᠤᠭᠠᠨ ᠤ ᠶᠠᠪᠤᠳᠠᠯ᠂ ᠪᠡᠳᠠᠭᠠᠷ ᠵᠣᠣ ᠪᠠᠭᠤᠳᠠᠯ ᠤᠨ ᠭᠤᠷᠪᠠᠨ ᠣᠳᠣᠨ ᠲᠠᠰ ᠤᠨ ᠪᠠᠭᠤᠳᠠᠯ | ᠪᠠᠶᠢᠭᠤᠯᠬᠤ ᠶᠢ ᠳᠡᠮᠵᠢᠵᠦ᠂ ᠪᠠᠳᠠᠷᠠᠯ ᠠᠷᠠᠳ ᠤᠨ ᠣᠷᠣᠨ ᠰᠠᠭᠤᠴᠠ᠂ ᠴᠢᠩ ᠱᠠᠨ ᠤ ᠬᠤᠨᠤᠭ ᠤᠨ ᠴᠤᠭᠯᠠᠷᠠᠯ ᠤᠨ | ᠤᠯᠠᠭᠠᠨ ᠲᠠᠰ ᠤᠨ ᠠᠷᠠᠳ ᠤᠨ ᠣᠷᠣᠨ ᠰᠠᠭᠤᠴᠠ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠵᠢᠯ ᠤᠨ ᠳᠣᠲᠣᠷ᠎ᠠ | ᠭᠥᠯᠢᠶᠡᠨ ᠠᠪᠤᠭᠰᠠᠨ ᠵᠢᠭᠤᠯᠴᠢᠯᠠᠯ ᠤᠨ ᠬᠥᠮᠥᠨ ᠤ ᠲᠤᠭ᠎ᠠ 140 ᠲᠦᠮᠡᠨ ᠬᠥᠮᠥᠨ ᠤᠳᠠᠭ᠎ᠠ ᠶᠢ ᠳᠠᠪᠠᠵᠤ᠂ | ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 5 ᠳ᠋ᠦᠩᠰᠢᠭᠤᠷ ᠲᠥᠭᠦᠷᠢᠭ ᠢ ᠳᠠᠪᠠᠭ᠋ᠤ ᠪᠠᠷ ᠴᠢᠷᠮᠠᠶᠢᠨ᠎ᠠ᠃ | ︵ᠬᠤᠶᠠᠷ︶ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠬᠤᠣᠰ ᠡᠭᠡᠯᠵᠢ ᠶᠢᠨ ᠬᠥᠳᠡᠯᠭᠡᠬᠦ ᠬᠦᠴᠦᠨ ᠢ ᠪᠦᠬᠦ | ᠬᠦᠴᠦᠨ ᠢᠶᠠᠷ ᠪᠤᠢ ᠪᠣᠯᠭᠠᠵᠤ᠂ ᠭᠠᠵᠠᠷ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠬᠤ | ᠲᠠᠯ᠎ᠠ ᠪᠠᠷ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ | ᠪᠠᠶᠢᠭᠤᠯᠬᠤ ᠡᠪᠳᠡᠬᠦ ᠶᠢ ᠵᠡᠷᠭᠡᠪᠡᠷ ᠴᠢᠬᠤᠯᠠᠴᠢᠯᠠᠵᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠵᠣᠷᠢᠭᠲᠠᠢ ᠪᠠᠷ ᠦᠵᠡᠯ ᠰᠠᠨᠠᠭ᠎ᠠ ᠪᠠᠨ ᠴᠢᠯᠦᠭᠡᠯᠡᠨ᠂ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ︽ᠵᠢᠵᠢᠭ ᠲᠣᠭᠤᠷᠢᠭ︾ | ᠤᠨ ᠰᠡᠳᠬᠢᠴᠡ ᠶᠢᠨ ᠪᠠᠶᠢᠳᠠᠯ ᠢ ᠡᠷᠡᠰ ᠢᠯᠠᠨ ᠳᠠᠪᠠᠵᠤ᠂ ︽ᠵᠢᠵᠢᠭ ᠠᠭᠤᠯᠠ ᠰᠤᠪᠠᠭ︾ ᠤᠨ ᠤᠬᠠᠮᠰᠠᠷ ᠠᠴᠠ | ᠠᠩᠭᠢᠵᠢᠷᠠᠵᠤ᠂ ᠨᠠᠩ ᠶᠡᠭᠡ ᠪᠠᠶᠢᠷᠢᠰᠢᠯ ᠤᠨ ᠰᠢᠰᠲ᠋ᠧᠮ ᠤᠨ ᠳᠤᠮᠳᠠ ᠬᠥᠭᠵᠢᠯᠲᠡ ᠶᠢ ᠰᠦᠪᠡᠭᠴᠢᠯᠡᠬᠦ ᠬᠡᠷᠡᠭᠲᠡᠢ᠂ | ᠶᠠᠭᠠᠬᠢᠭᠰᠠᠨ ᠴᠤ ᠲᠤᠬᠠᠢ ᠶᠢᠨ ᠭᠠᠵᠠᠷ ᠲᠤ ᠬᠢᠵᠠᠭᠠᠷᠯᠠᠭᠳᠠᠵᠤ ᠪᠣᠯᠬᠤ ᠦᠭᠡᠢ᠃ ᠵᠣᠷᠢᠭᠲᠠᠢ ᠪᠠᠷ ᠪᠠᠶᠢᠭᠤᠯᠵᠤ᠂ ᠣᠷᠣ | ᠦᠭᠡᠢ ᠳᠤᠮᠳᠠ ᠨᠢ ᠪᠠᠶᠢᠬᠤ᠂ ᠳᠤᠮᠳᠠ ᠨᠢ ᠰᠢᠨ᠎ᠡ ᠶᠢ ᠡᠭᠦᠳᠬᠦ ᠶᠢ ᠰᠤᠷᠬᠤ ᠬᠡᠷᠡᠭᠲᠡᠢ᠂ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ᠂ ᠭᠠᠵᠠᠷ ᠣᠷᠣᠨ ᠤ ᠬᠥᠭᠵᠢᠯᠲᠡ ᠳᠤ ᠡᠰᠢᠭᠲᠠᠢ ᠪᠦᠬᠦᠨ ᠢ ᠴᠥᠮ | ᠵᠣᠷᠢᠭᠲᠠᠢ ᠦᠢᠯᠡᠳᠦᠯᠭᠡᠵᠢᠭᠦᠯᠬᠦ ᠬᠡᠷᠡᠭᠲᠡᠢ᠃ ᠬᠥᠷᠥᠩᠭᠡ ᠶᠢᠨ ᠢᠷᠡᠯᠲᠡ ᠶᠢ ᠠᠵᠤ ᠦᠢᠯᠡᠰ᠂ ᠵᠠᠬ᠎ᠠ ᠳᠡᠯᠭᠡᠭᠦᠷ ᠢᠶᠠᠷ | ᠠᠵᠤ ᠦᠢᠯᠡᠰ ᠰᠣᠯᠢᠬᠤ ᠶᠢ ᠪᠦᠬᠦ ᠲᠠᠯ᠎ᠠ ᠪᠠᠷ ᠶᠠᠪᠤᠭᠤᠯᠵᠤ᠂ ᠮᠠᠨ ᠤ ᠣᠷᠣᠨ ᠤ ᠡᠬᠢ ᠪᠠᠶᠠᠯᠢᠭ ᠢ ᠨᠡᠭᠡᠭᠡᠨ | ᠠᠰᠢᠭᠯᠠᠬᠤ ᠪᠠ ᠵᠠᠰᠠᠭ ᠤᠨ ᠣᠷᠳᠣᠨ ᠤ ᠪᠡᠯᠡ ᠣᠷᠣᠭᠤᠯᠬᠤ ᠢᠨᠵᠧᠨᠧᠷᠢᠩ ᠢ ᠳᠠᠭᠠᠭᠠᠨ ᠠᠪᠤᠭᠰᠠᠨ ᠪᠦᠬᠦ ᠠᠵᠤ | ᠠᠬᠤᠶᠢᠯᠠᠯ ᠤᠨ ᠪᠣᠭᠤᠮᠲᠠ ᠶᠢ ᠴᠢᠩᠭ᠎ᠠ ᠡᠵᠡᠮᠳᠡᠵᠦ᠂ ᠲᠡᠭᠦᠨ ᠤ ᠺᠣᠮᠫᠠᠨᠢ ᠪᠠᠨ ᠰᠢᠭᠤᠶᠢᠲᠤ ᠲᠣᠭᠤᠷᠢᠭ ᠲᠤ | ᠳᠠᠩᠰᠠᠯᠠᠭᠤᠯᠬᠤ ᠶᠢ ᠬᠥᠲᠥᠯᠥᠨ ᠵᠢᠯᠤᠭᠤᠳᠴᠤ᠂ ᠦᠢᠯᠡᠳᠬᠦᠨ ᠤ ᠥᠷᠲᠡᠭ ᠪᠣᠯᠣᠨ ᠭᠠᠶᠢᠯᠢ ᠲᠠᠲᠠᠪᠤᠷᠢ ᠶᠢ ᠨᠢ | ᠰᠢᠭᠤᠶᠢᠲᠤ ᠲᠣᠭᠤᠷᠢᠭ ᠲᠤ ᠦᠯᠡᠳᠡᠭᠡᠨ᠎ᠡ᠃ ᠡᠳ᠋ ᠤᠨ ᠵᠠᠰᠠᠭ ᠤᠨ ᠪᠡᠯᠡ ᠮᠥᠩᠭᠦ ᠶᠢᠨ ᠱᠠᠩᠨᠠᠯ ᠤᠨ ᠠᠷᠭ᠎ᠠ ᠶᠢ | ᠨᠡᠶᠢᠲᠡᠯᠡᠵᠦ᠂ ᠡᠯ᠎ᠡ ᠰᠠᠯᠠᠭ᠎ᠠ ᠮᠥᠴᠢᠷ ᠨᠢᠭᠡᠴᠡ ᠶᠢᠨ ︽ᠭᠤᠷᠪᠠ ᠶᠢ ᠲᠡᠮᠡᠴᠡᠨ ᠣᠯᠬᠤ︾ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠬᠦ ᠶᠢ ᠵᠣᠷᠢᠭᠵᠢᠭᠤᠯᠤᠨ᠂ ᠪᠥᠬᠦ ᠵᠢᠯ ᠳᠤ ᠳᠡᠭᠡᠳᠦ ᠱᠠᠲᠤᠨ ᠤ ᠪᠡᠯᠡ ᠮᠥᠩᠭᠦ ᠶᠢ | 20% ᠠᠴᠠ ᠳᠡᠭᠡᠭᠰᠢ ᠴᠢᠷᠮᠠᠶᠢᠨ ᠣᠯᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ 15 ᠵᠦᠢᠯ ᠠᠴᠠ | ᠳᠤᠲᠠᠭᠤ ᠦᠭᠡᠢ ᠴᠢᠷᠮᠠᠶᠢᠨ ᠣᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠯ᠎ᠡ | ᠲᠥᠷᠥᠯ ᠤᠨ ᠢᠷᠠᠭᠤ ᠠᠯᠳᠠᠷ ᠢ 50 ᠵᠦᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠭᠠᠵᠠᠷ ᠣᠷᠣᠨ ᠤ | ᠨᠥᠯᠥᠭᠡᠯᠡᠬᠦ ᠬᠦᠴᠦᠨ ᠪᠠ ᠢᠷᠠᠭᠤ ᠠᠯᠳᠠᠷ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠶᠢ ᠳᠡᠮᠵᠢᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠷᠣᠯᠭ᠎ᠠ ᠪᠠ ᠠᠰᠢᠭ ᠬᠤᠨᠵᠢᠪᠤᠷᠢ ᠶᠢᠨ ᠳᠠᠬᠢᠨ ᠢᠶᠠᠷ ᠨᠡᠮᠡᠭᠳᠡᠬᠦ ᠶᠢ | ᠪᠡᠶᠡᠯᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠬᠦᠴᠦᠲᠡᠢ ᠠᠬᠢᠭᠤᠯᠵᠤ᠃ ᠰᠢᠨ᠎ᠡ ᠶᠢ | ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ︽ᠬᠤᠣᠰ ᠳᠠᠬᠢᠨ ᠢᠶᠠᠷ ᠨᠡᠮᠡᠭᠳᠡᠵᠦ᠂ ᠬᠤᠶᠠᠷ ᠢ ᠳᠡᠭᠡᠭᠰᠢᠯᠡᠭᠦᠯᠬᠦ︾ | ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠬᠤ ᠶᠢ ᠴᠢᠩᠭᠠᠳᠬᠠᠵᠤ᠂ | ᠣᠷᠣᠨ ᠤ ᠳᠣᠲᠣᠷᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠤᠯᠤᠰ ᠲᠤ ᠳᠠᠩᠰᠠᠯᠠᠭᠤᠯᠤᠭᠰᠠᠨ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠰᠤᠳᠤᠯᠤᠨ ᠨᠡᠭᠡᠭᠡᠬᠦ | ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠵᠢᠯ ᠤᠨ ᠳᠣᠲᠣᠷ᠎ᠠ 7 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠬᠦ ᠪᠠᠷ ᠴᠢᠷᠮᠠᠶᠢᠨ᠎ᠠ᠃ ᠣᠷᠣᠨ ᠪᠦᠰᠡ᠂ ᠬᠦᠴᠦᠨ ᠵᠦᠢᠯ᠂ ᠲᠣᠭᠲᠠᠴᠠ ᠶᠢᠨ ᠪᠠᠬᠢᠯᠡᠯᠲᠡ ᠶᠢ ᠡᠪᠳᠡᠵᠦ᠂ | ᠰᠢᠨ᠎ᠡ ᠡᠨᠧᠷᠭᠢ᠂ ᠡᠨᠧᠷᠭᠢ ᠬᠠᠳᠠᠭᠠᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠡᠬᠢ ᠪᠠᠶᠠᠯᠢᠭ ᠪᠣᠯᠭᠠᠬᠤ᠂ ᠠᠵᠤ ᠦᠢᠯᠡᠳᠪᠦᠷᠢ ᠶᠢᠨ ᠲᠣᠭᠠᠴᠢᠯᠠᠬᠤ ᠵᠡᠷᠭᠡ ᠬᠠᠮᠢᠶ᠎ᠠ ᠪᠦᠬᠦᠢ ᠬᠦᠷᠢᠶᠡᠨ ᠤ | ᠰᠤᠳᠤᠯᠤᠨ ᠨᠡᠭᠡᠭᠡᠬᠦ ᠪᠠᠶᠢᠭᠤᠯᠤᠮᠵᠢ ︵ᠲᠥᠪ︶᠂ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭᠠᠨ ᠤ | ᠲᠠᠪᠴᠠᠩ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠣᠷᠣᠨ ᠤ ᠳᠣᠲᠣᠷᠠᠬᠢ ᠠᠵᠤ ᠠᠬᠤᠶᠢᠯᠠᠯ ᠤᠳ | ᠥᠪᠡᠷᠲᠡᠭᠡᠨ ᠵᠠᠰᠠᠬᠤ ᠣᠷᠣᠨ ᠤ ︽ᠵᠠᠷᠯᠠᠨ ᠮᠠᠩᠯᠠᠶᠢᠯᠠᠭᠤᠯᠬᠤ︾ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ | ᠵᠦᠢᠯ ᠢ ᠲᠦᠷᠦᠭᠦᠯᠡᠨ ᠮᠡᠳᠡᠭᠦᠯᠬᠦ ᠶᠢ ᠳᠡᠮᠵᠢᠵᠦ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠲᠡᠷᠢᠭᠦᠨ ᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ | ᠵᠣᠬᠢᠶᠠᠨ ᠪᠠᠶᠢᠭᠤᠯᠵᠤ᠂ ᠨᠢᠭᠡ ᠪᠦᠯᠦᠭ ᠵᠠᠩᠭᠢᠯᠠᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠶ | ᠪᠣᠯᠭᠠᠵᠤ᠂ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠤᠯᠠᠷᠢᠭᠤᠯᠬᠤ ᠶᠢ ᠲᠦᠷᠭᠡᠳᠬᠡᠨ᠎ᠡ᠃ ︽ᠰᠢᠨᠵᠢᠯᠡᠬᠦ ᠤᠬᠠᠭᠠᠨ | ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠳᠥᠷᠪᠡᠨ | ᠨᠢᠭᠡ ᠶᠢᠨ ᠥᠭᠡᠷᠡᠴᠢᠯᠡᠯᠲᠡ︾ ᠭᠤᠷᠪᠠᠨ ᠵᠦᠢᠯ ᠤᠨ ᠠᠵᠢᠯ ᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠬᠤ ᠳᠤᠭᠤᠶᠢᠯᠠᠩ ᠪᠠ ᠲᠤᠰᠬᠠᠢ ᠮᠡᠷᠭᠡᠵᠢᠯᠲᠡᠨ ᠤ | ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ | ︽ᠭᠤᠷᠪᠠ ᠶᠢ ᠴᠡᠪᠡᠷᠯᠡᠬᠦ︾ ᠠᠵᠢᠯᠯᠠᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠣᠰᠢᠯᠠᠯᠲᠠ᠂ | ᠰᠢᠨᠵᠢᠯᠡᠬᠦ ᠤᠬᠠᠭᠠᠨ ᠮᠡᠷᠭᠡᠵᠢᠯ ᠤᠨ ᠪᠣᠶᠢᠵᠢᠭᠤᠯᠬᠤ᠂ ᠰᠤᠳᠤᠯᠤᠨ ᠨᠡᠭᠡᠭᠡᠵᠦ ᠴᠤᠭᠯᠠᠭᠤᠯᠬᠤ᠂ ᠨᠡᠮᠡᠨ ᠪᠤᠳᠤᠵᠤ | ᠰᠠᠭᠤᠯᠭᠠᠨ ᠠᠪᠬᠤ ᠵᠡᠷᠭᠡ ᠦᠢᠯᠡᠴᠢᠯᠡᠭᠡ ᠶᠢ ᠥᠷᠨᠢᠭᠦᠯᠦᠨ᠎ᠡ᠃ ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠬᠠᠲᠠᠭᠤ ᠨᠡᠮᠡᠭᠳᠡᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠠᠴᠠ | ᠬᠦᠴᠦᠯᠡᠨ ᠴᠢᠷᠮᠠᠶᠢᠵᠤ᠂ ᠠᠵᠤ ᠠᠬᠤᠶᠢᠯᠠᠯ ᠢ ᠳᠡᠮᠵᠢᠨ ᠬᠥᠲᠥᠯᠥᠨ ᠵᠢᠯᠤᠭᠤᠳᠴᠤ ᠪᠠᠶᠢᠭᠠᠳ ᠰᠢᠨ᠎ᠡ ᠶᠢ ᠡᠭᠦᠳᠬᠦ ᠶᠢ | ᠴᠢᠬᠤᠯᠠᠴᠢᠯᠠᠵᠤ᠂ ᠣᠷᠣᠭᠤᠯᠤᠯᠲᠠ ᠶᠢ ᠨᠡᠮᠡᠭᠳᠡᠭᠦᠯᠦᠨ᠂ ᠦᠯᠡᠳᠡᠭᠡᠯ ᠪᠠ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷᠠᠬᠢ ᠰᠤᠳᠤᠯᠤᠨ ᠨᠡᠭᠡᠭᠡᠬᠦ ᠠᠵᠢᠯᠯᠠᠭ᠎ᠠ ᠶᠢᠨ | ᠡᠵᠡᠯᠡᠬᠦ ᠬᠠᠷᠢᠴᠠᠯ ᠢ ᠲᠣᠰ ᠲᠣᠰ 30% ᠠᠴᠠ ᠳᠡᠭᠡᠭᠰᠢ ᠪᠠ 40% ᠠᠴᠠ ᠳᠡᠭᠡᠭᠰᠢ ᠳᠤ ᠬᠦᠷᠦᠭᠦᠯᠵᠦ᠂ | ᠰᠤᠳᠤᠯᠤᠨ ᠨᠡᠭᠡᠭᠡᠬᠦ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠶᠢ ᠦᠷᠭᠦᠯᠵᠢᠯᠡᠨ | ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠲᠣᠭᠠᠴᠢᠯᠠᠭᠰᠠᠨ ᠠᠵᠤ ᠠᠬᠤᠢ ᠶᠢᠨ ᠡᠨᠧᠷᠭᠢ ᠣᠯᠭᠤᠬᠤ ᠠᠵᠢᠯᠯᠠᠭ᠎ᠠ ᠶᠢ | ᠬᠡᠷᠡᠭᠵᠢᠭᠦᠯᠵᠦ᠂ ᠶᠠᠰᠤ ᠴᠢᠨᠠᠷ ᠢ ᠪᠠᠶᠢᠴᠠᠭᠠᠨ ᠰᠢᠯᠭᠠᠬᠤ ᠵᠡᠷᠭᠡ ᠤᠯᠠᠨ ᠨᠡᠶᠢᠲᠡ ᠶᠢᠨ ᠲᠤᠭ᠎ᠠ ᠪᠠᠷᠢᠮᠲᠠ ᠶᠢ | ᠣᠷᠣᠭᠤᠯᠤᠨ ᠠᠪᠴᠢᠷᠠᠵᠤ᠂ ᠤᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠪᠲᠡᠷᠡᠭᠦᠯᠬᠦ᠂ ᠬᠠᠮᠲᠤᠪᠠᠷ | ᠡᠳ᠋ᠯᠡᠬᠦ᠂ ᠨᠡᠭᠡᠭᠡᠨ ᠬᠥᠭᠵᠢᠭᠦᠯᠬᠦ᠂ ᠠᠰᠢᠭᠯᠠᠬᠤ ᠶᠢ ᠰᠦᠪᠡᠭᠴᠢᠯᠡᠵᠦ᠂ ︽ᠣᠶᠤᠨᠴᠢ ᠬᠢᠨᠠᠯᠲᠠ ᠬᠠᠮᠢᠶᠠᠷᠤᠯᠲᠠ︾ ᠶᠢᠨ | ᠬᠡᠷᠡᠭᠯᠡᠭᠡᠨ ᠤ ᠲᠤᠷᠰᠢᠯᠲᠠ ᠶᠢᠨ ᠴᠡᠭ ᠢ ᠪᠠᠶᠢᠭᠤᠯᠬᠤ ᠶᠢ ᠠᠬᠢᠭᠤᠯᠤᠨ᠎ᠠ᠃ ᠠᠵᠤ ᠦᠢᠯᠡᠰ ᠤᠨ ᠲᠣᠭᠠᠴᠢᠯᠠᠯᠲᠠ᠂ | ᠣᠶᠤᠨᠴᠢᠯᠠᠯᠲᠠ ᠶᠢ ᠠᠬᠢᠭᠤᠯᠵᠤ᠂ ᠮᠢᠩ ᠶᠠᠩ ᠪᠦᠯᠦᠭᠯᠡᠯ ᠤᠨ ᠲᠣᠭᠠᠴᠢᠯᠠᠭᠰᠠᠨ ᠦᠢᠯᠡᠳᠪᠦᠷᠢ ᠶᠢᠨ ᠪᠦᠲᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠦ᠂ ᠪᠣᠬᠢᠷᠲᠤᠯ ᠦᠭᠡᠢ ᠦᠢᠯᠡᠳᠬᠦ ᠵᠢᠱᠢᠶ᠎ᠡ ᠦᠵᠡᠭᠦᠯᠬᠦ ᠦᠢᠯᠡᠳᠦᠯ ᠢ | ᠪᠤᠢ ᠪᠣᠯᠭᠠᠨ᠎ᠠ᠃ ᠳᠣᠬᠢᠭᠤᠷ ᠲᠤᠯᠤᠭᠠᠨ ᠣᠲᠣ ᠥᠨᠳᠥᠷ ᠨᠠᠷᠢᠯᠢᠭ ᠭᠠᠵᠠᠷ ᠤᠨ ᠵᠢᠷᠤᠭ ᠢ ᠨᠡᠭᠡᠭᠡᠨ ᠬᠥᠭᠵᠢᠭᠦᠯᠵᠦ | ᠡᠵᠡᠩᠨᠡᠬᠦ ᠲᠥᠪ᠂ ᠲᠣᠭᠠᠴᠢᠯᠠᠭᠰᠠᠨ ᠠᠵᠢᠯ ᠲᠥᠷᠥᠯ ᠤᠨ ᠪᠣᠯᠪᠠᠰᠤᠷᠠᠭᠤᠯᠤᠯ ᠤᠨ ᠲᠥᠪ᠂ ᠬᠤᠷᠳᠤᠴᠠ ᠪᠠᠨ | ᠲᠦᠷᠭᠡᠳᠬᠡᠭᠦᠷ ᠤᠨ ᠡᠵᠡᠩᠨᠡᠯᠲᠡ ᠶᠢᠨ ᠲᠥᠪ ᠢ ᠪᠠᠶᠢᠭᠤᠯᠤᠨ ᠡᠵᠡᠩᠨᠡᠬᠦ ᠶᠢ ᠠᠬᠢᠭᠤᠯᠵᠤ᠂ ᠵᠢᠯ ᠤᠨ ᠳᠣᠲᠣᠷ᠎ᠠ | ᠳᠣᠬᠢᠭᠤᠷ ᠲᠤᠯᠤᠭᠠᠨ ᠤᠳᠤ ᠥᠨᠳᠥᠷ ᠬᠤᠪᠢᠶᠠᠷᠢ ᠠᠵᠤ ᠦᠢᠯᠡᠰ ᠤᠨ ᠮᠡᠷᠭᠡᠵᠢᠯ ᠤᠨ ᠰᠤᠳᠤᠯᠭᠠᠨ ᠤ ᠭᠠᠵᠠᠷ ᠢ 1 | ᠣᠷᠣᠭᠤᠯᠬᠤ ᠪᠠᠷ ᠴᠢᠷᠮᠠᠶᠢᠨ᠎ᠠ᠃ | ᠠᠷᠭ᠎ᠠ ᠪᠦᠬᠦᠨ ᠢ ᠰᠦᠪᠡᠭᠴᠢᠯᠡᠨ ᠴᠢᠳᠠᠪᠤᠷᠢᠲᠠᠨ ᠢ ᠴᠤᠭᠯᠠᠭᠤᠯᠵᠤ᠃ ︽ᠨᠠᠷᠠᠲᠤ ᠰᠤᠷᠭᠠᠭᠤᠯᠢ ᠶᠢᠨ | ᠴᠢᠳᠠᠪᠤᠷᠢᠲᠠᠨ ᠢ ᠣᠨᠴᠠ ᠡᠯᠰᠡᠬᠦ︾ ᠠᠵᠢᠯᠯᠠᠭ᠎ᠠ ᠶᠢ ᠥᠷᠨᠢᠭᠦᠯᠵᠦ᠂ ︽ᠠᠵᠢᠯ ᠦᠢᠯᠡᠰ ᠤᠨ ᠣᠷᠣᠨ ᠲᠤᠭ᠎ᠠ ᠶᠢ ᠠᠵᠤ | ᠠᠬᠤᠶᠢᠯᠠᠯ ᠳᠤ ᠬᠡᠷᠡᠭᠯᠡᠬᠦ︾ ᠵᠡᠷᠭᠡ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠣᠭᠲᠠᠴᠠ ᠶᠢ ᠰᠠᠶᠢᠲᠤᠷ ᠬᠡᠷᠡᠭᠯᠡᠵᠦ᠂ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠳᠬᠡᠨ᠂ 17 ᠴᠢᠳᠠᠪᠤᠷᠢᠲᠠᠨ ᠤ ᠵᠢᠵᠢᠭ | ᠬᠦᠷᠢᠶ᠎ᠡ ᠶᠢ ᠪᠣᠶ ᠪᠣᠯᠭᠠᠵᠤ᠂ ᠪᠥᠬᠦ ᠵᠢᠯ ᠳᠤ ᠳᠡᠭᠡᠳᠦ ᠲᠠᠰ ᠳᠠᠪᠬᠤᠷᠭ᠎ᠠ ᠶᠢᠨ ᠳᠤᠲᠠᠭᠳᠠᠵᠤ ᠪᠠᠶᠢᠭ᠎ᠠ ᠪᠠᠴᠢᠮ | ᠬᠡᠷᠡᠭᠰᠡᠬᠦ ᠴᠢᠳᠠᠪᠤᠷᠢᠲᠠᠨ ᠪᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ 2500 ᠬᠥᠮᠥᠨ ᠠᠴᠠ ᠳᠡᠭᠡᠭᠰᠢ | ᠬᠥᠮᠥᠵᠢᠭᠦᠯᠬᠦ ᠪᠠᠷ ᠴᠢᠷᠮᠠᠶᠢᠨ᠎ᠠ᠃ ︽ᠰᠢᠭᠤᠶᠢᠲᠤ ᠲᠣᠭᠤᠷᠢᠭ ᠤᠨ ᠴᠢᠳᠠᠪᠤᠷᠢᠲᠠᠨ ᠤᠷᠢᠵᠤ ᠣᠶᠤᠨ ᠤᠬᠠᠭᠠᠨ | ᠣᠷᠣᠭᠤᠯᠬᠤ ᠠᠷᠪᠠᠨ ᠨᠢᠭᠡᠨ ᠵᠦᠢᠯ ᠤᠨ ᠠᠷᠭ᠎ᠠ ᠬᠡᠮᠵᠢᠶ᠎ᠡ︾᠂ ︽ᠰᠢᠭᠤᠶᠢᠲᠤ ᠲᠣᠭᠤᠷᠢᠭ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠵᠡᠷᠭᠡ ᠴᠢᠳᠠᠪᠤᠷᠢᠲᠠᠨ ᠢ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠨ᠂ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠠᠮᠢᠳᠤᠷᠠᠯ ᠤᠨ ᠠᠮᠤᠷ ᠲᠦᠪᠰᠢᠨ᠂ ᠦᠰᠦᠨ | ᠪᠣᠶᠢᠵᠢᠵᠤ ᠬᠥᠭᠵᠢᠬᠦ ᠵᠡᠷᠭᠡ ᠲᠠᠯ᠎ᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠬᠤᠶᠢᠰᠢᠳᠠ ᠶᠢᠨ ᠵᠣᠪᠠᠨᠢᠯ ᠢ | ᠦᠨᠡᠨ ᠪᠣᠳᠠᠲᠠᠢ ᠪᠠᠷ ᠰᠢᠢᠳᠪᠦᠷᠢᠯᠡᠨ᠂ ︽ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ ᠨᠢᠭᠲᠠᠷᠠᠭᠤᠯᠬᠤ᠂ | ᠴᠢᠳᠠᠪᠤᠷᠢᠲᠠᠨ ᠢ ᠪᠦᠲᠦᠭᠡᠬᠦ︾ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠭᠠᠵᠠᠷ ᠣᠷᠣᠨ ᠤ | ᠰᠢᠨ᠎ᠡ ᠶᠢ ᠡᠭᠦᠳᠦᠨ ᠬᠥᠭᠵᠢᠭᠦᠯᠬᠦ ᠬᠥᠷᠥᠰᠥ ᠰᠢᠷᠣᠢ ᠶᠢ ᠵᠤᠵᠠᠳᠬᠠᠭᠠᠨᠠ᠃ | ︵ᠭᠤᠷᠪᠠ︶ ᠴᠢᠨᠠᠷ ᠰᠠᠶᠢᠲᠠᠢ ᠬᠥᠭᠵᠢᠯᠲᠡ ᠶᠢᠨ ᠬᠠᠲᠠᠭᠤ ᠲᠤᠯᠭᠠᠭᠤᠷᠢᠯᠠᠯ ᠤᠨ ᠵᠥᠭᠡᠯᠡᠨ ᠣᠷᠴᠢᠨ | ᠲᠣᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ | ᠪᠦᠬᠦ ᠬᠦᠴᠦᠨ ᠢᠶᠠᠨ ᠰᠢᠪᠬᠠᠨ ᠲᠦᠷᠦᠯ ᠵᠦᠢᠯ ᠢ ᠠᠳᠬᠤᠨ᠎ᠠ᠃ ︽ᠬᠤᠶᠠᠷ ᠰᠢᠨ᠎ᠡ︾ ᠶᠢᠨ | ᠤᠳᠤᠷᠢᠳᠤᠮᠵᠢ ᠶᠢ ᠪᠠᠷᠢᠮᠲᠠᠯᠠᠵᠤ᠂ ︽ᠨᠢᠭᠡ ᠪᠦᠯᠦᠭ ᠢ ᠰᠦᠪᠡᠭᠴᠢᠯᠡᠨ ᠨᠥᠭᠡᠴᠡᠯᠡᠵᠦ᠂ ᠨᠢᠭᠡ ᠪᠦᠯᠦᠭ ᠢ ᠡᠮᠦᠨ᠎ᠡ | ᠬᠤᠭᠤᠴᠠᠭᠠᠨ ᠳᠤ ᠠᠬᠢᠭᠤᠯᠵᠤ᠂ ᠨᠢᠭᠡ ᠪᠦᠯᠦᠭ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠨᠢᠭᠡ ᠪᠦᠯᠦᠭ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ᠂ ᠨᠢᠭᠡ ᠪᠦᠯᠦᠭ ᠢ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ︾ | ᠲᠣᠭᠲᠠᠴᠠ ᠶᠢ ᠪᠦᠷᠢᠨᠰᠢᠭᠦᠯᠵᠦ᠂ ᠪᠦᠬᠦ ᠵᠢᠯ ᠳᠤ 44 ᠴᠢᠬᠤᠯᠠ ᠶᠡᠭᠡ ᠲᠦᠷᠦᠯ ᠵᠦᠢᠯ ᠢ ᠨᠥᠭᠡᠴᠡᠯᠡᠵᠦ᠂ 30 ᠶᠢ | ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 291 ᠳ᠋ᠦᠩᠰᠢᠭᠤᠷ ᠲᠥᠭᠦᠷᠢᠭ ᠲᠤ ᠬᠦᠷᠴᠦ᠂ ᠲᠤᠰ | ᠵᠢᠯ ᠳᠡᠭᠡᠨ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠪᠡ᠃ | ᠭᠤᠣᠯᠳᠠᠯᠭ᠎ᠠ ᠲᠠᠢ ᠲᠥᠷᠥᠯ ᠵᠦᠢᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠣᠭᠲᠠᠴᠠ ᠶᠢ | ᠭᠦᠨᠵᠡᠭᠡᠶᠢᠷᠡᠭᠦᠯᠵᠦ᠂ ︽ᠠᠵᠤ ᠠᠬᠤᠶᠢᠯᠠᠯ ᠤᠨ ᠰᠤᠷᠪᠤᠯᠵᠢᠯᠠᠬᠤ ᠬᠡᠷᠡᠭᠴᠡᠭᠡ ᠱᠠᠭᠠᠷᠳᠠᠯᠭ᠎ᠠ︾ ᠶᠢᠨ ᠠᠵᠢᠯᠯᠠᠭ᠎ᠠ ᠶᠢ | ᠶᠡᠬᠡᠪᠡᠷ ᠥᠷᠨᠢᠭᠦᠯᠦᠨ᠂ ︽ᠨᠢᠭᠡ ᠵᠢᠷᠤᠭ ᠨᠢᠭᠡ ᠳᠡᠪᠲᠡᠷ ᠨᠢᠭᠡ ᠨᠠᠷᠢᠨ ᠲᠠᠩᠰᠠ︾ ᠶᠢᠨ ᠭᠤᠣᠯᠳᠠᠯᠭ᠎ᠠ ᠲᠠᠢ ᠲᠥᠷᠥᠯ | ᠵᠦᠢᠯ ᠤᠨ ᠪᠥᠬᠦ ᠶᠠᠪᠤᠴᠠ ᠶᠢᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠠᠯᠢᠪᠠ ᠪᠠᠲᠤᠯᠠᠭ᠎ᠠ ᠶᠢᠨ ᠠᠵᠢᠯ ᠢ | ᠰᠠᠶᠢᠲᠤᠷ ᠬᠢᠵᠦ᠂ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠵᠦ᠂ ᠵᠢᠯ ᠤᠨ ᠳᠣᠲᠣᠷ᠎ᠠ | ᠪᠠᠷᠢᠯᠭ᠎ᠠ ᠳᠠᠭᠤᠰᠤᠭᠰᠠᠨ ᠲᠥᠷᠥᠯ ᠵᠦᠢᠯ ᠢ 15 ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ | ᠪᠦᠭᠦᠳᠡᠭᠡᠷ ᠢᠶᠠᠨ ᠬᠤᠳᠠᠯᠳᠤᠭᠠᠴᠢᠨ ᠤᠷᠢᠬᠤ ᠶᠢ ᠠᠳᠬᠤᠨ᠎ᠠ᠃ ︽ᠳᠥᠷᠪᠡᠨ ᠵᠦᠢᠯ ᠤᠨ ᠨᠠᠷᠢᠨ ᠲᠠᠩᠰᠠ︾ | ᠶᠢ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠬᠤ ᠭᠤᠷᠪᠠᠨ ᠰᠠᠯᠪᠤᠷᠢ ᠪᠠᠭ᠎ᠠ ᠠᠩᠭᠢ ᠶᠢ ᠰᠠᠶᠢᠲᠤᠷ ᠬᠡᠷᠡᠭᠯᠡᠵᠦ᠂ | ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ᠂ | ᠰᠠᠭᠤᠷᠢ ᠮᠥᠩᠭᠦ ᠶᠢᠨ ᠬᠤᠳᠠᠯᠳᠤᠭᠠᠴᠢᠨ ᠤᠷᠢᠬᠤ ᠵᠡᠷᠭᠡ ᠰᠢᠨ᠎ᠡ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ | ᠵᠢᠯ ᠤᠨ ᠳᠣᠲᠣᠷ᠎ᠠ ᠪᠣᠳᠠᠲᠠᠢ ᠭᠡᠷ᠎ᠡ ᠲᠣᠭᠲᠠᠭᠰᠠᠨ ᠲᠥᠷᠥᠯ ᠵᠦᠢᠯ ᠢ 80 ᠣ ᠠᠴᠠ ᠳᠤᠲᠠᠭᠤ ᠪᠠᠶᠢᠯᠭᠠᠵᠤ ᠪᠣᠯᠬᠤ | ᠦᠭᠡᠢ᠂ ᠰᠠᠭᠤᠷᠢᠰᠢᠭᠤᠯᠬᠤ ᠲᠥᠷᠥᠯ ᠵᠦᠢᠯ ᠢ 60 ᠠᠴᠠ ᠳᠤᠲᠠᠭᠤ ᠪᠠᠶᠢᠯᠭᠠᠵᠤ᠂ ᠤᠯᠤᠰ ᠤᠨ ᠳᠣᠲᠣᠭᠠᠳᠤ | ︵ᠣᠷᠣᠨ ᠤ ᠭᠠᠳᠠᠨᠠᠬᠢ︶ ᠶᠢᠨ ᠪᠡᠯᠡ ᠮᠥᠩᠭᠦ ᠶᠢ 30 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ | ᠠᠪᠴᠢᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 30 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠬᠦ ᠪᠠᠷ ᠴᠢᠷᠮᠠᠶᠢᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠲᠤᠬᠠᠶᠢᠯᠠᠪᠠᠯ ᠠᠵᠤ ᠦᠢᠯᠡᠰ︾ ᠤᠨ | ᠣᠨᠣᠯᠵᠢᠬᠤᠨ ᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠲᠠᠢ | ᠪᠠᠶᠢᠩᠭᠤᠵᠢᠭᠤᠯᠤᠨ ᠵᠣᠯᠭᠠᠭᠤᠯᠵᠤ᠂ ᠵᠢᠷᠦᠬᠡ ᠶᠣᠰᠣᠭᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ | ᠠᠬᠤᠶᠢᠯᠠᠯ ᠤᠨ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠵᠢᠯ ᠤᠨ ᠳᠣᠲᠣᠷ᠎ᠠ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠭᠠᠭᠴᠠ ᠡᠪᠡᠷᠲᠦ ᠠᠷᠢᠶᠠᠲᠠᠨ᠂ ᠪᠥᠬᠦᠩ ᠤᠨ ᠠᠵᠤ ᠠᠬᠤᠶᠢᠯᠠᠯ ᠤᠨ ᠲᠠᠯ᠎ᠠ ᠪᠠᠷ | ᠲᠡᠭ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ | ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠳᠤ | ᠦᠢᠯᠡᠴᠢᠯᠡᠬᠦ ᠶᠢ ᠲᠤᠬᠠᠶᠢᠯᠠᠭᠰᠠᠨ ᠠᠵᠢᠯ ᠢᠶᠠᠨ ᠪᠣᠯᠭᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠴᠢᠩ ᠦᠨᠡᠨᠴᠢ | ᠪᠠ ᠬᠠᠯᠠᠭᠤᠨ ᠰᠡᠳᠬᠢᠯᠭᠡ ᠪᠠᠷ ᠠᠵᠤ ᠠᠬᠤᠶᠢᠯᠠᠯᠲᠠᠨ ᠢ ᠬᠥᠳᠡᠯᠭᠡᠵᠦ᠂ ᠠᠵᠤ ᠠᠬᠤᠶᠢᠯᠠᠯ ᠠᠵᠢᠯ ᠦᠢᠯᠡᠰ ᠲᠤ | ᠦᠢᠯᠡᠴᠢᠯᠡᠬᠦ ᠳᠤᠮᠳᠠ ᠰᠢᠨ᠎ᠡ ᠲᠦᠷᠦᠯ ᠵᠦᠢᠯ ᠢ ᠪᠤᠢ ᠪᠣᠯᠭᠠᠵᠤ᠂ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠭᠠᠯ | ᠤᠨᠲᠠᠷᠠᠭᠠᠬᠤ ᠠᠮᠤᠷ ᠲᠦᠪᠰᠢᠨ ᠢ ᠰᠢᠯᠭᠠᠨ ᠠᠪᠬᠤ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠭᠦᠢᠴᠡᠳᠬᠡᠬᠦ | ᠦᠯᠡᠳᠡᠭᠳᠡᠯ ᠠᠰᠠᠭᠤᠳᠠᠯ ᠢ ︽ᠬᠤᠶᠠᠷ ᠢ ᠲᠡᠭ ᠪᠣᠯᠭᠠᠬᠤ︾ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ | ᠬᠥᠭᠵᠢᠯᠲᠡ ᠶᠢ ᠨᠥᠯᠥᠭᠡᠯᠡᠬᠦ ︽ᠬᠠᠷᠰᠢ ᠰᠠᠭᠠᠳ︾ ᠢ ᠬᠦᠴᠦᠯᠡᠨ ᠠᠷᠢᠯᠭᠠᠨ᠎ᠠ᠃ ᠬᠠᠤᠯᠢ ᠲᠣᠭᠲᠠᠭᠠᠯ ᠶᠣᠰᠣᠭᠠᠷ᠂ | ᠦᠨᠡᠨ ᠠᠴᠠ ᠵᠥᠪ ᠢ ᠡᠷᠢᠵᠦ ᠠᠵᠤ ᠠᠬᠤᠶᠢᠯᠠᠯ ᠳᠤ ᠬᠤᠯᠪᠣᠭᠳᠠᠭᠰᠠᠨ ᠲᠡᠦᠬᠡ ᠶᠢᠨ ᠦᠯᠡᠳᠡᠭᠳᠡᠯ ᠠᠰᠠᠭᠤᠳᠠᠯ ᠢ | ᠢᠳᠡᠪᠬᠢᠲᠡᠢ ᠰᠢᠢᠳᠪᠦᠷᠢᠯᠡᠬᠦ ᠶᠢ ᠪᠠᠷᠢᠮᠲᠠᠯᠠᠵᠤ᠂ ︽ᠨᠢᠭᠡ ᠠᠮᠠᠯᠠᠯᠲᠠ ᠮᠢᠩᠭᠠᠨ ᠮᠥᠩᠭᠦ︾ ᠶᠢᠨ ᠦᠨᠡᠨᠴᠢ ᠢᠲᠡᠭᠡᠮᠵᠢᠲᠡᠢ | ᠵᠠᠰᠠᠭ ᠤᠨ ᠣᠷᠳᠣᠨ ᠤ ᠲᠦᠷᠦᠯ ᠲᠡᠮᠳᠡᠭ ᠢ ᠬᠦᠴᠦᠯᠡᠨ ᠡᠭᠦᠳᠴᠦ᠂ ︽ᠬᠡᠯᠡᠪᠡᠯ ᠪᠡᠶᠡᠯᠡᠭᠦᠯᠬᠦ︾ ᠰᠠᠶᠢᠨ ᠰᠠᠶᠢᠬᠠᠨ | ᠵᠠᠰᠠᠭ ᠤᠨ ᠣᠷᠳᠣᠨ ᠤ ᠳᠦᠷᠢ ᠲᠥᠷᠬᠦ ᠶᠢ ᠪᠤᠢ ᠪᠣᠯᠭᠠᠵᠤ᠂ ᠰᠢᠭᠤᠶᠢᠲᠤ ᠲᠣᠭᠤᠷᠢᠭ ᠢ ᠦᠨᠡᠨ ᠬᠦ ᠪᠡᠯᠡ | ᠣᠷᠣᠭᠤᠯᠤᠯᠲᠠ ᠶᠢᠨ ᠬᠠᠯᠠᠭᠤᠨ ᠬᠥᠷᠥᠰᠥ᠂ ᠦᠢᠯᠡᠰ ᠪᠣᠰᠬᠠᠬᠤ ᠥᠨᠳᠦᠷᠯᠢᠭ ᠪᠣᠯᠭᠠᠬᠤ ᠬᠡᠷᠡᠭᠲᠡᠢ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠭᠤᠷᠪᠠᠨ ᠵᠢᠯ ᠤᠨ | ᠠᠵᠢᠯᠯᠠᠭ᠎ᠠ ᠶᠢ ᠥᠷᠨᠢᠭᠦᠯᠵᠦ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠷᠡᠴᠢᠯᠡᠭᠰᠡᠨ ᠲᠣᠭᠠᠨ ᠤ ᠦᠢᠯᠡᠳᠦᠯ ᠢ | ᠭᠦᠢᠴᠡᠳ ᠪᠠᠳᠠᠷᠠᠭᠤᠯᠵᠤ᠂ ︽ᠭᠤᠷᠪᠠᠨ ᠨᠠᠷᠢᠨ ᠲᠠᠩᠰᠠ︾ ᠶᠢᠨ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠴᠤᠭᠯᠠᠭᠤᠯᠤᠨ ᠵᠠᠰᠠᠵᠤ᠂ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽12345︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠭᠦᠢᠴᠡᠳᠬᠡᠬᠦ ᠶᠢ ᠰᠢᠯᠢᠳᠡᠭᠵᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠬᠡᠷᠡᠯᠳᠦᠬᠦᠯᠪᠡ᠃ | ︵ᠳᠥᠷᠪᠡ︶ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠬᠤᠲᠠ ᠶᠢᠨ ᠡᠨᠧᠷᠭᠢ ᠶᠢᠨ ᠳᠡᠰ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ | ᠳᠡᠭᠡᠭᠰᠢᠯᠡᠯᠲᠡ ᠲᠠᠢ ᠪᠣᠯᠭᠠᠨ᠎ᠠ | ᠰᠢᠰᠲ᠋ᠧᠮᠲᠦ ᠲᠥᠯᠦᠪᠵᠢᠭᠦᠯᠭᠡ ᠪᠠᠷ ᠬᠥᠭᠵᠢᠯᠲᠡ ᠶᠢᠨ ᠳᠠᠯᠳᠠ ᠬᠦᠴᠦᠨ ᠢ ᠢᠳᠡᠪᠬᠢᠵᠢᠭᠦᠯᠦᠨ᠎ᠡ᠃ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ᠂ ᠠᠵᠤ ᠦᠢᠯᠡᠰ ᠤᠨ ᠬᠥᠭᠵᠢᠯᠲᠡ ᠵᠡᠷᠭᠡ ᠲᠥᠯᠦᠪᠵᠢᠭᠦᠯᠭᠡ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠪᠦᠬᠦ ᠣᠷᠣᠨ ᠪᠦᠰᠡ ᠶᠢ ᠬᠠᠮᠤᠷᠤᠭᠰᠠᠨ᠂ ᠲᠡᠰ ᠬᠤᠪᠢᠶᠠᠨ ᠬᠠᠮᠢᠶᠠᠷᠤᠭᠰᠠᠨ᠂ | ᠤᠯᠠᠨ ᠲᠥᠯᠦᠪᠵᠢᠭᠦᠯᠭᠡ ᠶᠢ ᠨᠢᠭᠡᠳᠬᠡᠭᠰᠡᠨ ᠲᠥᠯᠦᠪᠵᠢᠭᠦᠯᠭᠡ ᠶᠢᠨ ᠰᠢᠰᠲ᠋ᠧᠮ ᠢ ᠪᠠᠶᠢᠭᠤᠯᠤᠨ᠎ᠠ᠃ ᠪᠥᠬᠦ ᠣᠷᠣᠨ ᠤ | ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ | ᠠᠬᠢᠭᠤᠯᠵᠤ᠂ 4690 ᠲᠦᠮᠡᠨ ᠲᠥᠭᠦᠷᠢᠭ ᠤᠨ ᠪᠡᠯᠡ ᠣᠷᠣᠭᠤᠯᠵᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠢᠵᠢ | ᠪᠦᠷᠢᠳᠦᠭᠦᠯᠬᠦ ᠵᠠᠮ ᠵᠡᠷᠭᠡ 4 ᠵᠠᠮ ᠤᠨ ᠲᠣᠣᠷ ᠤᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠵᠠᠮ | ᠨᠡᠪᠲᠡᠷᠡᠯᠭᠡ ᠶᠢᠨ ᠴᠢᠨᠠᠷ ᠪᠠ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠬᠦ ᠴᠢᠨᠠᠷ ᠢ ᠳᠡᠭᠡᠭᠰᠢᠯᠡᠭᠦᠯᠦᠨ᠎ᠡ᠃ | ᠪᠥᠬᠦ ᠬᠤᠲᠠ ᠳᠤ ᠠᠮᠢᠳᠤᠯᠢᠭ ᠢᠶᠠᠷ ᠠᠵᠢᠯ ᠣᠯᠣᠭᠰᠠᠳ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ | ᠲᠤᠰᠢᠶᠠᠬᠤ ᠲᠤᠷᠰᠢᠯᠲᠠ ᠶᠢᠨ ᠴᠡᠭ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠭᠡᠷ ᠪᠠᠶᠢᠰᠢᠩ ᠭᠠᠵᠠᠷ | ᠬᠥᠷᠥᠩᠭᠡ ᠶᠢᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠪᠠᠶᠠᠰᠬᠤᠯᠠᠩᠲᠤ ᠰᠢᠨ᠎ᠡ | ᠲᠣᠭᠤᠷᠢᠭ ᠤᠨ ︽ᠬᠤᠲᠠ ᠶᠢᠨ ᠵᠠᠰᠠᠭ ᠤᠨ ᠣᠷᠳᠣᠨ ᠠᠴᠠ ᠣᠶᠢᠷ᠎ᠠ ᠳᠤ ᠭᠡᠷ ᠤᠨ ᠦᠨ᠎ᠡ ᠬᠠᠮᠤᠭ ᠤᠨ ᠳᠣᠣᠷ᠎ᠠ | ᠪᠠᠶᠢᠬᠤ︾ ᠨᠠᠷᠠᠲᠤ ᠲᠡᠮᠳᠡᠭᠲᠦ ᠶᠢ ᠬᠡᠷᠡᠭᠵᠢᠭᠦᠯᠵᠦ᠂ ᠬᠠᠷᠠᠯᠲᠠ ᠬᠥᠮᠥᠰ ᠤᠨ ᠪᠣᠷᠤᠯᠠᠭᠤᠯᠭ᠎ᠠ ᠶᠢᠨ ᠬᠡᠮᠵᠢᠶ᠎ᠡ ᠶᠢ ᠣᠨᠢᠯᠠᠨ | ᠳᠡᠭᠡᠭᠰᠢᠯᠡᠭᠦᠯᠵᠦ᠂ ᠬᠥᠮᠥᠰ ᠤᠨ ᠬᠦᠷᠢᠶᠡᠯᠡᠯ ᠢ ᠲᠦᠷᠭᠡᠨ ᠲᠥᠪᠯᠡᠷᠡᠭᠦᠯᠦᠨ᠎ᠡ᠃ | ᠬᠤᠳᠠ ᠶᠢᠨ ᠰᠢᠨᠡᠴᠢᠯᠡᠯᠲᠡ ᠪᠠᠷ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ 2.6 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ ᠰᠢᠭᠤᠶᠢᠲᠤ ᠰᠢᠨ᠎ᠡ ᠲᠣᠭᠤᠷᠢᠭ ᠤᠨ ᠤᠰᠤᠲᠤᠯ ᠢ ᠵᠠᠯᠠᠬᠤ ᠵᠠᠮ ᠢ | ᠳᠡᠭᠡᠭᠰᠢᠯᠡᠭᠦᠯᠦᠨ ᠥᠭᠡᠷᠡᠴᠢᠯᠡᠬᠦ ᠵᠡᠷᠭᠡ 4 ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ | ᠬᠤᠭᠤᠯᠠᠢ ᠲᠣᠣᠷ ᠢ ᠥᠭᠡᠷᠡᠴᠢᠯᠡᠵᠦ ᠲᠠᠰ ᠳᠡᠪᠰᠢᠭᠦᠯᠬᠦ ᠶᠢ ᠠᠬᠢᠭᠤᠯᠪᠠ᠃ ︽ᠳᠤᠯᠠᠭᠠᠨ ᠳᠤᠯᠠᠭᠠᠯᠠᠭ᠎ᠠ ᠶᠢᠨ | ᠢᠨᠵᠧᠨᠧᠷᠢᠩ︾ ᠢ ᠭᠦᠨᠵᠡᠭᠡᠢ ᠨᠠᠶᠢᠳᠠᠪᠤᠷᠢᠵᠢᠭᠤᠯᠵᠤ᠂ 1000 ᠲᠦᠮᠡᠨ ᠲᠥᠭᠦᠷᠢᠭ ᠤᠨ ᠪᠡᠯᠡ ᠣᠷᠣᠭᠤᠯᠵᠤ ᠢᠯᠴᠢ | ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠡᠷᠲᠡ | ᠴᠢᠯᠦᠭᠡᠯᠡᠭᠳᠡᠭᠰᠡᠨ ᠣᠷᠣᠨ ᠤ ᠢᠯᠴᠢ ᠬᠠᠩᠭᠠᠬᠤ ᠶᠠᠰᠤ ᠴᠢᠨᠠᠷ ᠢ ᠰᠢᠯᠢᠳᠡᠭᠵᠢᠭᠦᠯᠦᠨ᠂ ᠣᠯᠠᠨ ᠲᠦᠮᠡᠨ ᠤ ᠳᠤᠯᠠᠭᠠᠨ | ᠪᠦᠯᠢᠶᠡᠨ ᠡᠪᠦᠯᠵᠢᠬᠦ ᠶᠢ ᠪᠠᠲᠤᠯᠠᠨ᠎ᠠ᠃ 313 ᠲᠦᠮᠡᠨ ᠲᠥᠭᠦᠷᠢᠭ ᠤᠨ ᠪᠡᠯᠡ ᠣᠷᠣᠭᠤᠯᠵᠤ ᠱᠧᠨ ᠪᠦᠦ ᠭᠡᠷ | ᠣᠷᠣᠨ ᠤ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠵᠠᠰᠠᠵᠤ ᠴᠢᠮᠡᠭᠯᠡᠬᠦ ᠢᠨᠵᠧᠨᠧᠷᠢᠩ᠂ ᠲᠤᠤ ᠶᠤᠸᠠᠨ | ᠰᠢᠨ᠎ᠡ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠣᠷᠣᠨ ᠰᠠᠭᠤᠴᠠ ᠶᠢᠨ | ᠪᠠᠲᠤᠯᠠᠭ᠎ᠠ ᠶᠢᠨ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ 353 ᠲᠦᠮᠡᠨ ᠲᠥᠭᠦᠷᠢᠭ ᠤᠨ | ᠪᠡᠯᠡ ᠣᠷᠣᠭᠤᠯᠵᠤ ᠲᠣᠨᠤᠭ ᠲᠥᠬᠦᠭᠡᠷᠦᠮᠵᠢ ᠶᠢᠨ ᠦᠢᠯᠡᠳᠪᠦᠷᠢ ᠶᠢᠨ ᠭᠡᠷ ᠪᠦᠯᠢ ᠶᠢᠨ ᠠᠰᠠᠷ ᠢ ᠥᠭᠡᠷᠡᠴᠢᠯᠡᠬᠦ ᠵᠡᠷᠭᠡ | 3 ᠲᠥᠷᠥᠯ ᠵᠦᠢᠯ ᠢ ᠬᠡᠷᠡᠭᠵᠢᠭᠦᠯᠵᠦ᠂ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠪᠠ᠃ ︽ᠠᠳᠠᠯ ᠠᠬᠤᠢ ᠶᠢᠨ ᠦᠢᠯᠡᠴᠢᠯᠡᠭᠡᠨ ᠤ ᠳᠤᠭᠤᠶᠢᠯᠠᠩ ᠲᠣᠮᠢᠯᠠᠬᠤ︾ ᠪᠠ | ︽ᠬᠤᠪᠢᠰᠬᠠᠯᠲᠤ ᠠᠳᠠᠯ ᠠᠬᠤᠢ︾ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠤᠨ᠎ᠠ᠃ | ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠣᠭᠴᠠᠵᠢᠭᠤᠯᠤᠨ ᠬᠠᠮᠢᠶᠠᠷᠬᠤ | ᠲᠣᠭᠲᠠᠴᠠ ᠶᠢ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ | ᠡᠮᠬᠢ ᠵᠢᠷᠤᠮ ᠲᠠᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠴᠤ ᠠᠰᠢᠭᠯᠠᠬᠤ ᠨᠣᠷᠮ᠎ᠠ ᠶᠢ | 35% ᠠᠴᠠ ᠳᠡᠭᠡᠭᠰᠢ ᠪᠡᠶᠡᠯᠡᠭᠦᠯᠦᠨ᠎ᠡ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ | ᠬᠡᠷᠡᠭᠵᠢᠭᠦᠯᠵᠦ᠂ ︽ᠪᠤᠭᠤ ᠶᠢᠨ ᠬᠤᠲᠠ ᠶᠢᠨ ᠲᠣᠭᠠᠴᠢᠯᠠᠭᠰᠠᠨ ᠣᠶᠤᠨᠴᠢ ᠬᠠᠮᠢᠶᠠᠷᠤᠭᠴᠢ︾ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠬᠠᠮᠢᠶᠠᠷᠤᠯᠲᠠ ᠶᠢᠨ ᠳᠤᠮᠳᠠ ᠢᠯᠡᠷᠡᠭᠰᠡᠨ ᠡᠪᠡᠷᠰᠢᠶᠡᠯ᠂ ᠬᠦᠴᠢᠷ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ︽ᠮᠢᠩᠭᠠᠨ ᠲᠦᠮᠡᠨ ᠢᠨᠵᠧᠨᠧᠷᠢᠩ︾ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠳᠠᠶᠢᠴᠢᠯᠠᠪᠠ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ | ᠬᠠᠮᠠᠭᠠᠯᠠᠯᠲᠠ ᠶᠢ ᠰᠠᠶᠢᠲᠤᠷ ᠠᠳᠬᠤᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ | ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠬᠤᠸᠠ ᠰᠢ ᠶᠢᠨ | ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠦᠲᠦᠭᠡᠨ | ᠪᠠᠶᠢᠭᠤᠯᠤᠯᠲᠠ ᠪᠠᠷ ᠬᠥᠲᠥᠯᠥᠮᠵᠢ ᠪᠣᠯᠭᠠᠵᠤ᠂ ᠵᠢᠯ ᠳᠤ 5000 ᠲᠦᠮᠡᠨ ᠰᠠᠭᠤᠷᠢ ᠪᠡᠯᠡᠳᠭᠡᠮᠵᠢᠳᠤ ᠢᠳᠡᠰᠢᠨ | ᠨᠣᠭᠤᠭ᠎ᠠ ᠨᠣᠭᠤᠭ᠎ᠠ ᠵᠢᠮᠢᠰ ᠢ ᠡᠷᠴᠢᠮᠵᠢᠭᠦᠯᠦᠨ ᠴᠢᠬᠢ ᠪᠣᠶᠢᠵᠢᠭᠤᠯᠬᠤ ᠲᠥᠪ ᠢ ᠠᠰᠢᠭᠯᠠᠯᠲᠠ ᠳᠤ ᠣᠷᠣᠭᠤᠯᠤᠨ | ᠦᠷ᠎ᠡ ᠪᠦᠲᠦᠮᠵᠢ ᠣᠯᠬᠤ ᠶᠢ ᠠᠬᠢᠭᠤᠯᠵᠤ᠂ ᠬᠤᠸᠠ ᠪᠥᠵᠢᠭ ᠬᠥᠮᠥᠨ ᠤ ᠬᠤᠭᠤᠷᠣᠨᠳᠣᠬᠢ ᠲᠠᠷᠢᠶᠠᠯᠠᠩ ᠤᠨ ᠠᠮᠢ | ᠠᠬᠤᠢ ᠶᠢᠨ ᠬᠦᠷᠢᠶᠡᠯᠡᠩ ᠤᠨ ᠲᠠᠰ ᠳᠡᠪᠰᠢᠬᠦ ᠶᠢ ᠲᠦᠷᠭᠡᠳᠬᠡᠨ᠂ ᠰᠡᠯᠡᠭᠦᠴᠡᠨ ᠲᠣᠭᠤᠷᠢᠬᠤ᠂ ᠵᠢᠮᠢᠰ ᠨᠣᠭᠤᠭ᠎ᠠ ᠲᠡᠭᠦᠬᠦ | ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠭᠤᠤ ᠵᠢᠯᠠᠭ᠎ᠠ ᠶᠢᠨ ᠲᠠᠷᠢᠶᠠᠯᠠᠩ ᠤᠨ | ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ ᠣᠳᠣ ᠦᠶ᠎ᠡ ᠶᠢᠨ ᠲᠡᠵᠢᠭᠡᠨ | ᠦᠷᠡᠵᠢᠭᠦᠯᠬᠦ ᠦᠢᠯᠡᠰ ᠢ ᠶᠡᠬᠡᠪᠡᠷ ᠬᠥᠭᠵᠢᠭᠦᠯᠵᠦ᠂ ᠳ᠋ᠧ ᠺᠠᠩ᠂ ᠪᠠ ᠴᠢᠦᠢ ᠵᠡᠷᠭᠡ ᠲᠣᠯᠣᠭᠠᠶᠢᠯᠠᠭᠴᠢ ᠠᠵᠤ | ᠠᠬᠤᠶᠢᠯᠠᠯ ᠳᠤ ᠲᠦᠰᠢᠭᠯᠡᠨ᠂ ︽ᠳᠠᠭᠠᠭᠤᠯᠤᠭᠴᠢ ᠰᠠᠭᠤᠷᠢᠨ ᠭᠠᠵᠠᠷ ᠤᠨ ᠮᠠᠯᠵᠢᠬᠤ ᠲᠠᠷᠢᠶᠠᠯᠠᠬᠤ ᠡᠷᠦᠬᠡ︾ ᠶᠢᠨ ᠰᠢᠨ᠎ᠡ | ᠵᠠᠭᠪᠤᠷ ᠢ ᠳᠡᠯᠭᠡᠷᠡᠭᠦᠯᠵᠦ᠂ ᠲᠡᠵᠢᠭᠡᠯ ᠪᠣᠷᠳᠤᠭ᠎ᠠ ᠡᠳ᠋ᠰᠢᠭᠦᠯᠬᠦ᠂ ᠭᠠᠭ᠋ᠠᠢ ᠨᠢᠲᠤᠯᠬᠤ᠂ ᠢᠳᠡᠭᠡᠨ ᠡᠳ᠋ᠰᠢᠭᠦᠯᠬᠦ ᠵᠡᠷᠭᠡ | ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠢ ᠬᠥᠭᠵᠢᠭᠦᠯᠵᠦ᠂ ᠲᠢᠶᠠᠨ ᠺᠠᠩ ᠲᠡᠵᠢᠭᠡᠯ ᠪᠣᠷᠳᠤᠭ᠎ᠠ᠂ | ᠪᠣᠭᠳᠠ ᠶᠢᠨ ᠲᠥᠪ ᠲᠣᠭᠤᠭᠠᠨ ᠭᠡᠷ᠂ ᠣᠶᠤᠨᠴᠢ ᠲᠠᠷᠢᠮᠠᠯ ᠤᠨ ᠦᠢᠯᠡᠳᠪᠦᠷᠢ ᠵᠢᠴᠢ ᠰᠤᠳᠤᠯᠤᠨ ᠨᠡᠭᠡᠭᠡᠬᠦ ᠶᠡᠷᠦᠩᠬᠡᠢ | ᠬᠡᠯᠲᠡᠰ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢᠨ | ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ ᠪᠡᠳᠬᠡᠷ ᠵᠣᠣ ᠡᠷᠳᠡᠨᠢ ᠰᠢᠰᠢ᠂ ᠵᠢᠢ ᠬᠥᠯᠥᠨ ᠪᠤᠶᠢᠷ ᠤᠨ ᠦᠬᠡᠷ ᠤᠨ | ᠮᠢᠬ᠎ᠠ ᠶᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ | ᠵᠢᠭᠰᠠᠭᠠᠯᠲᠠ ᠳᠤ ᠣᠷᠣᠭᠤᠯᠬᠤ ᠶᠢ ᠠᠬᠢᠭᠤᠯᠵᠤ᠂ ︽ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠰᠢᠯᠢᠳᠡᠭ᠂ ᠪᠠᠭ᠎ᠠ | ᠮᠥᠷᠲᠡᠭᠡᠨ ᠬᠦᠴᠦᠷᠬᠡᠭ︾ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢ ᠪᠣᠶ | ᠪᠣᠯᠭᠠᠨ᠎ᠠ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ 17 ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢ ᠴᠥᠮ 100 ᠲᠦᠮᠡᠨ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ᠂ | ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠡᠷᠡᠰ ᠰᠠᠶᠢᠲᠤᠷ ᠰᠠᠬᠢᠬᠤ ᠬᠡᠷᠡᠭᠲᠡᠢ᠃ | ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ᠂ | ᠠᠮᠢᠳᠤᠷᠠᠯ ᠤᠨ ᠪᠣᠬᠢᠷ ᠤᠰᠤ ᠶᠢ ᠵᠠᠰᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠬᠡᠪ | ᠵᠠᠩᠰᠢᠯ ᠢ ᠥᠭᠡᠷᠡᠴᠢᠯᠡᠬᠦ ᠶᠢ ᠭᠦᠨᠵᠡᠭᠡᠶᠢᠷᠡᠭᠦᠯᠦᠨ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠭᠢᠯᠡᠬᠦ ᠳᠤ | ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ 1 ᠵᠢᠱᠢᠶ᠎ᠡ ᠦᠵᠡᠭᠦᠯᠬᠦ | ᠲᠣᠰᠬᠤᠨ ᠢ ᠴᠢᠷᠮᠠᠶᠢᠨ ᠡᠭᠦᠳᠴᠦ᠂︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ 3 ᠵᠢᠱᠢᠶ᠎ᠡ | ᠦᠵᠡᠭᠦᠯᠬᠦ ᠲᠣᠰᠬᠤᠨ ᠪᠠᠯᠭᠠᠰᠤ᠂ 5 ᠬᠤᠲᠠ ᠶᠢᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠱᠢᠶ᠎ᠡ ᠦᠵᠡᠭᠦᠯᠬᠦ ᠲᠣᠰᠬᠤᠨ ᠢ ᠴᠢᠷᠮᠠᠶᠢᠨ ᠪᠠᠶᠢᠭᠤᠯᠤᠨ᠎ᠠ᠃ | ︵ᠲᠠᠪᠤ︶ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ | ᠬᠤᠪᠢᠷᠠᠭᠤᠯᠬᠤ ᠶᠢ ᠪᠦᠬᠦ ᠬᠦᠴᠦᠨ ᠢᠶᠠᠷ ᠭᠦᠨᠵᠡᠭᠡᠶᠢᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠬᠤ ᠲᠠᠯ᠎ᠠ ᠪᠠᠷ ᠰᠢᠨ᠎ᠡ ᠲᠠᠪᠰᠢᠯᠳᠠ ᠶᠢ ᠪᠡᠶᠡᠯᠡᠭᠦᠯᠦᠨ᠎ᠡ | ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠶᠢ ᠭᠦᠨᠵᠡᠭᠡᠢ ᠠᠬᠢᠭᠤᠯᠤᠨ᠎ᠠ᠃ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ | ᠦᠯᠡᠳᠡᠭᠰᠡᠨ 6 ᠠᠰᠠᠭᠤᠳᠠᠯ ᠢ ᠪᠦᠬᠦᠨ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ | ᠬᠡᠷᠡᠭᠲᠡᠢ᠃ ᠠᠭᠠᠷ ᠮᠠᠨᠳᠠᠯ ᠤᠨ ᠶᠠᠰᠤ ᠴᠢᠨᠠᠷ ᠢ ᠰᠠᠶᠢᠵᠢᠷᠠᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠤᠷᠲᠤᠷᠢᠭ ᠤᠨ ᠡᠨᠧᠷᠭᠢ ᠬᠠᠭᠤᠷᠠᠢ ᠪᠠᠷ ᠬᠡᠦᠷᠰᠢᠭᠦᠯᠬᠦ ᠮᠡᠷᠭᠡᠵᠢᠯ ᠤᠨ ᠥᠭᠡᠷᠡᠴᠢᠯᠡᠯᠲᠡ᠂ ᠶᠠ ᠰᠢᠨ ᠯᠦᠩ ᠱᠦᠨ | ᠪᠦᠬᠦᠯᠢ ᠦᠢᠯᠡᠳᠪᠦᠷᠢ ᠶᠢᠨ ᠬᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢᠨ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠠᠬᠢᠭᠤᠯᠵᠤ᠂ ︽ᠭᠤᠷᠪᠠ ᠶᠢ ᠰᠢᠲᠠᠭᠠᠵᠤ ᠭᠤᠷᠪᠠᠨ ᠲᠣᠭᠤᠰᠣ︾ ᠶᠢ ᠬᠠᠮᠢᠶᠠᠷᠤᠨ ᠡᠵᠡᠮᠳᠡᠬᠦ ᠶᠢ | ᠦᠷᠭᠦᠯᠵᠢᠯᠡᠨ ᠴᠢᠩᠭᠠᠳᠬᠠᠵᠤ᠂ ᠠᠵᠢᠯ ᠤᠨ ᠭᠠᠵᠠᠷ᠂ ᠵᠠᠮ ᠤᠨ ᠲᠣᠭᠤᠰᠣ ᠳᠡᠭᠳᠡᠬᠦ ᠪᠠ ᠡᠰᠢ ᠰᠦᠷᠡᠯ ᠰᠢᠲᠠᠭᠠᠬᠤ | ᠵᠡᠷᠭᠡ ᠪᠣᠬᠢᠷᠲᠤᠯ ᠢ ᠴᠢᠩᠭ᠎ᠠ ᠬᠠᠮᠢᠶᠠᠷᠤᠨ ᠡᠵᠡᠮᠳᠡᠵᠦ᠂ ᠪᠥᠬᠦ ᠵᠢᠯ ᠤᠨ ᠠᠭᠠᠷ ᠤᠨ ᠶᠠᠰᠤ ᠴᠢᠨᠠᠷ ᠤᠨ ᠦᠷᠭᠦᠯᠵᠢᠯᠡᠨ | ᠰᠠᠶᠢᠵᠢᠷᠠᠬᠤ ᠶᠢ ᠦᠨᠡᠨᠬᠦ ᠪᠠᠲᠤᠯᠠᠨ᠎ᠠ᠃ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ︽ᠳᠥᠷᠪᠡᠨ ᠰᠠᠮᠠᠭᠤᠨ ᠢ ᠴᠡᠪᠡᠷᠯᠡᠬᠦ︾ ᠶᠢ ᠦᠷᠭᠦᠯᠵᠢᠯᠡᠨ ᠥᠷᠨᠢᠭᠦᠯᠵᠦ᠂ 2730 ᠲᠦᠮᠡᠨ | ᠲᠥᠭᠦᠷᠢᠭ ᠤᠨ ᠪᠡᠯᠡ ᠣᠷᠣᠭᠤᠯᠵᠤ ᠦ᠋ ᠳ᠋ᠠᠩ ᠭᠧᠦ ᠶᠢᠨ ᠳᠤᠮᠳᠠ ᠪᠠᠭ᠎ᠠ ᠭᠤᠣᠯ ᠮᠥᠷᠡᠨ ᠢ ᠵᠠᠰᠠᠬᠤ ᠢᠨᠵᠧᠨᠧᠷᠢᠩ ᠢ | ᠬᠡᠷᠡᠭᠵᠢᠭᠦᠯᠵᠦ᠂ ᠵᠢᠬᠤᠯᠤᠨᠲᠤ ᠰᠤᠮᠤ᠂ ᠪᠡᠳᠬᠡᠷ ᠵᠣᠣ ᠪᠠᠯᠭᠠᠰᠤᠨ ᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠣᠷᠣᠨ ᠤ | ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠰᠢᠯᠢᠳᠡᠭ ᠪᠠᠶᠢᠬᠤ ᠶᠢ ᠪᠠᠲᠤᠯᠠᠨ᠎ᠠ᠃ ᠬᠥᠷᠥᠰᠥ ᠰᠢᠷᠣᠢ ᠶᠢᠨ ᠶᠠᠰᠤ | ᠴᠢᠨᠠᠷ ᠢ ᠰᠠᠶᠢᠵᠢᠷᠠᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ︽ᠬᠠᠶᠠᠭᠳᠠᠮᠠᠯ ᠪᠣᠳᠠᠰ ᠦᠭᠡᠢ ᠬᠤᠲᠠ︾ | ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ | ᠰᠦᠯᠢᠶᠥᠦ ᠪᠦᠷᠬᠦᠪᠴᠢ ᠶᠢ 5000 ᠮᠦ ᠠᠴᠠ ᠳᠡᠭᠡᠭᠰᠢ ᠳᠡᠯᠭᠡᠷᠡᠭᠦᠯᠵᠦ᠂ ᠠᠵᠤ ᠦᠢᠯᠡᠳᠪᠦᠷᠢ ᠶᠢᠨ ᠭᠠᠵᠠᠷ ᠤᠨ | ᠬᠥᠷᠥᠰᠥ ᠰᠢᠷᠣᠢ ᠶᠢᠨ ᠪᠣᠬᠢᠷᠲᠤᠯ ᠢ ᠪᠠᠶᠢᠴᠠᠭᠠᠨ ᠵᠠᠰᠠᠬᠤ ᠪᠠ ᠢᠯᠡ ᠭᠠᠷᠤᠭᠰᠠᠨ ᠠᠭᠤᠯᠠᠨ ᠴᠣᠭᠴᠠ ᠶᠢᠨ ᠠᠮᠢ | ᠠᠬᠤᠢ ᠶᠢ ᠵᠠᠰᠠᠨ ᠰᠡᠷᠭᠦᠭᠡᠬᠦ ᠶᠢ ᠲᠦᠷᠭᠡᠳᠬᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ 14 ᠠᠭᠤᠷᠬᠠᠢ ᠶᠢᠨ | ᠵᠢᠷᠤᠭ ᠤᠨ ᠲᠣᠯᠪᠤ ᠶᠢᠨ ᠵᠠᠰᠠᠯᠲᠠ ᠶᠢ ᠪᠡᠶᠡᠯᠡᠭᠦᠯᠵᠦ᠂ 19 ᠦᠯᠡᠳᠡᠭᠳᠡᠯ ᠬᠦᠳᠡᠷ ᠤᠨ ᠬᠥᠮᠥᠷᠭᠡ ᠶᠢᠨ | ᠪᠢᠲᠡᠭᠦᠮᠵᠢᠯᠡᠭᠰᠡᠨ ᠬᠥᠮᠥᠷᠭᠡ ᠶᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠤᠨ᠎ᠠ᠃ | ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠪᠠᠬᠢᠵᠢᠭᠦᠯᠦᠨ᠎ᠡ᠃ | ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠤ ᠠᠵᠠ ᠲᠣᠬᠢᠶᠠᠯ ᠢ | ᠵᠠᠪᠳᠤᠨ ᠠᠳᠬᠤᠵᠤ᠂ 9.64 ᠲᠦᠮᠡᠨ ᠮᠦ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ | ᠪᠠᠬᠢᠵᠢᠭᠦᠯᠦᠨ ᠳᠡᠭᠡᠭᠰᠢᠯᠡᠭᠦᠯᠬᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠵᠠᠮ᠂ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠬᠠᠮᠠᠭᠠᠯᠠᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ ᠪᠠᠷ ᠢᠳᠡᠪᠬᠢᠲᠡᠢ ᠴᠢᠷᠮᠠᠶᠢᠵᠤ᠂ 1. | 85 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠦ᠋ ᠳ᠋ᠠᠩ ᠭᠧᠦ ᠶᠢᠨ ᠰᠠᠪᠠ ᠭᠠᠵᠠᠷ ᠤᠨ ᠠᠮᠢ ᠠᠬᠤᠢ ᠶᠢᠨ | ᠰᠡᠷᠭᠦᠭᠡᠯᠲᠡ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ | ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠰᠠᠯᠬᠢ ᠶᠢ ᠰᠡᠷᠭᠡᠶᠢᠯᠡᠵᠦ | ᠡᠯᠡᠰᠦ ᠶᠢ ᠲᠣᠭᠲᠠᠪᠤᠷᠢᠵᠢᠭᠤᠯᠬᠤ ᠵᠡᠷᠭᠡ ᠠᠮᠢ ᠠᠬᠤᠢ ᠶᠢᠨ ᠦᠷ᠎ᠡ ᠠᠰᠢᠭ ᠢ ᠪᠦᠬᠦᠯᠢ ᠴᠣᠭᠴᠠ ᠪᠠᠷ ᠨᠢ | ᠳᠡᠭᠡᠭᠰᠢᠯᠡᠭᠦᠯᠬᠦ ᠬᠡᠷᠡᠭᠲᠡᠢ᠃ EOD ᠲᠥᠷᠥᠯ ᠵᠦᠢᠯ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠺᠠᠢ ᠲᠦᠩ | ᠵᠠᠳᠠᠭᠠᠢ ᠨᠡᠭᠦᠷᠡᠰᠦᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠢᠨᠵᠧᠨᠧᠷᠢᠩ ᠢ | ᠬᠡᠷᠡᠭᠵᠢᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢ ᠵᠠᠰᠠᠨ ᠰᠠᠶᠢᠵᠢᠷᠠᠭᠤᠯᠬᠤ ᠶᠢ | ᠬᠤᠶᠠᠳᠤᠭᠠᠷ ᠪᠦᠯᠦᠭ ᠤᠨ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠳᠤ ᠣᠷᠣᠭᠤᠯᠬᠤ ᠪᠠᠷ | ᠴᠢᠷᠮᠠᠶᠢᠨ᠎ᠠ᠃ ᠣᠢ ᠰᠢᠭᠤᠢ ᠶᠢᠨ ᠦᠢᠯᠡᠰ ᠦᠨ ᠨᠡᠭᠦᠷᠡᠰᠦᠲᠥ᠋ᠷᠥᠭᠴᠢ ᠬᠤᠷᠠᠮᠳᠤᠯ ᠡᠬᠢ ᠪᠠᠶᠠᠯᠢᠭ ᠤᠨ ᠪᠠᠶᠢᠳᠠᠯ ᠢ | ᠲᠦᠷᠭᠡᠬᠡᠨ ᠲᠣᠳᠣᠷᠬᠠᠢ ᠣᠶᠢᠯᠠᠭᠠᠵᠤ᠂ ᠨᠡᠭᠦᠷᠡᠰᠦᠲᠥ᠋ᠷᠥᠭᠴᠢ ᠰᠢᠩᠭᠡᠭᠡᠨ ᠠᠪᠬᠤ ᠠᠷᠠᠯᠵᠢᠶ᠎ᠠ ᠶᠢ ᠢᠳᠡᠪᠬᠢᠲᠡᠢ | ᠠᠬᠢᠭᠤᠯᠵᠤ᠂ ᠪᠤᠭᠤᠲᠤ ᠬᠤᠲᠠ ᠶᠢᠨ ᠨᠡᠭᠦᠷᠡᠰᠦᠲᠥ᠋ᠷᠥᠭᠴᠢ ᠰᠢᠩᠭᠡᠭᠡᠨ ᠠᠪᠬᠤ ᠰᠣᠯᠢᠯᠴᠠᠭᠠᠨ ᠤ ᠲᠠᠪᠴᠠᠩ | ᠰᠢᠭᠤᠶᠢᠲᠤ ᠲᠣᠭᠤᠷᠢᠭ ᠲᠤ ᠴᠢᠷᠮᠠᠶᠢᠵᠤ᠂︽ᠭᠦᠨ ᠨᠣᠶᠢᠷ︾ ᠤᠨ ᠠᠮᠢ ᠠᠬᠤᠢ ᠶᠢᠨ ᠡᠬᠢ ᠪᠠᠶᠠᠯᠢᠭ ᠢ ᠬᠠᠮᠤᠭ ᠶᠡᠭᠡ | ᠬᠡᠮᠵᠢᠶ᠎ᠡ ᠪᠠᠷ︽ᠠᠮᠢᠳᠤ ᠰᠣᠷᠭᠤᠭ︾ ᠠᠵᠤ ᠠᠬᠤᠢ ᠶᠢᠨ ᠥᠷᠲᠡᠭ ᠪᠣᠯᠭᠠᠬᠤ ᠬᠡᠷᠡᠭᠲᠡᠢ᠃ | ᠡᠬᠢ ᠪᠠᠶᠠᠯᠢᠭ ᠢ ᠡᠷᠴᠢᠮᠵᠢᠭᠦᠯᠦᠨ ᠭᠠᠮᠨᠠᠨ ᠠᠰᠢᠭᠯᠠᠬᠤ ᠶᠢ ᠠᠬᠢᠭᠤᠯᠬᠤ ᠬᠡᠷᠡᠭᠲᠡᠢ᠃ ᠤᠰᠤ ᠬᠡᠷᠡᠭᠯᠡᠬᠦ | ᠪᠣᠭᠤᠮᠢ ᠶᠢ ᠪᠥᠬᠦ ᠬᠦᠴᠦᠨ ᠢᠶᠠᠷ ᠢᠶᠠᠨ ᠡᠪᠳᠡᠵᠦ᠂ 1100 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠠᠮᠤ | ᠪᠤᠳᠠᠭᠠᠨ ᠤ ᠭᠦᠢᠴᠡᠳᠬᠡᠯ ᠲᠤᠭ᠎ᠠ ᠶᠢ ᠪᠣᠳᠠᠲᠠᠶᠢᠵᠢᠭᠤᠯᠤᠨ ᠬᠡᠷᠡᠭᠯᠡᠬᠦ ᠶᠢ ᠠᠬᠢᠭᠤᠯᠵᠤ᠂ ᠮᠠᠨ ᠤ ᠣᠷᠣᠨ ᠤ | ᠬᠤᠲᠠ ᠶᠢᠨ ᠳᠠᠬᠢᠯᠲᠠ ᠤᠰᠤᠨ ᠤ ᠬᠤᠭᠤᠯᠠᠢ ᠶᠢᠨ ᠲᠣᠣᠷ ᠲᠤ ᠵᠠᠯᠭᠠᠨ ᠣᠷᠣᠭᠤᠯᠬᠤ ᠶᠢ ᠠᠬᠢᠭᠤᠯᠵᠤ᠂ ᠠᠵᠤ | ᠦᠢᠯᠡᠳᠪᠦᠷᠢ ᠶᠢᠨ ᠤᠰᠤ ᠬᠡᠷᠡᠭᠯᠡᠬᠦ ᠳᠤ ᠤᠷᠢᠳᠠᠪᠠᠷ ᠳᠠᠬᠢᠯᠲᠠ ᠤᠰᠤ ᠲᠣᠬᠢᠷᠠᠭᠤᠯᠬᠤ ᠶᠢ ᠪᠡᠶᠡᠯᠡᠭᠦᠯᠦᠨ᠎ᠡ᠃ | ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠲᠠ ᠲᠣᠭᠤᠷᠢᠭ ᠤᠨ ᠤᠰᠤ ᠠᠷᠪᠢᠯᠠᠵᠤ ᠬᠤᠬᠢᠷᠠᠯ ᠢ | ᠪᠠᠭᠠᠰᠬᠠᠬᠤ ᠶᠢ ᠴᠢᠩᠭᠠᠷᠠᠭᠤᠯᠵᠤ᠂ ᠵᠢᠯ ᠤᠨ ᠳᠣᠲᠣᠷ᠎ᠠ 5 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ | ᠤᠰᠤ ᠠᠷᠪᠢᠯᠠᠨ᠎ᠠ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠪᠠ︽ᠬᠤᠶᠠᠷ ᠢ ᠰᠤᠯᠠ ᠲᠠᠯᠪᠢᠵᠤ ᠨᠢᠭᠡ ᠶᠢ | ᠬᠤᠭᠤᠰᠤᠨ ᠪᠣᠯᠭᠠᠬᠤ︾ ᠦᠷ᠎ᠡ ᠪᠦᠲᠦᠮᠵᠢ ᠶᠢ ᠠᠮᠢᠳᠤᠯᠢᠭ ᠪᠣᠯᠭᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠲᠦᠯᠬᠢᠨ | ᠠᠬᠢᠭᠤᠯᠵᠤ᠂ ᠭᠠᠵᠠᠷ ᠰᠢᠷᠣᠢ ᠶᠢ ᠠᠷᠪᠢᠯᠠᠨ ᠠᠰᠢᠭᠯᠠᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ 6 | ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ ᠢ ᠢᠯᠭᠠᠷᠠᠭᠤᠯᠤᠨ ᠴᠡᠭᠴᠡᠯᠡᠨ ᠵᠠᠰᠠᠵᠤ᠂ 540 ᠮᠦ ᠠᠴᠠ | ᠳᠡᠭᠡᠭᠰᠢ ᠭᠠᠵᠠᠷ ᠰᠢᠷᠣᠢ ᠶᠢ ᠪᠤᠴᠠᠭᠠᠵᠤ ᠭᠠᠷᠭᠠᠨ᠎ᠠ᠃ ᠠᠵᠤ ᠠᠬᠤᠶᠢᠯᠠᠯ ᠤᠨ ᠬᠤᠴᠤᠷᠤᠩᠭᠤᠢ ᠦᠢᠯᠡᠳᠪᠦᠷᠢᠯᠡᠬᠦ | ᠴᠢᠳᠠᠪᠤᠷᠢ ᠶᠢ ᠰᠢᠭᠰᠢᠭᠳᠡᠭᠦᠯᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠨᠢᠭᠡᠴᠢ GDP᠂ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠡᠨᠧᠷᠭᠢ ᠶᠢᠨ ᠬᠤᠷᠣᠭᠳᠠᠯ ᠢ ᠦᠷᠭᠦᠯᠵᠢᠯᠡᠨ ᠪᠠᠭᠤᠷᠠᠭᠤᠯᠬᠤ ᠶᠢ ᠪᠡᠶᠡᠯᠡᠭᠦᠯᠦᠨ᠎ᠡ᠃ ᠬᠠᠲᠠᠭᠤ ᠪᠡᠶᠡᠲᠦ | ᠬᠠᠶᠠᠭᠳᠠᠮᠠᠯ ᠪᠣᠳᠠᠰ᠂ ᠬᠤᠭ ᠨᠣᠪᠰᠢ ᠵᠡᠷᠭᠡ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠭᠦᠨᠵᠡᠭᠡᠢ ᠠᠬᠢᠭᠤᠯᠵᠤ᠂ | ᠪᠥᠬᠦ ᠣᠷᠣᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠨᠣᠷᠮ᠎ᠠ ᠶᠢ ᠳᠠᠬᠢᠨ 2 ᠵᠠᠭᠤᠨ ᠤ ᠴᠡᠭ ᠳᠡᠭᠡᠭᠰᠢᠯᠡᠭᠦᠯᠬᠦ ᠪᠠᠷ ᠴᠢᠷᠮᠠᠶᠢᠨ᠎ᠠ᠃ | ︵ᠵᠢᠷᠭᠤᠭ᠎ᠠ︶ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠪᠦᠬᠦ | ᠬᠦᠴᠦᠨ ᠢᠶᠠᠷ ᠢᠶᠠᠨ ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠤᠨ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠲᠠᠪᠰᠢᠯᠳᠠ ᠶᠢ ᠪᠡᠶᠡᠯᠡᠭᠦᠯᠦᠨ᠎ᠡ | ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠢᠭᠤᠶᠢᠲᠤ | ᠲᠣᠭᠤᠷᠢᠭ ᠤᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ | ᠲᠥᠰᠥᠯ ᠢ ᠨᠡᠶᠢᠲᠡᠯᠡᠵᠦ᠂ 400 ᠲᠦᠮᠡᠨ ᠲᠥᠭᠦᠷᠢᠭ ᠰᠢᠨ᠎ᠡ ᠪᠠᠷ ᠨᠡᠮᠡᠵᠦ ᠰᠤᠷᠭᠠᠨ ᠬᠥᠮᠦᠵᠢᠯ ᠦᠨ ᠦᠢᠯᠡᠰ | ᠤᠨ ᠬᠥᠭᠵᠢᠯᠲᠡ ᠳᠤ ᠬᠡᠷᠡᠭᠯᠡᠵᠦ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ ᠶᠢᠨ | ᠭᠤᠷᠪᠠᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠮᠡᠷᠭᠡᠵᠢᠯ ᠦᠨ ᠴᠣᠯᠠ ᠲᠣᠭᠲᠠᠭᠠᠵᠤ ᠤᠷᠢᠵᠤ ᠬᠡᠷᠡᠭᠯᠡᠬᠦ᠂ | ᠠᠮᠵᠢᠯᠲᠠ ᠪᠦᠲᠦᠮᠵᠢ ᠣᠯᠭᠤᠬᠤ᠂ ᠱᠠᠩᠨᠠᠵᠤ ᠲᠣᠷᠭᠠᠬᠤ ᠲᠣᠭᠲᠠᠴᠠ ᠵᠡᠷᠭᠡ ᠲᠠᠯ᠎ᠠ ᠪᠠᠷ ᠦᠨᠡᠨ ᠬᠦ ᠬᠠᠲᠠᠭᠤ ᠲᠠᠢ | ᠬᠠᠯᠳ ᠠᠵᠤ᠂ ᠣᠯᠠᠨ ᠲᠠᠯ᠎ᠠ ᠪᠠᠷ ᠵᠡᠷᠭᠡ ᠪᠠᠷ ᠰᠤᠷᠭᠠᠨ ᠬᠥᠮᠦᠵᠢᠯ ᠦᠨ ᠠᠮᠢᠵᠢᠷᠠᠯ ᠤᠨ ᠬᠦᠴᠦᠨ ᠢ ᠬᠥᠭᠵᠢᠭᠡᠵᠦ᠂ | ᠡᠨᠡ ᠵᠢᠯ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠬᠢᠷᠢ | ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠭᠤᠷᠪᠠᠨ ᠵᠢᠯ ᠳᠤ ᠰᠢᠭᠤᠶᠢᠲᠤ ᠲᠣᠭᠤᠷᠢᠭ ᠤᠨ ᠰᠤᠷᠭᠠᠨ | ᠬᠥᠮᠦᠵᠢᠯ ᠳᠤ ᠲᠡᠭᠷᠢ ᠭᠠᠵᠠᠷ ᠢ ᠳᠣᠩᠰᠤᠯᠭᠠᠬᠤ ᠬᠤᠪᠢᠷᠠᠯᠲᠠ ᠲᠠᠢ ᠪᠣᠯᠭᠠᠬᠤ ᠪᠠᠷ ᠴᠢᠷᠮᠠᠶᠢᠵᠤ᠂ ᠰᠢᠭᠤᠶᠢᠲᠤ | ᠲᠣᠭᠤᠷᠢᠭ ᠤᠨ ᠬᠡᠦᠬᠡᠳ ᠲᠤ ᠨᠡᠩ ᠣᠯᠠᠨ ᠬᠥᠮᠥᠨ ᠤ ᠠᠮᠢᠳᠤᠷᠠᠯ ᠤᠨ ᠥᠩᠭᠡ ᠭᠢᠯᠪᠠᠭ᠎ᠠ ᠲᠠᠢ ᠠᠵᠠ ᠲᠣᠬᠢᠶᠠᠯ | ᠣᠯᠭᠤᠨ᠎ᠠ᠃ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠰᠤᠷᠭᠠᠭᠤᠯᠢ ᠶᠢᠨ ᠬᠦᠷᠢᠶᠡᠨ ᠤ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠬᠡᠷᠡᠭᠵᠢᠭᠦᠯᠵᠦ᠂ ᠣᠨᠴᠠᠯᠢᠭᠲᠤ ᠴᠢᠨᠠᠷ ᠰᠠᠶᠢᠲᠠᠢ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢ ᠬᠦᠴᠦᠯᠡᠨ ᠪᠠᠶᠢᠭᠤᠯᠤᠨ᠎ᠠ᠃ ᠰᠦᠷᠰᠦ ᠮᠣᠩᠭᠤᠯ ᠤᠨ ᠲᠤᠷᠰᠢᠯᠲᠠ ᠶᠢᠨ ᠰᠤᠷᠭᠠᠭᠤᠯᠢ ᠶᠢᠨ | ᠵᠢᠷᠤᠮᠵᠢᠭᠤᠯᠤᠨ ᠬᠥᠭᠵᠢᠭᠦᠯᠬᠦ ᠶᠢ ᠳᠡᠮᠵᠢᠵᠦ᠂ ᠠᠯᠪᠠᠨ ᠠᠴᠠ ᠡᠷᠭᠢᠯᠡᠭᠰᠡᠨ ᠠᠷᠠᠳ ᠠᠴᠠ ᠡᠷᠭᠢᠯᠡᠭᠰᠡᠨ | ᠰᠤᠷᠭᠠᠭᠤᠯᠢ ᠶᠢᠨ ᠬᠠᠮᠲᠤᠷᠠᠨ ᠬᠥᠳᠡᠯᠦᠯᠴᠡᠬᠦ ᠡᠷᠴᠢᠮ ᠢ ᠴᠢᠩᠭᠠᠷᠠᠭᠤᠯᠤᠨ᠂ ᠣᠷᠣᠨ ᠪᠦᠰᠡ ᠶᠢᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠬᠡᠷᠡᠭᠲᠡᠢ᠃ ᠥᠪᠥᠷ | ᠮᠣᠩᠭᠤᠯ ᠤᠨ ᠲᠡᠮᠦᠷ ᠵᠠᠮ ᠤᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠭᠤᠸᠠᠩᠳᠦ᠋ᠩ ᠤᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢ | ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠣᠨᠴᠠᠯᠢᠭᠲᠤ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠢ ᠪᠥᠬᠦ | ᠬᠦᠴᠦᠨ ᠢᠶᠠᠷ ᠢᠶᠠᠨ ᠬᠥᠭᠵᠢᠭᠦᠯᠵᠦ᠂ ᠬᠥᠮᠥᠨ ᠠᠮᠠ ᠶᠢᠨ ᠤᠷᠤᠰᠴᠠ ᠶᠢ ᠰᠢᠩᠭᠡᠭᠡᠬᠦ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ | ᠡᠮᠴᠢᠯᠡᠭᠡᠨ ᠤ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠰ ᠢ 200 ᠲᠦᠮᠡᠨ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠮᠠᠨ ᠤ ᠣᠷᠣᠨ ᠤ ᠠᠳᠠᠯᠢ ᠪᠤᠰᠤ | ᠭᠠᠵᠠᠷ ᠣᠷᠣᠨ ᠤ ᠣᠯᠠᠨ ᠲᠦᠮᠡᠨ ᠤ ᠡᠪᠡᠳᠴᠢᠨ ᠦᠵᠡᠭᠦᠯᠬᠦ ᠪᠣᠳᠠᠲᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ | ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠪᠥᠬᠦ | ᠣᠷᠣᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠴᠢᠭᠯᠡᠭᠦᠯᠬᠦ ᠴᠢᠨᠠᠷᠲᠠᠢ ᠪᠠᠷ ᠰᠢᠯᠢᠳᠡᠭᠵᠢᠭᠦᠯᠦᠨ᠂ ︽ᠵᠠᠷᠤᠳᠠᠯ ᠢ ᠪᠠᠭᠤᠷᠠᠭᠤᠯᠬᠤ᠂ | ᠦᠢᠯᠡᠴᠢᠯᠡᠭᠡ ᠶᠢ ᠳᠡᠭᠡᠭᠰᠢᠯᠡᠭᠦᠯᠬᠦ︾ ᠡᠮ ᠡᠮᠨᠡᠯᠭᠡ ᠪᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠠᠷᠠᠳ ᠲᠤ ᠲᠥᠬᠦᠮ ᠦᠵᠡᠭᠦᠯᠬᠦ 1 ︽ᠰᠢᠶᠣᠣ ᠬᠤᠸᠠᠩ ᠳ᠋ᠧᠩ︾ ᠡᠮ ᠤᠨ ᠳᠡᠯᠭᠡᠭᠦᠷ | ᠪᠠ ᠠᠷᠠᠳ ᠲᠤ ᠲᠥᠬᠦᠮ ᠦᠵᠡᠭᠦᠯᠬᠦ 3 ᠠᠦ᠋ᠲ᠋ᠣ᠋ ᠡᠮ ᠬᠤᠳᠠᠯᠳᠤᠬᠤ ᠴᠡᠭ ᠢ ᠨᠡᠮᠡᠨ ᠪᠠᠶᠢᠭᠤᠯᠵᠤ᠂ ᠰᠢᠭᠤᠶᠢᠲᠤ | ᠲᠣᠭᠤᠷᠢᠭ ᠤᠨ ᠣᠯᠠᠨ ᠲᠦᠮᠡᠨ ᠳᠤ ᠲᠥᠬᠦᠮ ᠦᠵᠡᠭᠦᠯᠬᠦ ᠳᠥᠭᠦᠮ ᠳᠥᠲᠡ᠂ ᠨᠡᠶᠢᠳᠡᠮ ᠠᠰᠢᠭ ᠬᠦᠷᠲᠡᠭᠡᠬᠦ᠂ ᠴᠢᠨᠠᠷ | ᠰᠠᠶᠢᠲᠠᠢ ᠡᠮ ᠡᠮᠨᠡᠯᠭᠡ ᠶᠢᠨ ᠦᠢᠯᠡᠴᠢᠯᠡᠭᠡ ᠬᠦᠷᠲᠡᠭᠡᠨ᠎ᠡ᠃ ᠰᠢᠭᠤᠶᠢᠲᠤ ᠲᠣᠭᠤᠷᠢᠭ ᠤᠨ ᠶᠡᠷᠦᠩᠬᠡᠢ ᠡᠮᠨᠡᠯᠭᠡ ᠶᠢᠨ | ᠬᠤᠷᠢᠶᠠᠨ ᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠡᠭᠦᠯᠵᠢᠯ ᠰᠤᠪᠢᠯᠠᠯᠲᠠ ᠪᠠᠷ ᠭᠤᠣᠯᠳᠠᠯᠭ᠎ᠠ | ᠪᠣᠯᠭᠠᠨ᠂ ᠪᠡᠶ᠎ᠡ ᠶᠢᠨ ᠪᠠᠶᠢᠴᠠᠭᠠᠯᠲᠠ ᠪᠠ ᠬᠤᠳᠣᠭᠤᠳᠤ ᠭᠡᠳᠡᠰᠦᠨ ᠤ ᠲᠣᠯᠢ ᠪᠠᠷ ᠬᠠᠮᠵᠢᠯᠴᠠᠭ᠎ᠠ ᠪᠣᠯᠭᠠᠵᠤ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ︽ᠡᠮᠴᠢᠯᠡᠭᠡᠨ ᠤ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠵᠡᠷᠭᠡ ᠲᠠᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠪᠥᠬᠦ ᠤᠯᠤᠰ ᠤᠨ ᠴᠢᠨᠠᠷ ᠰᠠᠶᠢᠲᠠᠢ | ᠡᠮᠴᠢᠯᠡᠭᠡᠨ ᠤ ᠡᠬᠢ ᠪᠠᠶᠠᠯᠢᠭ ᠢ ᠠᠮᠢᠳᠤᠯᠢᠭ ᠢᠶᠠᠷ ᠬᠡᠷᠡᠭᠯᠡᠵᠦ᠂ ᠡᠷᠡᠭᠦᠯᠵᠢᠯ ᠰᠤᠪᠢᠯᠠᠯᠲᠠ ᠶᠢᠨ ᠲᠥᠬᠦᠭᠡᠷᠦᠮᠵᠢ ᠶᠢ | ᠣᠷᠣᠭᠤᠯᠤᠨ ᠠᠪᠴᠢᠷᠠᠬᠤ ᠪᠠ ᠦᠢᠯᠡᠴᠢᠯᠡᠭᠡᠨ ᠤ ᠣᠨᠣᠯᠵᠢᠬᠤᠨ ᠢᠶᠠᠨ ᠰᠢᠨᠡᠳᠬᠡᠬᠦ ᠶᠢ ᠲᠦᠯᠬᠢᠨ ᠠᠬᠢᠭᠤᠯᠵᠤ᠂ | ᠡᠮᠴᠢᠯᠡᠭᠡ ᠰᠤᠪᠢᠯᠠᠯᠲᠠ ᠶᠢᠨ ᠬᠥᠮᠥᠰ ᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠦᠨ᠂ ᠤᠳᠠᠭᠠᠨ ᠴᠢᠨᠠᠷᠲᠠᠢ ᠡᠪᠡᠳᠴᠢᠨ ᠢ ᠬᠢᠨᠠᠨ ᠲᠣᠭᠲᠠᠭᠠᠬᠤ ᠡᠷᠬᠡ ᠮᠡᠳᠡᠯ ᠢ ᠲᠡᠮᠡᠴᠡᠨ | ᠣᠯᠵᠤ᠂ ᠬᠠᠲᠠᠭᠤ ᠲᠣᠨᠤᠭ ᠲᠥᠬᠦᠭᠡᠷᠦᠮᠵᠢ ᠶᠢ ᠪᠥᠬᠦ ᠬᠤᠲᠠ ᠳᠤ ᠲᠡᠷᠢᠭᠦᠯᠡᠵᠦ᠂ ᠵᠥᠭᠡᠯᠡᠨ ᠲᠣᠨᠤᠭ ᠤᠨ ᠣᠷᠴᠢᠨ | ᠲᠣᠭᠤᠷᠢᠨ ᠢ ᠪᠥᠬᠦ ᠬᠤᠲᠠ ᠳᠤ ᠬᠠᠮᠤᠭ ᠤᠨ ᠰᠢᠯᠢᠳᠡᠭ᠂ ᠶᠡᠷᠦᠩᠬᠡᠶᠢᠯᠡᠭᠰᠡᠨ ᠦᠢᠯᠡᠴᠢᠯᠡᠭᠡ ᠶᠢ ᠬᠠᠮᠤᠭ ᠤᠨ ᠲᠠᠲᠠᠬᠤ | ᠬᠦᠴᠦᠨ ᠲᠠᠢ ᠡᠷᠡᠭᠦᠯᠵᠢᠯ ᠰᠤᠪᠢᠯᠠᠯᠲᠠ ᠶᠢᠨ ᠡᠮᠨᠡᠯᠭᠡ ᠶᠢᠨ ᠬᠤᠷᠢᠶ᠎ᠠ ᠶᠢ ᠬᠦᠴᠦᠯᠡᠨ ᠪᠠᠶᠢᠭᠤᠯᠤᠨ᠎ᠠ᠃ | ᠰᠣᠶᠣᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠣᠶᠣᠯ ᠤᠨ | ᠥᠨᠳᠦᠷᠯᠢᠭ ᠭᠠᠵᠠᠷ ᠢ ᠰᠢᠨ᠎ᠡ ᠪᠠᠷ 200 ᠲᠦᠮᠡᠨ ᠲᠥᠭᠦᠷᠢᠭ ᠨᠡᠮᠡᠭᠳᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠰᠣᠶᠣᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ︽ᠠᠷᠪᠠᠨ | ᠵᠠᠭᠤ ᠮᠢᠩᠭ᠎ᠠ︾ ᠶᠢᠨ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠥᠷᠭᠡᠨ ᠣᠯᠠᠨ ᠤᠳᠬ᠎ᠠ ᠤᠷᠠᠯᠢᠭ ᠤᠨ | ᠠᠵᠢᠯᠲᠠᠳ ᠢ ᠬᠥᠲᠥᠯᠥᠨ ᠵᠢᠯᠤᠭᠤᠳᠴᠤ ᠪᠠᠶᠢᠭᠠᠳ ᠪᠣᠳᠠᠲᠤ ᠠᠮᠢᠳᠤᠷᠠᠯ ᠳᠤ ᠦᠨᠳᠦᠰᠦᠯᠡᠭᠦᠯᠵᠦ᠂ ᠣᠯᠠᠨ ᠲᠦᠮᠡᠨ ᠤ | ᠬᠦᠰᠡᠯ ᠱᠠᠭᠠᠷᠳᠠᠯᠭ᠎ᠠ ᠶᠢ ᠰᠣᠨᠣᠰᠴᠤ᠂ ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠴᠢᠷᠮᠠᠶᠢᠨ | ᠵᠣᠬᠢᠶᠠᠨ ᠪᠦᠲᠦᠭᠡᠨ᠎ᠡ᠃ ᠶᠡᠷᠦᠩᠬᠡᠢ ᠪᠡᠯᠡ ᠣᠷᠣᠭᠤᠯᠤᠯᠲᠠ ᠨᠢ 600 ᠲᠦᠮᠡᠨ ᠲᠥᠭᠦᠷᠢᠭ ᠤᠨ ᠰᠦᠢ ᠪᠦ᠋ᠦ ᠶᠢᠨ | ᠳᠠᠶᠢᠯᠠᠯᠳᠤᠭᠠᠨ ᠤ ᠾᠧ ᠯᠦᠩ ᠤᠨ ᠵᠢᠯᠤᠭᠤᠳᠬᠤ ᠭᠠᠵᠠᠷ ᠤᠨ ᠬᠠᠭᠤᠴᠢᠨ ᠪᠠᠭᠤᠷᠢ ᠶᠢ ᠰᠡᠯᠪᠢᠨ ᠵᠠᠰᠠᠬᠤ᠂ ᠳ᠋ᠠ ᠹᠠ | ᠬᠤᠳᠠᠯᠳᠤᠭᠠᠨ ᠤ ᠵᠡᠭᠡᠯᠢ ᠶᠢᠨ ᠬᠠᠭᠤᠴᠢᠨ ᠪᠠᠭᠤᠷᠢ ᠶᠢ ᠬᠠᠮᠠᠭᠠᠯᠠᠨ ᠰᠡᠯᠪᠢᠨ ᠵᠠᠰᠠᠬᠤ᠂ ᠦᠳᠡ ᠶᠢᠨ ᠵᠤᠤ ᠶᠢᠨ | ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠵᠢᠪᠦᠭᠰᠡᠨ ᠮᠠᠶ᠋ᠢᠭ ᠤᠨ XR ᠰᠣᠶᠣᠯ ᠤᠨ ᠤᠬᠠᠭᠤᠯᠭ᠎ᠠ ᠬᠢᠭᠡᠳ | ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ ᠤᠨ ᠲᠣᠭᠠᠴᠢᠯᠠᠭᠰᠠᠨ ᠬᠠᠮᠠᠭᠠᠯᠠᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ | ᠰᠡᠳᠦᠪᠲᠦ ᠦᠵᠡᠰᠬᠦᠯᠡᠩ ᠤᠨ ᠣᠷᠳᠣᠨ ᠢ ᠪᠠᠶᠢᠭᠤᠯᠤᠨ᠎ᠠ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠵᠦ᠂ ᠥᠪᠡᠷᠲᠡᠭᠡᠨ ᠵᠠᠰᠠᠬᠤ | ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢ ᠴᠢᠷᠮᠠᠶᠢᠨ ᠡᠭᠦᠳᠬᠦ ᠬᠡᠷᠡᠭᠲᠡᠢ᠃ | ᠠᠭᠤᠷᠬᠠᠢ ᠶᠢᠨ ᠰᠣᠶᠣᠯ᠂ ᠤᠷᠲᠤ ᠴᠠᠭᠠᠨ ᠬᠡᠷᠡᠮ ᠤᠨ ᠰᠣᠶᠣᠯ ᠵᠡᠷᠭᠡ ᠲᠡᠦᠬᠡ ᠰᠣᠶᠣᠯ ᠤᠨ ᠡᠬᠢ ᠪᠠᠶᠠᠯᠢᠭ ᠢ | ᠭᠦᠨᠵᠡᠭᠡᠢ ᠠᠭᠤᠳᠠᠯᠵᠤ᠂ ᠨᠡᠭᠦᠷᠡᠰᠦᠨ ᠠᠭᠤᠷᠬᠠᠢ ᠶᠢᠨ ᠮᠦᠽᠧᠢ᠂ ᠪᠡᠳᠡᠩ ᠵᠤᠤ ᠶᠢᠨ ᠮᠦᠽᠧᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠰᠣᠶᠣᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠶᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ᠃ | ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠣᠯᠠᠨ ᠠᠷᠭ᠎ᠠ ᠵᠠᠮ ᠢᠶᠠᠷ | ᠠᠮᠢᠳᠤᠯᠢᠭ ᠢᠶᠠᠷ ᠠᠵᠢᠯ ᠣᠯᠭᠤᠬᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠤᠨ ︽ᠴᠠᠬᠢᠯᠳᠠᠭ ᠴᠡᠴᠡᠭ ᠲᠥᠯᠥᠪᠯᠡᠭᠡ︾ ᠶᠢ ᠬᠡᠷᠡᠭᠵᠢᠭᠦᠯᠦᠨ᠂ ᠳᠡᠭᠡᠳᠦ ᠰᠤᠷᠭᠠᠭᠤᠯᠢ | ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ | ᠬᠥᠮᠥᠰ ᠲᠤ ᠠᠵᠢᠯ ᠣᠯᠭᠤᠬᠤ ᠶᠢ ᠲᠥᠷᠥᠯ ᠬᠤᠪᠢᠶᠠᠨ ᠪᠠᠲᠤᠯᠠᠵᠤ᠂ 1000 ᠬᠥᠮᠥᠨ ᠠᠴᠠ ᠳᠡᠭᠡᠭᠰᠢᠬᠢ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠪᠡᠶᠡᠯᠡᠭᠦᠯᠦᠨ᠂ 3000 ᠬᠥᠮᠥᠨ ᠠᠴᠠ ᠳᠡᠭᠡᠭᠰᠢ | ᠰᠢᠨ᠎ᠡ ᠪᠠᠷ ᠠᠵᠢᠯ ᠣᠯᠭᠤᠵᠤ᠂ ᠠᠵᠢᠯ ᠠᠯᠳᠠᠭᠰᠠᠨ ᠪᠦᠷᠢᠳᠬᠡᠯ ᠤᠨ ᠨᠣᠷᠮ᠎ᠠ ᠶᠢ 3.9% ᠶᠢᠨ ᠳᠣᠲᠣᠷ᠎ᠠ | ᠬᠢᠵᠠᠭᠠᠷᠯᠠᠨ᠎ᠠ᠃ ᠭᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠬᠦ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠰ | ᠳᠡᠪᠰᠢᠬᠦ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ | ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠬᠦ 4 ᠵᠦᠢᠯ ᠤᠨ ᠢᠨᠵᠧᠨᠧᠷᠢᠩ ᠢ ᠥᠷᠨᠢᠭᠦᠯᠵᠦ᠂ ᠰᠢᠶᠠᠩ ᠾᠧ | ᠨᠠᠰᠤᠲᠠᠶᠢᠴᠤᠳ ᠤᠨ ᠨᠡᠶᠢᠲᠡ ᠶᠢᠨ ᠪᠠᠶᠢᠷᠢ᠂ ᠪᠡᠳᠡ ᠵᠤᠤ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠢ ᠥᠭᠡᠷᠡᠴᠢᠯᠡᠨ ᠳᠡᠭᠡᠭᠰᠢᠯᠡᠭᠦᠯᠬᠦ ᠶᠢ ᠬᠡᠷᠡᠭᠵᠢᠭᠦᠯᠵᠦ᠂ ᠪᠥᠬᠦ ᠲᠣᠭᠤᠷᠢᠭ ᠤᠨ | ᠨᠠᠰᠤᠲᠠᠶᠢᠴᠤᠳ ᠤᠨ ᠵᠣᠯ ᠵᠢᠷᠭᠠᠯᠲᠤ ᠬᠤᠭᠤᠯᠠᠨ ᠭᠡᠷ ᠤᠨ ᠲᠠᠰ ᠳᠡᠪᠰᠢᠬᠦ ᠶᠢ ᠠᠬᠢᠭᠤᠯᠤᠨ᠂ ᠨᠠᠰᠤᠲᠠᠶᠢᠴᠤᠳ ᠤᠨ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠵᠦ᠂ ︽ᠨᠢᠭᠡ ᠥᠷᠲᠡᠭᠡ ᠨᠢᠭᠡ ᠣᠨᠴᠠᠯᠢᠭ︾ ᠪᠠᠲᠤᠯᠠᠭ᠎ᠠ | ᠦᠭᠡᠢ ᠦᠢᠯᠡᠴᠢᠯᠡᠭᠡᠨ ᠤ ᠲᠥᠷᠥᠯ ᠲᠡᠮᠳᠡᠭ ᠢ ᠪᠤᠢ ᠪᠣᠯᠭᠠᠨ᠎ᠠ᠃ ᠴᠡᠷᠢᠭ ᠠᠴᠠ ᠬᠠᠯᠠᠭᠳᠠᠭᠰᠠᠳ ᠤᠨ ᠢᠷᠠᠭᠤ | ᠠᠯᠳᠠᠷ ᠤᠨ ᠬᠦᠷᠢᠶᠡᠯᠡᠩ ᠪᠠ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠠᠯᠠᠪᠠᠶ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠠᠷᠠᠳ ᠤᠨ | ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ | ᠵᠠᠰᠠᠬᠤ ᠴᠢᠳᠠᠪᠤᠷᠢ ᠣᠯᠭᠤᠬᠤ ᠠᠵᠢᠯᠯᠠᠭ᠎ᠠ ᠶᠠᠪᠤᠭᠤᠯᠬᠤ ᠬᠡᠷᠡᠭᠲᠡᠢ᠃ ︽ᠭᠤᠷᠪᠠ ᠶᠢ ᠬᠠᠮᠢᠶᠠᠷᠴᠤ | ᠭᠤᠷᠪᠠ ᠶᠢ ᠡᠷᠬᠡᠪᠰᠢ ᠭᠦᠢᠴᠡᠳᠬᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ | ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠦᠶᠡᠷ ᠢ ᠰᠡᠷᠭᠡᠶᠢᠯᠡᠨ ᠭᠠᠩ ᠲᠠᠢ | ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ | ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠤ᠂ ᠣᠨᠴᠠ ᠶᠡᠭᠡ | ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠡᠬᠢ ᠡᠭᠦᠰᠦᠯ ᠠᠴᠠ ᠨᠢ | ᠵᠠᠰᠠᠬᠤ᠂ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠪᠣᠭᠤᠮᠲᠠ ᠰᠢᠪᠲᠤᠯᠬᠤ᠂ ᠪᠡᠭᠡᠵᠢᠩ ᠳᠤ ᠬᠦᠷᠴᠦ ᠰᠤᠷᠪᠤᠯᠵᠢᠯᠠᠬᠤ ᠶᠢ | ᠲᠤᠰᠬᠠᠢ ᠴᠡᠭᠴᠡᠯᠡᠨ ᠵᠠᠰᠠᠬᠤ᠂ ︽ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ︾ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠥᠷᠪᠡᠨ ᠶᠡᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠬᠢᠳᠠᠯ | ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠬᠥᠳᠡᠯᠦᠩᠭᠦᠢ ᠪᠠᠷ ᠠᠷᠢᠯᠭᠠᠬᠤ ᠶᠢ ᠪᠠᠲᠤᠯᠠᠵᠤ᠂ ᠪᠦᠬᠦ ᠤᠯᠤᠰ ᠤᠨ | ᠵᠠᠬᠢᠳᠠᠯ ᠰᠣᠷᠪᠤᠯᠵᠢᠯᠠᠭ᠎ᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠪᠦᠬᠦ ᠬᠡᠯᠬᠢᠶᠡᠨ ᠤ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ | ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ ︽ᠴᠠᠬᠢᠯᠭᠠᠨ ᠬᠤᠯᠪᠣᠭ᠎ᠠ | ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠡᠯ᠎ᠡ ᠲᠦᠷᠦᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠦᠬᠦ ᠣᠷᠣᠨ ᠤ ᠠᠷᠠᠳ | ᠲᠦᠮᠡᠨ ᠤ ᠠᠮᠤᠷ ᠠᠮᠤᠭᠤᠯᠠᠩ ᠵᠣᠯ ᠵᠢᠷᠭᠠᠯ ᠢ ᠦᠨᠡᠨ ᠬᠦ ᠰᠠᠶᠢᠲᠤᠷ ᠰᠠᠬᠢᠨ ᠬᠠᠮᠠᠭᠠᠯᠠᠨ᠎ᠠ᠃ ᠵᠠᠰᠠᠭ ᠤᠨ ᠣᠷᠳᠣᠨ ᠤ | ᠥᠷᠢ ᠥᠭᠴᠡᠭᠡ ᠶᠢ ᠠᠷᠢᠯᠭᠠᠬᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ᠂ ︽ᠠᠰᠠᠷ ᠢ ᠪᠠᠲᠤᠯᠠᠬᠤ︾ | ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ | ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠭᠦᠨᠵᠡᠭᠡᠶᠢᠷᠡᠭᠦᠯᠵᠦ᠂ | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ | ᠪᠠᠶᠢᠭᠤᠯᠤᠨ᠎ᠠ᠃ | ᠭᠤᠷᠪᠠ᠂ ᠲᠡᠮᠡᠴᠡᠬᠦ ᠬᠠᠷᠠᠯᠲᠠ ᠪᠠᠨ ᠪᠡᠶᠡᠯᠡᠭᠦᠯᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤ | ᠥᠭᠴᠦ᠂ ᠪᠢᠳᠡ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠢ | ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠵᠠᠰᠠᠭ ᠪᠠᠷᠢᠬᠤ ᠰᠦᠭ ᠰᠦᠨᠡᠰᠦ ᠶᠢ ᠪᠠᠲᠤᠳᠬᠠᠨ᠎ᠠ᠃ | ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ | ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ | ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ | ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠢ ᠰᠠᠭᠠᠳ ᠦᠭᠡᠢ | ᠬᠡᠷᠡᠭᠵᠢᠭᠦᠯᠵᠦ᠂ ᠬᠦᠴᠦᠲᠡᠢ ᠬᠡᠷᠡᠭᠵᠢᠭᠦᠯᠬᠦ ᠬᠡᠷᠡᠭᠲᠡᠢ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠠᠰᠠᠭ ᠪᠠᠷᠢᠬᠤ ᠵᠠᠮ ᠢ ᠬᠢᠴᠢᠶᠡᠩᠭᠦᠶᠢᠯᠡᠨ | ᠰᠠᠬᠢᠵᠤ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ | ᠬᠠᠤᠯᠢ ᠪᠠᠷ ᠵᠠᠰᠠᠬᠤ ᠰᠡᠳᠬᠢᠬᠦᠢ ᠪᠠᠷ ᠠᠵᠢᠯ ᠢᠶᠠᠨ ᠠᠬᠢᠭᠤᠯᠵᠤ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ | ᠠᠰᠠᠭᠤᠳᠠᠯ ᠢ ᠰᠢᠢᠳᠪᠦᠷᠢᠯᠡᠵᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠵᠦ᠂ ᠬᠠᠤᠯᠢ ᠶᠣᠰᠣᠭᠠᠷ ᠰᠢᠢᠳᠪᠦᠷᠢᠲᠦ | ᠪᠣᠳᠣᠯᠭ᠎ᠠ ᠲᠣᠭᠲᠠᠭᠠᠵᠤ᠂ ᠵᠠᠰᠠᠭ ᠤᠨ ᠣᠷᠳᠣᠨ ᠤ ᠵᠠᠷᠭᠤ ᠳᠤ ᠬᠤᠯᠪᠣᠭᠳᠠᠭᠰᠠᠨ ᠬᠡᠷᠡᠭ ᠢ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠲᠦᠷᠦᠭᠦᠯᠡᠨ ᠭᠡᠷ᠎ᠡ ᠪᠠᠶᠢᠪᠠᠯ ᠵᠠᠪᠠᠯ ᠭᠦᠢᠴᠡᠳᠬᠡᠵᠦ᠂ ᠠᠮᠠᠯᠠᠯᠲᠠ ᠪᠠᠶᠢᠪᠠᠯ ᠵᠠᠪᠠᠯ | ᠦᠢᠯᠡᠳᠦᠯᠭᠡᠵᠢᠭᠦᠯᠵᠦ᠂ ᠠᠮᠠᠯᠠᠯᠲᠠ ᠶᠢ ᠨᠢ ᠬᠥᠩᠭᠡᠪᠴᠢᠯᠡᠬᠦ ᠶᠢ ᠡᠷᠡᠰ ᠰᠡᠷᠭᠡᠶᠢᠯᠡᠵᠦ᠂ ᠵᠠᠰᠠᠭ ᠤᠨ ᠣᠷᠳᠣᠨ ᠤ ᠤᠯᠠᠨ | ᠨᠡᠶᠢᠲᠡ ᠶᠢ ᠢᠲᠡᠭᠡᠭᠦᠯᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠪᠦᠬᠦ ᠰᠡᠳᠬᠢᠯ ᠢᠶᠠᠷ ᠢᠶᠠᠨ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ | ᠪᠠᠷᠢᠬᠤ ᠶᠢᠨ ᠴᠢᠬᠤᠯᠠ ᠵᠦᠢᠯ ᠢ ᠡᠵᠡᠮᠳᠡᠨ᠎ᠡ᠃ ᠢᠮᠠᠭᠲᠠ ᠣᠯᠠᠨ ᠲᠦᠮᠡᠨ ᠤ ᠵᠣᠭᠰᠣᠴᠠ ᠠᠴᠠ ᠠᠰᠠᠭᠤᠳᠠᠯ ᠢ | ᠪᠣᠳᠣᠯᠬᠢᠯᠠᠨ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠤᠴᠢᠷ ᠶᠠᠪᠤᠳᠠᠯ ᠪᠦᠲᠦᠭᠡᠵᠦ᠂ ᠣᠯᠠᠨ ᠲᠦᠮᠡᠨ ᠤ ᠪᠠᠴᠢᠮ | ᠬᠦᠴᠢᠷ ᠵᠣᠪᠠᠭᠤᠷᠢ ᠠᠴᠠ ᠠᠷᠠᠳ ᠤᠨ ᠠᠮᠢᠳᠤᠷᠠᠯ ᠤᠨ ᠠᠵᠢᠯ ᠤᠨ ᠭᠠᠷᠳᠠᠬᠤ ᠴᠡᠭ ᠢ ᠣᠨᠣᠪᠴᠢᠲᠠᠶ ᠡᠷᠢᠨ ᠣᠯᠵᠤ᠂ | ᠠᠮᠠᠯᠳᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠡᠷᠡᠰ ᠰᠠᠶᠢᠲᠤᠷ ᠬᠢᠵᠦ᠂ ᠣᠯᠠᠨ ᠨᠡᠶᠢᠲᠡ ᠶᠢᠨ | ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠨᠠᠩ ᠣᠯᠠᠨ ︽ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ︾ | ᠢ ︽ᠵᠣᠯ ᠵᠢᠷᠭᠠᠯᠲᠤ ᠪᠣᠳᠠᠲᠤ ᠦᠵᠡᠮᠵᠢ︾ ᠪᠣᠯᠭᠠᠨ ᠬᠤᠪᠢᠷᠠᠭᠤᠯᠬᠤ ᠬᠡᠷᠡᠭᠲᠡᠢ᠃ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠠᠰᠠᠭ ᠪᠠᠷᠢᠬᠤ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ | ᠬᠡᠷᠡᠭᠲᠡᠢ᠃ ᠪᠣᠳᠠᠲᠠᠢ ᠠᠵᠢᠯᠯᠠᠬᠤ ᠶᠢ ᠴᠢᠩᠭ᠎ᠠ ᠠᠳᠬᠤᠬᠤ ᠶᠢ ᠪᠠᠷᠢᠮᠵᠢᠶ᠎ᠠ ᠪᠣᠯᠭᠠᠵᠤ᠂ ᠲᠣᠭᠲᠠᠭᠠᠭᠰᠠᠨ ᠶᠠᠪᠤᠳᠠᠯ ᠢ | ᠲᠣᠭᠲᠠᠭᠠᠵᠤ᠂ ᠠᠵᠢᠯ ᠢᠶᠠᠨ ᠰᠠᠶᠢᠲᠤᠷ ᠲᠥᠯᠥᠪᠵᠢᠭᠦᠯᠵᠦ᠂ ᠶᠠᠭᠠᠷᠠᠯᠲᠠᠢ ᠠᠬᠢᠭᠤᠯᠵᠤ᠂ ᠪᠣᠳᠠᠲᠠᠢ ᠬᠢᠵᠦ᠂ ᠶᠠᠪᠤᠳᠠᠯ | ᠨᠢᠭᠡᠪᠦᠷᠢ ᠶᠢ ᠦᠨᠡᠨᠬᠦ ᠦᠷ᠎ᠡ ᠳ᠋ᠦᠩ ᠭᠠᠷᠭᠠᠬᠤ ᠬᠡᠷᠡᠭᠲᠡᠢ᠃ ︽ᠲᠠᠶᠢᠯᠬᠤ ᠰᠡᠳᠬᠢᠬᠦᠢ︾ ᠶᠢ ᠪᠠᠲᠤ ᠪᠠᠬᠢ ᠪᠤᠢ ᠪᠣᠯᠭᠠᠵᠤ᠂ | ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠴᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ | ᠶᠠᠭᠠᠬᠢᠭᠰᠠᠨ ᠴᠤ ᠵᠣᠭᠰᠣᠬᠤ ᠦᠭᠡᠢ ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠭᠤᠯᠠ | ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠪᠦᠬᠦ ᠬᠦᠴᠦᠨ ᠢᠶᠠᠷ ᠢᠶᠠᠨ ᠠᠵᠢᠯ ᠬᠢᠵᠦ | ᠦᠢᠯᠡᠰ ᠪᠣᠰᠬᠠᠬᠤ ︽ᠬᠤᠷᠳᠤᠴᠠ ᠶᠢ ᠲᠦᠷᠭᠡᠳᠬᠡᠬᠦ︾ ᠶᠢ ᠪᠡᠶᠡᠯᠡᠭᠦᠯᠦᠨ᠎ᠡ᠃ | ᠠᠷᠢᠭᠤᠨ ᠴᠢᠭᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠪᠠᠷᠢᠬᠤ ᠰᠠᠭᠤᠷᠢ ᠶᠢ | ᠪᠠᠬᠢᠵᠢᠭᠦᠯᠵᠦ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠴᠥᠬᠦᠷᠡᠰᠢ ᠦᠭᠡᠢ | ᠳᠦᠷᠪᠡᠨ ᠰᠤᠷᠲᠠᠯ ᠢ ᠵᠠᠯᠠᠷᠠᠭᠤᠯᠤᠨ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ | ᠲᠥᠪ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠦᠨ᠎ᠡ᠃ ︽ᠠᠯᠪᠠᠨ ᠤ ᠭᠤᠷᠪᠠᠨ︾ ᠵᠠᠷᠤᠳᠠᠯ ᠢ | ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠨ᠂ ᠡᠷᠬᠢᠮ ᠨᠠᠨᠳᠢᠨ ᠪᠡᠯᠡ ᠮᠥᠩᠭᠦ ᠶᠢ | ᠬᠥᠭᠵᠢᠯᠲᠡ ᠶᠢᠨ ᠴᠢᠬᠤᠯᠠ ᠭᠠᠵᠠᠷ ᠪᠠ ᠠᠷᠠᠳ ᠤᠨ ᠠᠮᠢᠳᠤᠷᠠᠯ ᠳᠤ ᠪᠠᠴᠢᠮ ᠬᠡᠷᠡᠭᠰᠡᠬᠦ ᠳᠡᠭᠡᠷ᠎ᠡ ᠬᠡᠷᠡᠭᠯᠡᠵᠦ᠂ | ᠵᠠᠰᠠᠭ ᠤᠨ ᠣᠷᠳᠣᠨ ᠤ ︽ᠭᠠᠮᠨᠠᠨ ᠠᠷᠪᠢᠯᠠᠬᠤ︾ ᠪᠠᠷ ᠣᠯᠠᠨ ᠲᠦᠮᠡᠨ ᠤ ︽ᠰᠠᠶᠢᠨ ᠠᠮᠢᠳᠤᠷᠠᠯ︾ ᠢ ᠰᠣᠯᠢᠵᠤ ᠠᠪᠬᠤ | ᠬᠡᠷᠡᠭᠲᠡᠢ᠃ | ᠲᠥᠯᠥᠭᠡᠯᠡᠭᠴᠢᠳ ᠠ᠋︕ ᠰᠢᠭᠤᠶᠢᠲᠤ ᠲᠣᠭᠤᠷᠢᠭ ᠢ ᠲᠤᠰ ᠭᠠᠵᠠᠷ ᠤᠨ ᠬᠥᠮᠥᠰ ᠲᠤ ᠣᠮᠣᠭᠰᠢᠭᠤᠯᠬᠤ | ᠂ ᠭᠠᠳᠠᠷ ᠣᠷᠣᠨ ᠤ ᠬᠥᠮᠥᠨ ᠨᠢᠭᠡᠪᠦᠷᠢ ᠶᠢᠨ ᠬᠦᠰᠡᠯ ᠡᠷᠡᠮᠡᠯᠵᠡᠯ ᠪᠣᠯ ᠮᠠᠨ ᠤ ᠰᠢᠭᠤᠶᠢᠲᠤ ᠬᠥᠮᠥᠨ ᠨᠢᠭᠡᠪᠦᠷᠢ ᠶᠢᠨ | ᠬᠦᠰᠡᠯ ᠡᠷᠡᠮᠡᠯᠵᠡᠯ ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ | ᠤᠷᠤᠭᠰᠢᠯᠠᠵᠤ᠂ ᠬᠡᠢ ᠬᠤᠭᠤᠰᠤᠨ ᠭᠠᠪᠢᠶ᠎ᠠ ᠶᠢ ᠬᠥᠭᠡᠭᠡᠴᠡᠯᠳᠦᠬᠦ ᠦᠭᠡᠢ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ | ᠯᠠᠪᠳᠠᠭᠤᠨ ᠪᠠᠲᠤᠲᠠᠢ ᠠᠵᠢᠯᠯᠠᠭ᠎ᠠ ᠪᠠᠷ ᠢᠶᠠᠨ ᠰᠢᠰᠲ᠋ᠧᠮ ᠤᠨ ᠴᠢᠨᠠᠷᠲᠠᠢ ᠪᠠᠷ ᠳᠡᠭᠡᠭᠰᠢᠯᠡᠯᠲᠡ ᠶᠢᠨ ᠬᠦᠰᠡᠯ ᠡᠷᠡᠮᠡᠯᠵᠡᠯ ᠢ | ᠪᠡᠶᠡᠯᠡᠭᠦᠯᠵᠦ᠂ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ ᠬᠠᠨᠤᠮᠵᠢᠲᠠᠢ | ᠬᠠᠷᠢᠭᠤᠯᠲᠠ ᠶᠢᠨ ᠬᠠᠭᠤᠳᠠᠰᠤ ᠲᠤᠰᠢᠶᠠᠰᠠᠢ︕ | ᠨᠡᠷ᠎ᠡ ᠦᠭᠡ ᠶᠢᠨ ᠲᠠᠶᠢᠯᠪᠤᠷᠢ | 1. ︽ᠲᠠᠪᠤᠨ ᠶᠡᠭᠡ ᠳᠠᠶᠢᠯᠠᠯᠳᠤᠭᠠᠨ︾᠄ ᠲᠤᠬᠠᠶᠢᠯᠠᠪᠠᠯ ᠲᠣᠭᠤᠷᠢᠭ ᠤᠨ ᠨᠠᠮ ᠤᠨ ᠬᠤᠷᠢᠶ᠎ᠠ ᠶᠢᠨ ᠠᠷᠪᠠᠨ | ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠳᠡᠭᠡᠷ᠎ᠡ ᠳᠤᠷᠠᠳᠤᠭᠰᠠᠨ ᠦᠨᠳᠦᠰᠦ ᠶᠢ | ᠪᠠᠬᠢᠵᠢᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠨ ᠪᠦᠰᠡᠯᠡᠯᠲᠡ ᠶᠢ ᠰᠢᠪᠲᠤᠯᠬᠤ ᠳᠠᠶᠢᠯᠠᠯᠳᠤᠭᠠᠨ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠪᠦᠬᠦᠯᠢ ᠴᠣᠭᠴᠠ ᠶᠢᠨ ᠳᠠᠶᠢᠯᠠᠯᠳᠤᠭᠠᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢᠨ ᠤᠳᠠᠭᠠᠨ | ᠳᠠᠭᠠᠭᠠᠮᠠᠭᠠᠢ ᠳᠠᠶᠢᠯᠠᠯᠳᠤᠭᠠᠨ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ | ᠬᠤᠪᠢᠷᠠᠭᠤᠯᠬᠤ ᠰᠠᠨᠠᠭᠠᠴᠢᠯᠠᠭᠠᠲᠤ ᠳᠠᠶᠢᠯᠠᠯᠳᠤᠭᠠᠨ᠃ | 2. ︽ᠬᠤᠶᠠᠷ ᠪᠦᠯᠦᠭ ᠲᠠᠪᠤᠨ ᠲᠣᠭᠤᠷᠢᠭ ᠨᠢᠭᠡ ᠭᠠᠵᠠᠷ︾᠄ ᠲᠤᠬᠠᠶᠢᠯᠠᠪᠠᠯ ᠲᠣᠭᠤᠷᠢᠭ ᠤᠨ ᠨᠠᠮ ᠤᠨ | ᠬᠤᠷᠢᠶ᠎ᠠ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠳᠡᠭᠡᠷ᠎ᠡ ᠳᠤᠷᠠᠳᠤᠭᠰᠠᠨ ᠰᠢᠨ᠎ᠡ | ᠡᠨᠧᠷᠭᠢ ᠵᠢᠴᠢ ᠲᠤᠨᠤᠭ ᠲᠥᠬᠦᠭᠡᠷᠦᠮᠵᠢ ᠶᠢᠨ ᠣᠶᠤᠨᠴᠢ ᠦᠢᠯᠡᠳᠬᠦ ᠲᠤᠭ ᠲᠡᠮᠳᠡᠭ ᠬᠡᠯᠪᠡᠷᠢ ᠶᠢᠨ ᠠᠵᠤ | ᠦᠢᠯᠡᠰ ᠤᠨ ᠪᠦᠯᠦᠭᠯᠡᠯ᠂ ︽ᠬᠤᠶᠠᠷ ᠲᠥᠪ︾ ᠤᠨ ᠢᠵᠢ ᠪᠦᠷᠢᠳᠦᠭᠰᠡᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠪᠥᠭᠡᠮᠨᠡᠷᠡᠯ᠂ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠥᠪᠯᠡᠷᠡᠯ ᠤᠨ ᠣᠷᠣᠨ᠂ | ᠪᠣᠯᠣᠳ ᠲᠡᠮᠦᠷ ᠲᠡᠮᠦᠷᠯᠢᠭ ᠪᠣᠯᠪᠠᠰᠤᠷᠠᠭᠤᠯᠬᠤ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠬᠤᠰᠢᠭᠤᠴᠢ ᠣᠷᠣᠨ᠂ | ᠣᠨᠴᠠ ᠲᠦᠷᠦᠯ ᠤᠨ ᠬᠠᠶᠢᠯᠤᠰᠢ ᠶᠢᠨ ᠪᠣᠬᠢᠷᠲᠤᠯ ᠦᠭᠡᠢ ᠡᠨᠧᠷᠭᠢ ᠪᠠᠷ ᠦᠯᠢᠭᠡᠷ ᠳᠠᠭᠤᠷᠢᠶᠠᠯ ᠣᠷᠣᠨ᠂ | ᠨᠡᠭᠦᠷᠡᠰᠦᠨ ᠤ ᠰᠠᠭᠤᠷᠢ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠵᠢᠱᠢᠶ᠎ᠡ ᠦᠵᠡᠭᠦᠯᠬᠦ ᠣᠷᠣᠨ᠂ ᠣᠨᠴᠠᠯᠢᠭᠲᠤ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠢ ᠣᠷᠣᠨ᠂ ᠳᠤᠮᠳᠠ ᠪᠠᠷᠠᠭᠤᠨ ᠬᠡᠰᠡᠭ ᠤᠨ ᠭᠠᠵᠠᠷ | ᠣᠷᠣᠨ ᠤ ᠨᠥᠯᠥᠭᠡᠯᠡᠬᠦ ᠬᠦᠴᠦᠨ ᠲᠠᠢ ᠰᠣᠶᠣᠯ ᠵᠢᠭᠤᠯᠴᠢᠯᠠᠯ ᠰᠡᠯᠡᠭᠦᠴᠡᠯ ᠤᠨ ᠵᠣᠷᠢᠭᠰᠠᠨ ᠭᠠᠵᠠᠷ ᠢ ᠪᠦᠬᠦ | ᠬᠦᠴᠦᠨ ᠢᠶᠠᠷ ᠢᠶᠠᠨ ᠴᠣᠭᠴᠠᠯᠠᠨ᠎ᠠ᠃ | 3. ︽ᠬᠤᠶᠠᠷ ᠢ ᠰᠤᠯᠠ ᠲᠠᠯᠪᠢᠵᠤ ᠨᠢᠭᠡ ᠶᠢ ᠬᠤᠭᠤᠰᠤᠨ ᠪᠠᠶᠢᠯᠭᠠᠬᠤ︾ ᠦᠷ᠎ᠡ ᠪᠦᠲᠦᠮᠵᠢ ᠶᠢ | ᠠᠮᠢᠳᠤᠯᠢᠭ ᠪᠣᠯᠭᠠᠬᠤ ᠲᠤᠰᠬᠠᠢ ᠠᠵᠢᠯᠯᠠᠭ᠎ᠠ᠄ ᠰᠤᠯᠠ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ᠂ ᠰᠤᠯᠠ | ᠪᠠᠶᠢᠭ᠎ᠠ ᠭᠠᠵᠠᠷ ᠰᠢᠷᠣᠢ ᠪᠠ ︽ᠬᠤᠭᠤᠰᠤᠨ ᠪᠠᠶᠢᠭ᠎ᠠ ᠲᠣᠰᠬᠤᠨ︾ ᠤ ᠦᠷ᠎ᠡ ᠪᠦᠲᠦᠮᠵᠢ ᠶᠢ ᠠᠮᠢᠳᠤᠯᠢᠭ ᠪᠣᠯᠭᠠᠬᠤ | ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃ | 4. ︽ᠳᠥᠷᠪᠡᠨ ᠵᠦᠢᠯ ᠤᠨ ᠨᠠᠷᠢᠨ ᠲᠠᠩᠰᠠ︾᠄ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ | ᠠᠵᠢᠯᠯᠠᠭ᠎ᠠ ᠶᠢᠨ ᠨᠠᠷᠢᠨ ᠲᠠᠩᠰᠠ᠂ ᠨᠠᠶᠢᠳᠠᠪᠤᠷᠢᠵᠢᠭᠤᠯᠤᠯᠲᠠ ᠶᠢᠨ ᠠᠵᠢᠯ ᠡᠬᠢᠯᠡᠭᠦᠯᠬᠦ ᠶᠢ ᠠᠬᠢᠭᠤᠯᠬᠤ | ᠠᠵᠢᠯᠯᠠᠭ᠎ᠠ ᠶᠢᠨ ᠨᠠᠷᠢᠨ ᠲᠠᠩᠰᠠ᠂ ᠠᠵᠢᠯ ᠡᠬᠢᠯᠡᠭᠦᠯᠦᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ | ᠠᠵᠢᠯᠯᠠᠭ᠎ᠠ ᠶᠢᠨ ᠨᠠᠷᠢᠨ ᠲᠠᠩᠰᠠ᠃ | 5. ︽ᠠᠷᠪᠠᠨ ᠵᠠᠭᠤᠨ ᠮᠢᠩᠭᠠᠨ︾ ᠢᠨᠵᠧᠨᠧᠷᠢᠩ᠄ ᠰᠢᠭᠤᠢ ᠶᠢᠨ ᠲᠤᠬᠠᠢ ᠨᠢᠭᠡ ᠷᠣᠮᠠᠨ ᠵᠣᠬᠢᠶᠠᠪᠠ︔ | ᠱᠠᠰᠢᠨ ᠤ ᠮᠡᠬᠡᠯᠡᠯ ᠤᠨ ᠲᠤᠬᠠᠢ 10 ᠳᠠᠭᠤᠤ ᠴᠤᠭᠯᠠᠭᠤᠯᠵᠤ ᠵᠣᠬᠢᠶᠠᠨ ᠬᠡᠪᠯᠡᠭᠦᠯᠵᠡᠢ︔ ᠰᠢᠭᠤᠶᠢᠲᠤ | ᠲᠣᠭᠤᠷᠢᠭ ᠤᠨ 100 ᠪᠠᠳᠠᠭ ᠰᠢᠯᠦᠭ ᠵᠣᠬᠢᠶᠠᠨ ᠪᠠᠶᠢᠭᠤᠯᠤᠨ ᠪᠦᠲᠦᠭᠡᠨ᠎ᠡ︔ ᠮᠢᠩᠭᠠᠨ ᠭᠡᠷᠡᠯ ᠵᠢᠷᠤᠭ ᠤᠨ | ᠪᠦᠲᠦᠭᠡᠯ᠂ ᠮᠢᠩᠭᠠᠨ ᠲᠠᠯᠠᠪᠤᠷ ᠤᠷᠠᠨ ᠰᠠᠶᠢᠬᠠᠨ ᠤ ᠲᠣᠭᠯᠠᠯᠲᠠ ᠭᠠᠷᠭᠠᠨ᠎ᠠ᠃ | 6. ︽ᠨᠢᠭᠡ ᠶᠢ ᠵᠠᠰᠠᠵᠤ ᠭᠤᠷᠪᠠ ᠶᠢ ᠬᠤᠪᠢᠷᠠᠭᠤᠯᠬᠤ︾ ᠵᠠᠭᠤᠨ ᠡᠳᠦᠷ ᠤᠨ ᠪᠣᠭᠤᠮᠲᠠ ᠰᠢᠪᠲᠤᠯᠬᠤ | ᠠᠵᠢᠯᠯᠠᠭ᠎ᠠ᠄ ︽ᠨᠢᠭᠡ ᠶᠢ ᠵᠠᠰᠠᠬᠤ︾ ᠨᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠤᠨ ︽ᠰᠢᠨ᠎ᠡ ᠥᠷᠢ | ᠬᠠᠭᠤᠴᠢᠨ ᠳᠠᠩᠰᠠ︾ ᠶᠢ ᠲᠤᠶᠢᠯᠪᠤᠷᠢᠲᠠᠢ ᠪᠠᠶᠢᠴᠠᠭᠠᠵᠤ᠂ ᠴᠠᠭ ᠲᠤᠬᠠᠢ ᠳᠤᠨᠢ ᠴᠢᠨᠠᠭᠰᠢᠯᠠᠪᠠᠯ ᠪᠦᠬᠦᠨ ᠢ | ᠲᠤᠶᠢᠯᠪᠤᠷᠢᠲᠠᠢ ᠵᠠᠰᠠᠬᠤ ᠶᠢ ᠦᠨᠡᠨ ᠬᠦ ᠪᠠᠲᠤᠯᠠᠨ᠎ᠠ ︽ᠭᠤᠷᠪᠠ ᠶᠢ ᠰᠢᠯᠵᠢᠭᠦᠯᠬᠦ︾ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠳᠠᠭᠤᠰᠬᠠᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ | ︽ᠰᠠᠨᠠᠭᠠᠴᠢᠯᠠᠭ᠎ᠠ ᠦᠭᠡᠢ ᠪᠠᠷ ᠴᠡᠭᠴᠡᠯᠡᠨ ᠰᠠᠶᠢᠵᠢᠷᠠᠭᠤᠯᠵᠤ ᠪᠠᠶᠢᠭᠰᠠᠨ ᠠᠴᠠ ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ | ᠲᠡᠰᠢ ᠬᠤᠪᠢᠷᠠᠭᠤᠯᠵᠤ᠂ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠠᠴᠠ ᠬᠠᠮᠵᠢᠯᠴᠠᠨ ᠵᠠᠰᠠᠬᠤ ᠲᠡᠰᠢ | ᠬᠤᠪᠢᠷᠠᠭᠤᠯᠵᠤ᠂ ᠭᠠᠳᠠᠭᠠᠳᠤ ᠬᠢᠵᠠᠭᠠᠷᠯᠠᠯ ᠠᠴᠠ ᠳᠣᠲᠣᠭᠠᠳᠤ ᠶᠢᠨ ᠬᠥᠳᠡᠯᠭᠡᠬᠦ ᠬᠦᠴᠦᠨ ᠲᠡᠰᠢ ᠬᠤᠪᠢᠷᠠᠭᠤᠯᠬᠤ ᠶᠢ | ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | 7. ︽ᠭᠤᠷᠪᠠ ᠶᠢ ᠢᠯᠭᠠᠷᠠᠭᠤᠯᠤᠨ ᠲᠢᠭᠯᠡᠬᠦ︾ ᠠᠵᠢᠯᠯᠠᠭ᠎ᠠ᠄ ᠲᠤᠬᠠᠶᠢᠯᠠᠪᠠᠯ ᠰᠤᠳᠤᠯᠤᠨ ᠨᠡᠭᠡᠭᠡᠬᠦ | ᠣᠷᠣᠭᠤᠯᠤᠯᠲᠠ ᠶᠢ ᠦᠭᠡᠶᠢᠰᠬᠡᠬᠦ᠂ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠦᠭᠡᠶᠢᠰᠬᠡᠬᠦ᠂ ᠡᠭᠦᠳᠦᠨ ᠪᠦᠲᠦᠭᠡᠬᠦ | ᠲᠤᠰᠬᠠᠢ ᠠᠰᠢᠭ ᠢ ᠦᠭᠡᠶᠢᠰᠬᠡᠬᠦ ᠵᠡᠷᠭᠡ ᠪᠣᠯᠣᠨ᠎ᠠ᠃ | 8. ︽ᠣᠶᠤᠨᠴᠢ ᠥᠭᠡᠷᠡᠴᠢᠯᠡᠯᠲᠡ ᠶᠢᠨ ᠲᠤᠭ᠎ᠠ ᠪᠠᠷᠢᠮᠲᠠ ᠶᠢ ᠬᠤᠪᠢᠷᠠᠭᠤᠯᠬᠤ︾᠄ ᠣᠶᠤᠨᠴᠢᠯᠠᠭᠰᠠᠨ | ᠥᠭᠡᠷᠡᠴᠢᠯᠡᠯᠲᠡ ᠪᠠ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠵᠢᠭᠠᠵᠤ ᠪᠠᠶᠢᠨ᠎ᠠ᠂ ᠲᠣᠭᠠᠴᠢᠯᠠᠭᠰᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ ᠬᠢᠭᠡᠳ ᠲᠡᠷᠢᠭᠦᠨ ᠤ ᠦᠢᠯᠡᠳᠬᠦ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ | ᠠᠬᠤᠶᠢᠯᠠᠯ ᠤᠨ ᠵᠢᠷᠤᠭ ᠲᠥᠯᠥᠪᠯᠡᠭᠡ᠂ ᠦᠢᠯᠡᠳᠪᠦᠷᠢᠯᠡᠯ᠂ ᠬᠠᠮᠢᠶᠠᠷᠤᠯᠲᠠ ᠪᠠ ᠦᠢᠯᠡᠴᠢᠯᠡᠭᠡ ᠵᠡᠷᠭᠡ ᠡᠯ᠎ᠡ | ᠭᠤᠭᠴᠣᠭᠠᠨ ᠳᠠᠬᠢ ᠣᠶᠤᠨᠴᠢᠯᠠᠭᠰᠠᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | 9. ︽ᠭᠤᠷᠪᠠᠨ ᠠᠷᠪᠢᠨ᠂ ᠭᠤᠷᠪᠠᠨ ᠤᠳᠠᠭᠠᠨ︾ ᠤ ᠠᠰᠠᠭᠤᠳᠠᠯ᠄ ︽ᠭᠤᠷᠪᠠᠨ ᠤᠳᠠᠭᠠᠨ︾ ᠪᠣᠯ ᠬᠤᠷᠠᠯ | ᠣᠯᠠᠨ᠂ ᠠᠵᠢᠯᠯᠠᠭ᠎ᠠ ᠠᠷᠪᠢᠨ᠂ ᠭᠠᠳᠠᠭᠰᠢ ᠭᠠᠷᠬᠤ ᠨᠢ ᠣᠯᠠᠨ︔ ︽ᠭᠤᠷᠪᠠᠨ ᠴᠥᠭᠡᠨ︾ ᠪᠣᠯ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠨᠢ ᠴᠥᠭᠡᠨ︔ ︽ᠭᠤᠷᠪᠠᠨ ᠤᠳᠠᠭᠠᠨ︾ ᠪᠣᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ | ᠠᠵᠢᠯᠯᠠᠭ᠎ᠠ ᠤᠳᠠᠭᠠᠨ᠂ ᠦᠷ᠎ᠡ ᠳ᠋ᠦᠩ ᠨᠢ ᠤᠳᠠᠭᠠᠨ᠃ | |