ᠳ᠋ᠦᠩ ᠾᠧ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ
ᠨᠡᠶᠢᠲᠡᠯᠡᠭᠰᠡᠨ ᠴᠠᠭ᠄
2024/4/1
        3 ᠰᠠᠷ᠎ᠠ ᠶᠢᠨ 22 ᠤᠨ ᠡᠳᠦᠷ᠂ ︽ᠪᠦᠬᠦ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠰᠢᠰᠲ᠋ᠧᠮ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠰᠣᠯᠪᠢᠴᠠᠨ ᠪᠠᠶᠢᠴᠠᠭᠠᠬᠤ ᠠᠵᠢᠯᠯᠠᠭ᠎ᠠ ᠶᠢᠨ ᠲᠥᠰᠥᠯ︾ ᠤᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠶᠠ ᠬᠤᠩ᠂ ᠵᠢᠭᠠᠨ ᠰᠤᠷᠭᠠᠬᠤ ᠬᠡᠯᠲᠡᠰ ᠤᠨ ᠡᠷᠬᠢᠯᠡᠭᠴᠢ ᠭᠦᠸᠧ ᠴᠢᠶᠠᠨ ᠴᠢᠶᠠᠨ᠂ ᠺᠠᠩ ᠹᠦ᠋ ᠬᠡᠯᠲᠡᠰ ᠤᠨ ᠡᠷᠬᠢᠯᠡᠭᠴᠢ ᠰᠦᠩ ᠢᠦᠢ ᠹᠧᠩ᠂ ᠡᠷᠬᠡ ᠶᠢ ᠬᠠᠮᠠᠭᠠᠯᠠᠬᠤ ᠬᠡᠯᠲᠡᠰ ᠤᠨ ᠠᠵᠢᠯᠲᠠᠨ ᠵᠠᠩ ᠢᠦᠢ ᠨᠠᠷ ᠬᠢᠨᠠᠨ ᠵᠢᠯᠤᠭᠤᠳᠬᠤ ᠳᠤᠭᠤᠶᠢᠯᠠᠩ ᠪᠠᠶᠢᠭᠤᠯᠵᠤ᠂ ᠤᠷᠢᠳ ᠬᠤᠵᠢᠳ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠪᠠᠶᠢᠭᠤᠯᠭ᠎ᠠ᠂ ᠳ᠋ᠠ ᠹᠠ ᠵᠡᠭᠡᠯᠢ ᠭᠤᠳᠤᠮᠵᠢ ᠶᠢᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ᠂ ᠳ᠋ᠠ ᠹᠠ ᠵᠡᠭᠡᠯᠢ ᠭᠤᠳᠤᠮᠵᠢ ᠶᠢᠨ ᠬᠠᠯᠠᠭᠤᠨ ᠳᠤᠯᠠᠭᠠᠨ ᠭᠡᠷ ᠣᠷᠣᠨ ᠵᠢᠴᠢ ᠬᠦᠴᠢᠷᠳᠡᠯ ᠲᠠᠢ ᠬᠦᠨᠳᠦ ᠵᠡᠮᠳᠡᠭᠴᠦᠳ ᠤᠨ ᠭᠡᠷ ᠪᠦᠯᠢ ᠶᠢᠨ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠰᠣᠯᠪᠢᠴᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠬᠠᠨ ᠶᠢᠩ᠂ ᠡᠷᠬᠡ ᠪᠠᠨ ᠬᠠᠮᠠᠭᠠᠯᠠᠬᠤ ᠬᠡᠯᠲᠡᠰ ᠤᠨ ᠬᠠᠷᠢᠭᠤᠴᠠᠯᠭᠠᠲᠠᠨ ᠴᠠᠩ ᠪᠢᠨ ᠵᠢᠴᠢ ᠰᠢᠭᠤᠶᠢᠲᠤ ᠲᠣᠭᠤᠷᠢᠭ ᠤᠨ ᠳᠦᠯᠡᠢ ᠬᠥᠮᠥᠨ ᠤ ᠨᠡᠶᠢᠭᠡᠮᠯᠢᠭ᠂ ᠮᠥᠴᠢ ᠵᠡᠮᠳᠡᠭᠴᠦᠳ ᠤᠨ ᠨᠡᠶᠢᠭᠡᠮᠯᠢᠭ ᠪᠣᠯᠣᠨ ᠬᠠᠮᠢᠶ᠎ᠠ ᠪᠦᠬᠦᠢ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠲᠣᠰ ᠲᠣᠰ ᠪᠠᠷ᠎ᠠ ᠪᠣᠯᠵᠤ ᠬᠢᠨᠠᠨ ᠵᠢᠯᠤᠭᠤᠳᠬᠤ ᠳᠤᠭᠤᠶᠢᠯᠠᠩ ᠲᠤᠬᠠᠢ ᠶᠢᠨ ᠭᠠᠵᠠᠷ ᠲᠤᠨᠢ ᠪᠡᠶᠡᠴᠢᠯᠡᠨ ᠣᠶᠢᠯᠠᠭᠠᠬᠤ ᠪᠠ ᠪᠠᠶᠢᠴᠠᠭᠠᠯᠲᠠ ᠬᠢᠪᠡ᠃
1711435087027054078.png
        ᠪᠠᠶᠢᠴᠠᠭᠠᠬᠤ ᠳᠤᠭᠤᠶᠢᠯᠠᠩ ᠨᠢ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭᠠᠨ ᠤ ᠪᠠᠶᠢᠭᠤᠯᠭ᠎ᠠ᠂ ᠳ᠋ᠠ ᠹᠠ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠪᠠ ᠳ᠋ᠠ ᠹᠠ ᠵᠡᠭᠡᠯᠢ ᠭᠤᠳᠤᠮᠵᠢ ᠶᠢᠨ ᠬᠠᠯᠠᠭᠤᠨ ᠳᠤᠯᠠᠭᠠᠨ ᠭᠡᠷ ᠣᠷᠣᠨ ᠵᠡᠷᠭᠡ ᠵᠡᠮᠳᠡᠭᠴᠦᠳ ᠤᠨ ᠣᠷᠣᠵᠤ ᠭᠠᠷᠬᠤ ᠤᠳᠠᠭ᠎ᠠ ᠨᠡᠯᠢᠶᠡᠳ ᠣᠯᠠᠨ ᠦᠢᠯᠡᠴᠢᠯᠡᠭᠡᠨ ᠤ ᠪᠠᠶᠢᠭᠤᠯᠤᠮᠵᠢ ᠳᠤ᠂ ᠰᠠᠭᠠᠳ ᠦᠭᠡᠢ ᠨᠠᠯᠠᠤ ᠵᠠᠮ᠂ ᠰᠠᠭᠠᠳ ᠦᠭᠡᠢ ᠴᠠᠬᠢᠯᠭᠠᠨ ᠱᠠᠲᠤ᠂ ᠰᠠᠭᠠᠳ ᠦᠭᠡᠢ ᠠᠷᠢᠭᠤᠨ ᠴᠡᠪᠡᠷ ᠤᠨ ᠥᠷᠥᠭᠡ ᠵᠡᠷᠭᠡ ᠰᠠᠭᠠᠳ ᠦᠭᠡᠢ ᠲᠥᠬᠦᠭᠡᠷᠦᠮᠵᠢ ᠳᠤ ᠴᠢᠭᠯᠡᠭᠦᠯᠦᠨ ᠪᠡᠶᠡᠴᠢᠯᠡᠨ ᠣᠶᠢᠯᠠᠭᠠᠬᠤ ᠪᠠ ᠪᠠᠶᠢᠴᠠᠭᠠᠯᠲᠠ ᠬᠢᠪᠡ᠃
1711435087198084296.png
        ᠳᠠᠷᠠᠭ᠎ᠠ ᠨᠢ᠂ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢᠨ ᠬᠠᠷᠰᠢ ᠰᠠᠭᠠᠳ ᠦᠭᠡᠢ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠡᠲᠡᠭᠡᠳ ᠤᠨ ᠭᠡᠷ ᠲᠤ᠂ ᠪᠠᠶᠢᠴᠠᠭᠠᠬᠤ ᠳᠤᠭᠤᠶᠢᠯᠠᠩ ᠤᠨ ᠬᠢᠨ ᠨᠠᠯᠠᠤ ᠵᠠᠮ᠂ ᠲᠦᠰᠢᠭᠦᠷ᠂ ᠡᠭᠦᠳᠡ ᠪᠠᠨ ᠥᠷᠭᠡᠳᠬᠡᠨ ᠥᠭᠡᠷᠡᠴᠢᠯᠡᠬᠦ ᠪᠠ ᠠᠯᠤᠰ ᠡᠵᠡᠮᠰᠢᠯᠲᠦ ᠣᠶᠤᠨᠴᠢᠯᠠᠭᠰᠠᠨ ᠭᠡᠷ ᠤᠨ ᠬᠡᠷᠡᠭᠰᠡᠯ ᠵᠡᠷᠭᠡ ᠶᠢ ᠥᠭᠡᠷᠡᠴᠢᠯᠡᠬᠦ ᠲᠥᠬᠦᠭᠡᠷᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠥᠭᠡᠷᠡᠴᠢᠯᠡᠬᠦ ᠡᠲᠡᠭᠡᠳ ᠲᠠᠢ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠴᠢᠨᠠᠷ᠂ ᠳᠥᠭᠦᠮ ᠳᠥᠲᠡ ᠴᠢᠨᠠᠷ᠂ ᠬᠠᠨᠤᠮᠵᠢ ᠶᠢᠨ ᠬᠡᠮᠵᠢᠶ᠎ᠡ ᠵᠡᠷᠭᠡ ᠪᠠᠶᠢᠳᠠᠯ ᠤᠨ ᠲᠤᠬᠠᠢ ᠭᠦᠨᠵᠡᠭᠡᠢ ᠰᠣᠯᠢᠯᠴᠠᠪᠠ᠃
1711435087287055097.png
        ᠲᠣᠰ ᠤᠳᠠᠭᠠᠨ ᠤ ᠰᠣᠯᠪᠢᠴᠠᠵᠤ ᠬᠠᠷᠢᠯᠴᠠᠨ ᠪᠠᠶᠢᠴᠠᠭᠠᠬᠤ ᠳᠤᠮᠳᠠ᠂ ᠳ᠋ᠦᠩ ᠾᠧ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠠᠴᠠ ᠰᠢᠭᠤᠶᠢᠲᠤ ᠣᠷᠣᠨ ᠤ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠳᠤᠮᠳᠠ ᠡᠭᠦᠳᠦᠭᠰᠡᠨ ᠬᠢᠯᠠᠰ ᠴᠡᠭᠲᠦ ᠢᠨᠵᠧᠨᠧᠷᠢᠩ ᠪᠠ ᠣᠯᠣᠭᠰᠠᠨ ᠴᠢᠨᠠᠷ ᠰᠠᠶᠢᠲᠠᠢ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠬᠤᠶᠠᠷ ᠭᠠᠵᠠᠷ ᠤᠨ ᠵᠡᠮᠳᠡᠭᠴᠦᠳ ᠤᠨ ᠬᠤᠯᠪᠣᠭ᠎ᠠ ᠶᠢᠨ ᠺᠠᠳ᠋ᠷ ᠠᠵᠢᠯᠲᠠᠨ ᠠᠵᠢᠯᠴᠢᠨ ᠲᠤᠰ ᠲᠤᠰ ᠤᠨ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠳᠤᠮᠳᠠ ᠣᠯᠣᠭᠰᠠᠨ ᠡᠷᠬᠢᠮ ᠨᠠᠨᠳᠢᠨ ᠲᠤᠷᠰᠢᠯᠭ᠎ᠠ ᠪᠠ ᠰᠠᠶᠢᠨ ᠠᠷᠭ᠎ᠠ ᠬᠢᠳᠡᠯ ᠢᠶᠠᠨ ᠬᠠᠷᠢᠯᠴᠠᠨ ᠬᠤᠪᠢᠶᠠᠯᠴᠠᠭᠰᠠᠨ ᠪᠥᠭᠡᠳ ᠦᠢᠯᠡᠳᠦᠯᠭᠡ ᠶᠢᠨ ᠳᠤᠮᠳᠠ ᠣᠷᠣᠰᠢᠵᠤ ᠪᠠᠶᠢᠭ᠎ᠠ ᠵᠠᠷᠢᠮ ᠬᠦᠴᠢᠷᠳᠡᠯ ᠪᠠ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠵᠤ᠂ ᠬᠤᠶᠢᠰᠢᠳᠠ ᠶᠢᠨ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠳᠤᠮᠳᠠ ᠨᠡᠩ ᠶᠡᠭᠡ ᠠᠮᠵᠢᠯᠲᠠ ᠣᠯᠵᠤ᠂ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
1711435087415042493.png
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号