ᠬᠠᠯᠠᠭᠤᠨ ᠳᠤᠯᠠᠭᠠᠨ ᠭᠡᠷ ᠣᠷᠣᠨ᠂ ᠵᠡᠮᠳᠡᠭᠴᠦᠳ ᠤᠨ ᠡᠷᠡᠭᠦᠯᠵᠢᠯ ᠤᠨ ᠪᠣᠯᠪᠠᠰᠤᠷᠠᠯ ᠤᠨ ᠬᠠᠯᠠᠭᠤᠨ ᠳᠤᠯᠠᠭᠠᠨ ᠭᠠᠷᠠᠮ ᠪᠤᠯᠤᠩ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/4/1
        ᠣᠶᠢᠷ᠎ᠠ ᠳᠤ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠨᠢ ᠵᠡᠮᠳᠡᠭᠴᠦᠳ ᠤᠨ ᠬᠠᠯᠠᠭᠤᠨ ᠳᠤᠯᠠᠭᠠᠨ ᠭᠡᠷ ᠣᠷᠣᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠠᠳᠠᠯᠢ ᠪᠤᠰᠤ ᠲᠥᠷᠥᠯ ᠤᠨ ᠵᠡᠮᠳᠡᠭᠴᠦᠳ ᠢ ᠬᠠᠪᠰᠤᠷᠤᠨ ᠡᠷᠡᠭᠦᠯᠵᠢᠭᠦᠯᠬᠦ ᠪᠣᠯᠪᠠᠰᠤᠷᠠᠯ ᠥᠷᠨᠢᠭᠦᠯᠬᠦ ᠶᠢᠨ ᠲᠥᠯᠥᠭᠡ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ  ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠸᠢᠴᠠᠲ ᠣᠯᠠᠨ ᠨᠡᠶᠢᠲᠡ ᠶᠢᠨ ᠨᠣᠮᠧᠷ ᠢᠶᠠᠷ ᠳᠠᠮᠵᠢᠭᠤᠯᠤᠨ ᠡᠷᠡᠭᠦᠯᠵᠢᠭᠦᠯᠬᠦ ᠪᠠᠭᠠᠵᠢ ᠬᠡᠷᠡᠭᠰᠡᠯ ᠢ ᠬᠡᠷᠡᠭᠯᠡᠬᠦ ᠬᠡᠪᠴᠢᠶ᠎ᠡ ᠵᠢᠴᠢ ᠬᠡᠷᠡᠭᠯᠡᠬᠦ ᠠᠷᠭ᠎ᠠ ᠶᠢ ᠨᠡᠶᠢᠲᠡᠯᠡᠪᠡ᠃ ᠬᠠᠷᠢᠶᠠᠲᠤ ᠣᠷᠣᠨ ᠤ ᠵᠡᠮᠳᠡᠭᠴᠦᠳ ᠢ ᠬᠠᠪᠰᠤᠷᠤᠨ ᠡᠷᠡᠭᠦᠯᠵᠢᠯ ᠤᠨ ᠪᠣᠯᠪᠠᠰᠤᠷᠠᠯ ᠢ ᠰᠠᠶᠢᠲᠤᠷ ᠬᠢᠬᠦ ᠶᠢᠨ ᠬᠠᠮᠲᠤ ᠪᠠᠰᠠ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠠᠭᠤᠰᠤᠯᠴᠠᠭᠤᠯᠵᠤ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠠᠯᠠᠭᠤᠨ ᠳᠤᠯᠠᠭᠠᠨ ᠭᠡᠷ ᠣᠷᠣᠨ ᠢ ᠬᠠᠷᠢᠶᠠᠲᠤ ᠣᠷᠣᠨ ᠤ ᠵᠡᠮᠳᠡᠭᠴᠦᠳ ᠤᠨ ᠭᠡᠷ ᠪᠦᠯᠢ ᠨᠢᠭᠡᠪᠦᠷᠢ ᠶᠢᠨ ᠬᠠᠯᠠᠭᠤᠨ ᠳᠤᠯᠠᠭᠠᠨ ᠭᠠᠷᠠᠮ ᠪᠤᠯᠤᠩ ᠪᠣᠯᠭᠠᠪᠠ᠃
1711434957459079982.png
        3 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠠᠯᠠᠭᠤᠨ ᠳᠤᠯᠠᠭᠠᠨ ᠭᠡᠷ ᠣᠷᠣᠨ ᠳᠤ ᠡᠷᠡᠭᠦᠯᠵᠢᠯ ᠤᠨ ᠪᠣᠯᠪᠠᠰᠤᠷᠠᠯ ᠬᠢᠭᠰᠡᠨ ᠵᠡᠮᠳᠡᠭ ᠭᠤᠤ ᠠᠪᠠᠭ᠋ᠠᠢ᠄ ︽ᠥᠩᠭᠡᠷᠡᠭᠰᠡᠨ ᠳᠤ ᠠᠳᠡ ᠡᠷᠡᠭᠦᠯᠵᠢᠯ ᠤᠨ ᠪᠣᠯᠪᠠᠰᠤᠷᠠᠯ ᠬᠢᠵᠦ ᠪᠣᠯᠬᠤ ᠶᠢ ᠮᠡᠳᠡᠬᠦ ᠦᠭᠡᠢ᠂ ᠰᠡᠭᠦᠯᠡᠷ ᠨᠢ ᠨᠠᠶᠢᠵᠠ ᠶᠢᠨ ᠲᠠᠨᠢᠯᠴᠠᠭᠤᠯᠤᠭᠰᠠᠨ ᠢᠶᠠᠷ᠂ ᠠᠳᠡ ᠢᠷᠡᠭᠡᠳ ᠡᠷᠡᠭᠦᠯᠵᠢᠯ ᠤᠨ ᠪᠣᠯᠪᠠᠰᠤᠷᠠᠯ ᠬᠢᠵᠦ ᠪᠣᠯᠬᠤ ᠪᠠᠷ ᠪᠠᠷᠠᠬᠤ ᠦᠭᠡᠢ᠂ ᠪᠠᠰᠠ ᠭᠠᠷᠠᠭ ᠪᠦᠷᠢ ᠠᠳᠡ ᠰᠦᠢᠳᠬᠡᠯ ᠬᠤᠷᠢᠶᠠᠬᠤ ᠦᠭᠡᠢ ᠪᠠᠷ ᠹᠢᠽᠢᠺ ᠵᠠᠰᠠᠯ ᠤᠨ ᠦᠢᠯᠡᠴᠢᠯᠡᠭᠡ ᠬᠢᠵᠦ ᠪᠣᠯᠣᠨ᠎ᠠ᠂ ᠡᠨᠡ ᠨᠢ ᠦᠨᠡᠬᠡᠷ ᠰᠠᠶᠢᠨ ᠪᠣᠯᠵᠠᠢ᠃ ᠣᠳᠣ ᠪᠢ ᠦᠷᠬᠦᠯᠵᠢ ᠨᠠᠶᠢᠵᠠ ᠲᠠᠢ ᠪᠠᠨ ᠬᠠᠮᠲᠤ ᠬᠠᠯᠠᠭᠤᠨ ᠳᠤᠯᠠᠭᠠᠨ ᠭᠡᠷ ᠣᠷᠣᠨ ᠳᠤ ᠢᠷᠡᠵᠦ ᠡᠷᠡᠭᠦᠯᠵᠢᠭᠦᠯᠬᠦ ᠪᠣᠯᠣᠨ᠎ᠠ᠃ ᠵᠠᠰᠠᠭ ᠤᠨ ᠣᠷᠳᠣᠨ ᠠᠴᠠ ᠪᠢᠳᠡᠨ ᠳᠤ ᠡᠶᠢᠮᠦ ᠰᠠᠶᠢᠨ ᠲᠠᠪᠴᠠᠩ ᠪᠠᠶᠢᠭᠤᠯᠵᠤ ᠥᠭᠭᠦᠭᠰᠡᠨ ᠳᠤ ᠦᠨᠡᠨ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︾ ᠭᠡᠵᠦ ᠬᠡᠯᠡᠪᠡ᠃
1711434957701020854.png
        ᠬᠤᠶᠢᠰᠢᠳᠠ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠬᠠᠷᠢᠶ᠎ᠠ ᠣᠷᠣᠨ ᠤ ᠪᠠᠨ ᠨᠢᠭᠡᠨᠲᠡ ᠡᠵᠡᠩᠨᠡᠵᠦ ᠪᠠᠶᠢᠭ᠎ᠠ ᠬᠠᠯᠠᠭᠤᠨ ᠳᠤᠯᠠᠭᠠᠨ ᠭᠡᠷ ᠣᠷᠣᠨ ᠢ ᠦᠷᠭᠦᠯᠵᠢᠯᠡᠨ ᠤᠬᠠᠭᠤᠯᠵᠤ᠂ ᠲᠡᠳᠡᠨ ᠤ ᠦᠢᠯᠡᠴᠢᠯᠡᠭᠡᠨ ᠤ ᠴᠢᠳᠠᠪᠤᠷᠢ ᠶᠢ ᠥᠷᠭᠡᠳᠬᠡᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠶᠢ ᠥᠷᠭᠡᠳᠬᠡᠬᠦ ᠵᠡᠷᠭᠡ ᠲᠠᠯ᠎ᠠ ᠪᠠᠷ ᠨᠡᠩ ᠤᠯᠠᠨ ᠵᠡᠮᠳᠡᠭᠴᠦᠳ ᠤᠨ ᠡᠷᠡᠭᠦᠯᠵᠢᠯ ᠤᠨ ᠪᠣᠯᠪᠠᠰᠤᠷᠠᠯ ᠤᠨ ᠬᠡᠷᠡᠭᠴᠡᠭᠡ ᠳᠤ ᠲᠠᠰᠤᠷᠠᠯᠳᠠ ᠦᠭᠡᠢ ᠵᠣᠬᠢᠴᠠᠭᠤᠯᠵᠤ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号