ᠡᠷᠡᠭᠦᠯ ᠬᠠᠮᠠᠭᠠᠯᠠᠯ ᠤᠨ ᠬᠤᠷᠢᠶ᠎ᠠ ᠡᠮᠴᠢᠯᠡᠭᠡ ᠡᠷᠡᠭᠦᠯ ᠮᠡᠨᠳᠦ ᠶᠢᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/1
        ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠭᠦᠨᠵᠡᠭᠡᠢ ᠥᠷᠨᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠳᠠᠯ ᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠵᠦ᠂ ᠨᠠᠰᠤᠲᠠᠶᠢᠴᠤᠳ ᠲᠤ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠦᠨᠡᠨ ᠬᠦ ᠡᠳ᠋ᠯᠡᠭᠦᠯᠬᠦ ᠶᠢᠨ ᠲᠥᠯᠥᠭᠡ᠂ 3 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠴᠤᠸᠠᠩ ᠶᠧ ᠵᠢᠵᠢᠭ ᠲᠣᠭᠤᠷᠢᠭ ᠲᠤ ᠬᠦᠷᠴᠦ᠂ ᠵᠡᠨᠳᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠮᠠᠯᠵᠢᠯ ᠤᠨ ᠠᠩᠭᠢ ᠳᠤ ᠬᠦᠷᠴᠦ ︽ᠡᠮᠴᠢᠯᠡᠭᠡᠨ ᠤ ᠬᠠᠮ ᠲᠡᠷᠭᠡ ᠪᠠᠷ ᠡᠷᠡᠭᠦᠯ ᠮᠡᠨᠳᠦ ᠰᠢᠭᠤᠶᠢᠲᠤ ᠵᠠᠮ ᠢᠶᠠᠷ ᠶᠠᠪᠤᠬᠤ︾ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠡᠮ ᠡᠮᠨᠡᠯᠭᠡ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠪᠠ᠃
1711693705784038515.png
        ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠵᠢᠵᠢᠭ ᠰᠠᠵᠢᠭ ᠵᠦᠢᠯ ᠢᠶᠠᠷ ᠠᠷᠠᠳ ᠤᠨ ᠰᠡᠳᠬᠢᠯ ᠢ ᠳᠤᠯᠠᠭᠠᠴᠠᠭᠤᠯᠵᠤ᠂ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡᠨ ᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠡᠷᠡᠭᠦᠯ ᠬᠠᠮᠠᠭᠠᠯᠠᠯ ᠤᠨ ᠬᠤᠷᠢᠶ᠎ᠠ ᠢᠳᠡᠪᠬᠢᠲᠡᠢ ᠬᠥᠳᠡᠯᠦᠯᠴᠡᠵᠦ᠂ ᠸᠢᠴᠠᠲ ᠤᠨ ᠬᠤᠯᠪᠣᠭ᠎ᠠ᠂ ᠨᠠᠶᠢᠵᠠ ᠶᠢᠨ ᠲᠣᠭᠤᠷᠢᠭ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠶᠢ ᠠᠰᠢᠭᠯᠠᠨ ᠭᠦᠨᠵᠡᠭᠡᠢ ᠤᠬᠠᠭᠤᠯᠵᠤ᠂ ᠨᠠᠰᠤᠲᠠᠶᠢᠴᠤᠳ ᠤᠨ ᠪᠡᠶ᠎ᠡ ᠶᠢᠨ ᠪᠠᠶᠢᠴᠠᠭᠠᠯᠲᠠ ᠶᠢᠨ ᠴᠠᠭ ᠵᠢᠴᠢ ᠠᠩᠬᠠᠷᠬᠤ ᠵᠦᠢᠯᠡᠰ ᠢ ᠮᠡᠳᠡᠭᠳᠡᠵᠦ᠂ ᠬᠡᠷᠡᠭᠴᠡᠭᠡ ᠲᠠᠢ ᠨᠠᠰᠤᠲᠠᠨ ᠨᠢᠭᠡᠪᠦᠷᠢ ᠶᠢᠨ ᠬᠠᠪᠰᠤᠷᠤᠯᠭ᠎ᠠ ᠬᠦᠷᠲᠡᠬᠦ ᠶᠢ ᠦᠨᠡᠨᠬᠦ ᠪᠠᠲᠤᠯᠠᠪᠠ᠃
1711693717447027707.png
        ᠪᠡᠶ᠎ᠡ ᠶᠢᠨ ᠪᠠᠶᠢᠴᠠᠭᠠᠯᠲᠠ ᠶᠢᠨ ᠲᠤᠬᠠᠢ ᠶᠢᠨ ᠲᠠᠯᠠᠪᠤᠷ ᠲᠤ᠂ ᠡᠮᠴᠢ ᠰᠤᠪᠢᠯᠠᠭᠴᠢᠳ ᠨᠠᠰᠤᠲᠠᠶᠢᠴᠤᠳ ᠲᠤ ᠨᠠᠷᠢᠨ ᠬᠢᠨᠠᠮᠠᠭᠠᠢ ᠪᠡᠶ᠎ᠡ ᠶᠢᠨ ᠪᠠᠶᠢᠴᠠᠭᠠᠯᠲᠠ ᠬᠢᠵᠦ᠂ ᠡᠳᠦᠷ ᠲᠤᠲᠤᠮ ᠤᠨ ᠠᠮᠢᠳᠤᠷᠠᠯ ᠤᠨ ᠢᠳᠡᠭᠡᠨ ᠤᠮᠳᠠᠭᠠᠨ ᠤ ᠳᠠᠳᠬᠠᠯ᠂ ᠡᠪᠡᠳᠴᠢᠨ ᠤ ᠢᠯᠡᠷᠡᠯ ᠪᠠ ᠥᠩᠭᠡᠷᠡᠭᠰᠡᠨ ᠤ ᠡᠪᠡᠳᠴᠢᠯᠡᠭᠰᠡᠨ ᠲᠡᠦᠬᠡ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠨᠠᠰᠤᠲᠠᠶᠢᠴᠤᠳ ᠤᠨ ᠴᠢᠰᠤᠨ ᠳᠠᠷᠤᠯᠲᠠ᠂ ᠥᠯᠥᠨ ᠬᠡᠪᠡᠯᠢ ᠶᠢᠨ ᠴᠢᠰᠤᠨ ᠰᠢᠬᠢᠷ᠂ ᠵᠢᠷᠦᠬᠡᠨ ᠯᠤᠭᠰᠢᠯᠲᠠ ᠶᠢᠨ ᠵᠢᠷᠤᠭ ᠵᠡᠷᠭᠡ ᠰᠢᠯᠭᠠᠨ ᠪᠠᠶᠢᠴᠠᠭᠠᠬᠤ ᠲᠥᠷᠥᠯ ᠵᠦᠢᠯ ᠢ ᠪᠠᠶᠢᠴᠠᠭᠠᠨ ᠥᠭᠴᠦ᠂ ᠨᠠᠰᠤᠲᠠᠶᠢᠴᠤᠳ ᠤᠨ ᠪᠡᠶ᠎ᠡ ᠮᠠᠬᠠᠪᠤᠳ ᠢ ᠪᠥᠬᠦ ᠲᠠᠯ᠎ᠠ ᠪᠠᠷ ᠪᠠᠶᠢᠴᠠᠭᠠᠪᠠ᠃ ᠠᠵᠢᠯᠲᠠᠳ ᠰᠢᠯᠭᠠᠨ ᠪᠠᠶᠢᠴᠠᠭᠠᠭᠰᠠᠨ ᠤ ᠳᠠᠷᠠᠭ᠎ᠠ ᠨᠠᠰᠤᠲᠠᠶᠢᠴᠤᠳ ᠲᠤ ᠴᠠᠭ ᠲᠤᠬᠠᠢ ᠳᠤᠨᠢ ᠡᠷᠡᠭᠦᠯ ᠮᠡᠨᠳᠦ ᠶᠢᠨ ᠬᠥᠮᠦᠵᠢᠯ᠂ ᠡᠮ ᠬᠡᠷᠡᠭᠯᠡᠬᠦ ᠵᠢᠯᠣᠭᠤᠳᠤᠯᠭ᠎ᠠ᠂ ᠠᠮᠢᠳᠤᠷᠠᠯ ᠤᠨ ᠢᠳᠡᠭᠡᠨ ᠤᠮᠳᠠᠭᠠᠨ ᠵᠢᠴᠢ ᠡᠳᠦᠷ ᠲᠤᠲᠤᠮ ᠤᠨ ᠠᠩᠬᠠᠷᠬᠤ ᠵᠦᠢᠯᠡᠰ ᠢ ᠰᠠᠨᠠᠭᠤᠯᠵᠤ᠂ ᠨᠠᠰᠤᠲᠠᠶᠢᠴᠤᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠨᠠᠰᠤ ᠠᠬᠠᠰᠢᠷᠠᠵᠤ ᠪᠡᠶ᠎ᠡ ᠪᠠᠭᠤᠷᠠᠢ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ᠂ ᠡᠮᠴᠢ ᠰᠤᠪᠢᠯᠠᠭᠴᠢ ᠠᠵᠢᠯᠲᠠᠨ ᠭᠡᠷ ᠲᠤᠨᠢ ᠬᠦᠷᠴᠦ ᠪᠡᠶ᠎ᠡ ᠶᠢᠨ ᠪᠠᠶᠢᠴᠠᠭᠠᠯᠲᠠ ᠬᠢᠬᠦ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠨᠢᠭᠡᠪᠦᠷᠢ ᠳᠤ ᠪᠡᠶ᠎ᠡ ᠶᠢᠨ ᠪᠠᠶᠢᠴᠠᠭᠠᠯᠲᠠ ᠶᠢᠨ ᠲᠠᠩᠰᠠ ᠡᠪᠬᠡᠮᠡᠯ ᠪᠠᠶᠢᠭᠤᠯᠵᠤ᠂ ᠲᠠᠷᠠᠭᠠᠴᠢ ᠶᠢᠨ ᠤᠳᠠᠭᠠᠨ ᠴᠢᠨᠠᠷᠲᠠᠢ ᠡᠪᠡᠳᠴᠢᠨ ᠢ ᠮᠥᠷᠳᠡᠨ ᠰᠤᠷᠪᠤᠯᠵᠢᠯᠠᠬᠤ ᠪᠠ ᠵᠢᠷᠤᠮᠵᠢᠭᠤᠯᠤᠭᠰᠠᠨ ᠬᠠᠮᠢᠶᠠᠷᠤᠯᠲᠠ ᠶᠢ ᠥᠷᠨᠢᠭᠦᠯᠬᠦ ᠳᠤ ᠰᠠᠭᠤᠷᠢ ᠲᠠᠯᠪᠢᠵᠤ ᠥᠭᠭᠦᠨ᠎ᠡ᠃
1711693728096086237.png
        ᠪᠡᠶ᠎ᠡ ᠶᠢᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠡᠮᠨᠡᠯᠭᠡ ᠶᠢᠨ ᠠᠵᠢᠯᠲᠠᠳ ᠲᠤᠰᠬᠠᠶᠢᠯᠠᠨ ᠨᠠᠰᠤᠲᠠᠶᠢᠴᠤᠳ ᠲᠤ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ ᠪᠠ ᠰᠡᠳᠬᠢᠴᠡ ᠶᠢᠨ ᠲᠠᠶᠢᠯᠤᠮᠵᠢ ᠥᠷᠨᠢᠭᠦᠯᠬᠦ ᠶᠢᠨ ᠬᠠᠮᠲᠤ ᠪᠷᠦ᠋ᠼᠧᠯ ᠡᠪᠡᠳᠴᠢᠨ ᠤ ᠤᠬᠠᠭᠤᠯᠭ᠎ᠠ ᠶᠢᠨ ᠭᠠᠷ ᠳᠡᠪᠲᠡᠷ ᠪᠠ ᠪᠡᠶ᠎ᠡ ᠶᠢᠨ ᠪᠠᠶᠢᠴᠠᠭᠠᠯᠲᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠨᠠᠰᠤᠲᠠᠶᠢᠴᠤᠳ ᠲᠤ ᠦᠨᠡᠨᠬᠦ ᠦᠨᠳᠦᠰᠦᠨ ᠡᠮ ᠡᠮᠨᠡᠯᠭᠡ ᠶᠢᠨ ᠡᠷᠡᠭᠦᠯᠵᠢᠯ ᠤᠨ ᠦᠢᠯᠡᠴᠢᠯᠡᠭᠡ ᠬᠦᠷᠲᠡᠭᠡᠨ᠎ᠡ᠃        ᠲᠣᠰ ᠤᠳᠠᠭᠠᠨ ᠤ ᠡᠮᠴᠢᠯᠡᠭᠡᠨ ᠤ ᠦᠢᠯᠡᠴᠢᠯᠡᠭᠡ ᠨᠢ ᠨᠠᠰᠤᠲᠠᠶᠢᠴᠤᠳ ᠤᠨ ᠳᠡᠷᠭᠡᠳᠡᠬᠢ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠠᠴᠠ ᠪᠣᠯᠤᠭᠰᠠᠨ ᠪᠣᠳᠠᠲᠤ ᠠᠰᠢᠭ ᠲᠤᠰᠠ ᠪᠠ ᠰᠠᠶᠢᠨ ᠲᠠᠯ᠎ᠠ ᠶᠢ ᠪᠡᠶ᠎ᠡ ᠪᠠᠷ ᠢᠶᠠᠨ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠨᠠᠰᠤᠲᠠᠶᠢᠴᠤᠳ ᠤᠨ ᠲᠣᠰ ᠪᠡᠶ᠎ᠡ ᠶᠢᠨ ᠡᠷᠡᠭᠦᠯ ᠮᠡᠨᠳᠦ ᠶᠢᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠨᠢᠭᠡᠳᠦᠯᠲᠡᠢ ᠰᠠᠶᠢᠨ ᠦᠨᠡᠯᠡᠯᠲᠡ ᠶᠢ ᠣᠯᠵᠤ᠂ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠤ ᠬᠠᠷᠢᠭᠤᠴᠠᠯᠭ᠎ᠠ ᠡᠭᠦᠷᠭᠡᠯᠡᠵᠦ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠭᠦᠢᠴᠡᠳ ᠲᠠᠶᠢᠯᠪᠤᠷᠢᠯᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠡᠷᠡᠭᠦᠯ ᠬᠠᠮᠠᠭᠠᠯᠠᠯ ᠤᠨ ᠬᠤᠷᠢᠶ᠎ᠠ ᠬᠠᠷᠢᠶᠠᠲᠤ ᠣᠷᠣᠨ ᠤ ᠣᠯᠠᠨ ᠲᠦᠮᠡᠨ ᠳᠤ ᠦᠷᠭᠦᠯᠵᠢᠯᠡᠨ ᠨᠠᠩ ᠳᠣᠲᠣᠨᠣ᠂ ᠨᠠᠩ ᠬᠠᠯᠠᠭᠤᠨ ᠳᠣᠲᠣᠨᠣ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ ᠪᠠᠨ ᠦᠨᠡᠨ ᠬᠦ ᠴᠢᠩᠭᠠᠳᠬᠠᠵᠤ᠂ ᠨᠠᠰᠤᠲᠠᠶᠢᠴᠤᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠨᠠᠰᠤᠲᠠᠶᠢᠴᠤᠳ ᠲᠤ ᠥᠲᠡᠯᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ ᠵᠣᠯ ᠵᠢᠷᠭᠠᠯᠲᠤ ᠥᠲᠡᠯᠦᠭᠡ ᠨᠠᠰᠤᠨ ᠤ ᠠᠮᠢᠳᠤᠷᠠᠯ ᠢ ᠦᠨᠡᠨ ᠬᠦ ᠪᠡᠶᠡᠯᠡᠭᠦᠯᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号