【ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ】ᠡᠷᠦᠬᠡ ᠳᠤ ᠣᠷᠣᠵᠤ ᠠᠷᠠᠳ ᠤᠨ ᠳᠠᠭᠤᠨ ᠢ ᠰᠣᠨᠣᠰᠴᠤ ᠤᠬᠠᠭᠤᠯᠤᠨ ᠲᠠᠶᠢᠯᠪᠤᠷᠢᠯᠠᠬᠤ ᠲᠥᠷᠥ ᠶᠢᠨ ᠪᠣᠳᠣᠯᠭ᠎ᠠ ᠢᠯᠡ ᠲᠣᠳᠣ
ᠨᠡᠶᠢᠲᠡᠯᠡᠭᠰᠡᠨ ᠴᠠᠭ᠄
2024/4/1
        ᠣᠶᠢᠷ᠎ᠠ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠲᠤᠭᠤᠰᠢᠯᠠᠭᠤᠯᠬᠤ ᠶᠢᠨ ᠲᠥᠯᠥᠭᠡ᠂ ︽ᠨᠠᠮ ᠤᠨ ᠠᠴᠢ  ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠷᠣᠨ ᠤ ᠵᠡᠮᠳᠡᠭᠴᠦᠳ ᠤᠨ ᠬᠤᠯᠪᠣᠭ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ᠂ ᠵᠡᠮᠳᠡᠭᠴᠦᠳ ᠤᠨ ᠭᠡᠷ ᠪᠦᠯᠢ ᠳᠤ ᠭᠦᠨᠵᠡᠭᠡᠶᠢᠷᠡᠵᠦ᠂ ᠨᠠᠮ ᠤᠨ ᠵᠡᠮᠳᠡᠭᠴᠦᠳ ᠢ ᠬᠠᠪᠰᠤᠷᠤᠨ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠵᠡᠮᠳᠡᠭᠴᠦᠳ ᠵᠢᠴᠢ ᠵᠡᠮᠳᠡᠭᠴᠦᠳ ᠤᠨ ᠲᠥᠷᠥᠯ ᠰᠠᠳᠤᠨ ᠳᠤ ᠨᠠᠮ ᠪᠣᠯᠣᠨ ᠠᠷᠠᠳ ᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠨᠵᠡᠭᠡᠢ ᠮᠡᠳᠡᠷᠡᠭᠦᠯᠪᠡ᠃
1711434902304097690.png
        ᠨᠡᠶᠢᠭᠡᠮ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠵᠡᠮᠳᠡᠭᠴᠦᠳ ᠤᠨ ᠬᠤᠯᠪᠣᠭ᠎ᠠ ᠶᠢᠨ ᠺᠠᠳ᠋ᠷ ᠠᠵᠢᠯᠲᠠᠨ ᠠᠵᠢᠯᠴᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠶᠢᠯᠠᠭᠠᠮᠵᠢᠲᠠᠢ ᠦᠭᠡ ᠬᠡᠯᠡᠯᠭᠡ ᠪᠠᠷ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢᠨ ᠪᠠᠶᠠᠷᠯᠠᠭᠤᠰᠢᠲᠠᠢ ᠪᠠᠶᠢᠳᠠᠯ ᠢ ᠶᠠᠷᠢᠵᠤ᠂ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠣᠳᠣᠷᠬᠠᠶᠢᠯᠠᠨ ᠥᠭᠦᠯᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠡᠭᠡᠯ ᠠᠷᠠᠳ ᠤᠨ ᠭᠡᠷ ᠲᠤ ᠬᠦᠷᠭᠡᠵᠡᠢ︔ ᠵᠡᠮᠳᠡᠭᠴᠦᠳ ᠤᠨ ᠬᠤᠯᠪᠣᠭ᠎ᠠ ᠶᠢᠨ ᠺᠠᠳ᠋ᠷ ᠠᠵᠢᠯᠲᠠᠨ ᠪᠠᠰᠠ 34 ᠡᠷᠦᠬᠡ ᠵᠡᠮᠳᠡᠭᠴᠦᠳ ᠤᠨ ᠭᠡᠷ ᠲᠤ ᠭᠦᠨᠵᠡᠭᠡᠶᠢᠷᠡᠵᠦ᠂ ᠵᠡᠮᠳᠡᠭᠴᠦᠳ ᠤᠨ ᠰᠡᠳᠬᠢᠯ ᠤᠨ ᠦᠭᠡ ᠶᠢ ᠦᠨᠡᠨᠴᠢ ᠪᠠᠷ ᠰᠣᠨᠣᠰᠴᠤ᠂ ᠲᠡᠳᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠣᠶᠢᠯᠠᠭᠠᠵᠤ᠂ ᠪᠣᠳᠠᠲᠤ ᠪᠠᠶᠢᠳᠠᠯ ᠢ ᠣᠶᠢᠯᠠᠭᠠᠵᠤ᠂ ᠵᠠᠩᠭᠢᠯᠠᠭ᠎ᠠ ᠶᠢ ᠡᠷᠢᠵᠦ᠂ ᠠᠷᠭᠠᠴᠠᠬᠤ ᠪᠣᠳᠣᠯᠭ᠎ᠠ ᠶᠢ ᠰᠤᠳᠤᠯᠵᠤ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠬᠤᠶᠢᠰᠢᠳᠠ ᠶᠢᠨ ᠡᠯ᠎ᠡ ᠲᠠᠯ᠎ᠠ ᠶᠢᠨ ᠠᠵᠢᠯ ᠢ ᠠᠬᠢᠭᠤᠯᠬᠤ ᠳᠤ ᠤᠯᠠᠨ ᠲᠦᠮᠡᠨ ᠤ ᠰᠠᠭᠤᠷᠢ ᠶᠢ ᠲᠠᠯᠪᠢᠵᠤ ᠥᠭᠴᠡᠢ᠃
        ᠲᠣᠰ ᠤᠳᠠᠭᠠᠨ ᠤ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠥᠷᠭᠡᠨ ᠣᠯᠠᠨ ᠵᠡᠮᠳᠡᠭᠴᠦᠳ ᠵᠢᠴᠢ ᠵᠡᠮᠳᠡᠭᠴᠦᠳ ᠤᠨ ᠲᠥᠷᠥᠯ ᠰᠠᠳᠤᠨ ᠨᠠᠶᠢᠵᠠ ᠨᠥᠬᠦᠳ ᠲᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠭᠦᠨ ᠵᠤᠵᠠᠭᠠᠨ ᠬᠠᠶᠢᠷ᠎ᠠ ᠬᠠᠯᠠᠮᠵᠢ ᠪᠠ ᠴᠢᠩ ᠰᠡᠳᠬᠢᠯ ᠤᠨ ᠬᠦᠰᠡᠯ ᠡᠷᠡᠮᠡᠯᠵᠡᠯ ᠢ ᠭᠦᠨᠵᠡᠭᠡᠢ ᠮᠡᠳᠡᠷᠡᠭᠦᠯᠵᠦ᠂ ᠵᠣᠯ ᠵᠢᠷᠭᠠᠯᠲᠤ ᠠᠮᠢᠳᠤᠷᠠᠯ ᠨᠢ ᠵᠡᠮᠳᠡᠭᠴᠦᠳ ᠢ ᠬᠠᠪᠰᠤᠷᠤᠨ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠶᠣᠰᠣ ᠤᠴᠢᠷ ᠢ ᠨᠠᠩ ᠢᠯᠡᠭᠦᠦ ᠣᠶᠢᠯᠠᠭᠠᠵᠤ᠂ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠡᠷᠡᠰ ᠵᠣᠷᠢᠭ ᠪᠠ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号