ᠰᠢᠭᠤᠶᠢᠲᠤ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠬᠢᠭᠡᠳ ᠳ᠋ᠦᠩ ᠾᠧ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠬᠠᠮᠲᠤᠷᠠᠨ ᠰᠠᠭᠤᠷᠢ ᠮᠥᠩᠭᠦ ᠶᠢᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ
ᠨᠡᠶᠢᠲᠡᠯᠡᠭᠰᠡᠨ ᠴᠠᠭ᠄
2024/4/1
        ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠰᠠᠭᠤᠷᠢ ᠮᠥᠩᠭᠦ ᠶᠢᠨ ᠪᠡᠯᠡ ᠮᠥᠩᠭᠦ ᠶᠢᠨ ᠬᠠᠮᠢᠶᠠᠷᠤᠯᠲᠠ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠦᠭᠰᠢᠭᠦᠷᠢ ᠶᠢᠨ ᠨᠡᠮᠡᠭᠳᠡᠯ ᠤᠨ ᠬᠡᠮᠵᠢᠶ᠎ᠡ ᠶᠢ ᠬᠦᠴᠦᠯᠡᠨ ᠡᠵᠡᠮᠳᠡᠵᠦ᠂ ᠲᠦᠭᠰᠢᠭᠦᠷᠢ ᠶᠢᠨ ᠬᠠᠳᠠᠭᠠᠯᠠᠭᠳᠠᠴᠠ ᠶᠢ ᠪᠠᠭᠠᠰᠬᠠᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠃ 3 ᠰᠠᠷ᠎ᠠ ᠳᠤ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠳ᠋ᠦᠩ ᠾᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠲᠤ ᠬᠦᠷᠴᠦ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠲᠤᠰᠬᠠᠢ ᠰᠠᠭᠤᠷᠢ ᠮᠥᠩᠭᠦ ᠶᠢ ᠬᠠᠷᠢᠯᠴᠠᠨ ᠪᠠᠶᠢᠴᠠᠭᠠᠬᠤ ᠠᠵᠢᠯ ᠢ ᠥᠷᠨᠢᠭᠦᠯᠪᠡ᠃
1711521260225063586.jpeg
        ᠪᠠᠶᠢᠴᠠᠭᠠᠬᠤ ᠬᠦᠷᠢᠶ᠎ᠡ ᠬᠡᠪᠴᠢᠶ᠎ᠡ ᠶᠢ ᠨᠡᠶᠢᠳᠡᠮ ᠪᠦᠷᠬᠦᠭᠦᠯᠵᠦ᠂ ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠨ᠎ᠠ᠃ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠠᠵᠢᠯᠲᠠᠨ 3 ᠬᠥᠮᠥᠨ ᠢ ᠪᠦᠯᠬᠦᠮ ᠳᠠᠭᠠᠭᠤᠯᠤᠨ ᠲᠠᠲᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠰᠠᠭᠤᠷᠢ ᠮᠥᠩᠭᠦ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠰᠠᠭᠤᠳᠠᠯ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠬᠠᠷᠢᠯᠴᠠᠨ ᠪᠠᠶᠢᠴᠠᠭᠠᠬᠤ ᠨᠠᠷᠢᠨ ᠲᠠᠩᠰᠠ ᠲᠠᠢ ᠬᠠᠷᠭᠤᠭᠤᠯᠤᠨ ᠪᠥᠬᠦ ᠲᠠᠯ᠎ᠠ ᠪᠠᠷ ᠬᠠᠷᠢᠯᠴᠠᠨ ᠪᠠᠶᠢᠴᠠᠭᠠᠵᠤ᠂ ᠪᠠᠶᠢᠴᠠᠭᠠᠬᠤ ᠵᠢᠴᠢ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠪᠡ᠃ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ᠂ ᠰᠠᠭᠤᠷᠢ ᠮᠥᠩᠭᠦ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠲᠥᠷᠥ ᠶᠢᠨ ᠪᠣᠳᠣᠯᠭ᠎ᠠ ᠳᠦᠷᠢᠮ ᠢ ᠲᠡᠭᠦᠯᠳᠡᠷᠵᠢᠭᠦᠯᠬᠦ᠂ ᠰᠠᠭᠤᠷᠢ ᠮᠥᠩᠭᠦ ᠶᠢᠨ ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠤᠭᠰᠠᠨ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠠᠶᠢᠳᠠᠯ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢᠨ ᠲᠣᠭᠤᠷᠢᠨ ᠳᠤ ᠲᠤᠰᠬᠠᠢ ᠪᠠᠶᠢᠴᠠᠭᠠᠯᠲᠠ ᠥᠷᠨᠢᠭᠦᠯᠵᠦ᠂ ᠲᠤᠬᠠᠶᠢᠯᠠᠭᠰᠠᠨ ᠠᠵᠢᠯ ᠤᠨ ᠬᠦᠷᠢᠶ᠎ᠡ᠂ ᠠᠵᠢᠯ ᠤᠨ ᠭᠤᠭᠴᠤᠭ᠎ᠠ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃
1711521260226027822.jpeg
        ᠬᠤᠰᠢᠭᠤ ᠰᠢᠶᠠᠨ ᠤ ᠬᠤᠭᠤᠷᠣᠨᠳᠣᠬᠢ ᠬᠠᠷᠢᠯᠴᠠᠨ ᠪᠠᠶᠢᠴᠠᠭᠠᠬᠤ ᠵᠢᠴᠢ ᠰᠤᠷᠤᠯᠴᠠᠯᠭ᠎ᠠ ᠰᠣᠯᠢᠯᠴᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠤᠨ ᠳᠤᠮᠳᠠᠬᠢ ᠭᠠᠷᠳᠠᠨ ᠬᠢᠬᠦ᠂ ᠳᠣᠲᠣᠭᠠᠳᠤ ᠡᠵᠡᠮᠳᠡᠯ᠂ ᠳᠦᠷᠢᠮ ᠤᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠢ ᠣᠯᠵᠤ ᠮᠡᠳᠡᠭᠰᠡᠨ ᠮᠥᠷᠲᠡᠭᠡᠨ ᠪᠠᠰᠠ ᠠᠵᠢᠯᠲᠠᠳ ᠤᠨ ᠳᠦᠷᠢᠮ ᠤᠨ ᠤᠬᠠᠮᠰᠠᠷ ᠪᠠ ᠶᠣᠰᠣ ᠳᠦᠷᠢᠮ ᠤᠨ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠢᠭᠤᠶᠢᠲᠤ ᠣᠷᠣᠨ ᠤ ᠨᠡᠶᠢᠭᠡᠮ ᠤᠨ ᠳᠠᠭᠠᠳᠬᠠᠯ ᠤᠨ ᠲᠥᠪ ᠠᠴᠠ ᠲᠣᠰ ᠤᠳᠠᠭᠠᠨ ᠤ ᠬᠤᠰᠢᠭᠤ ᠰᠢᠶᠠᠨ ᠲᠣᠭᠤᠷᠢᠭ ᠤᠨ ᠰᠠᠭᠤᠷᠢ ᠮᠥᠩᠭᠦ ᠶᠢᠨ ᠬᠠᠷᠢᠯᠴᠠᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂ ︽ᠰᠠᠭᠤᠷᠢ ᠮᠥᠩᠭᠦ ᠶᠢᠨ ᠪᠡᠯᠡ ᠮᠥᠩᠭᠦ ᠶᠢᠨ ᠠᠮᠤᠷ ᠲᠦᠪᠰᠢᠨ ᠢ ᠠᠳᠬᠤᠬᠤ ᠦᠭᠡᠢ ᠪᠣᠯ ᠬᠠᠷᠢᠭᠤᠴᠠᠯᠭ᠎ᠠ ᠪᠠᠨ ᠠᠯᠳᠠᠬᠤ᠂ ᠰᠠᠭᠤᠷᠢ ᠮᠥᠩᠭᠦ ᠶᠢᠨ ᠪᠡᠯᠡ ᠮᠥᠩᠭᠦ ᠶᠢᠨ ᠠᠮᠤᠷ ᠲᠦᠪᠰᠢᠨ ᠢ ᠰᠠᠶᠢᠲᠤᠷ ᠠᠳᠬᠤᠬᠤ ᠪᠣᠯ ᠲᠤᠰᠢᠶᠠᠯ ᠢᠶᠠᠨ ᠭᠤᠲᠤᠭᠠᠭᠰᠠᠨ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠦᠨᠡᠨ ᠬᠦ ᠴᠢᠩᠭᠠᠳᠬᠠᠵᠤ᠂ ᠳᠣᠲᠣᠭᠠᠳᠤ ᠶᠢᠨ ᠡᠵᠡᠮᠳᠡᠯ ᠤᠨ ᠳᠦᠷᠢᠮ ᠢ ᠪᠦᠷᠢᠨᠰᠢᠭᠦᠯᠵᠦ᠂ ᠠᠯᠳᠠᠰᠢ ᠭᠠᠷᠬᠤ ᠶᠢ ᠡᠷᠡᠰ ᠬᠤᠷᠢᠭᠯᠠᠵᠤ᠂ ᠰᠢᠨ᠎ᠡ ᠲᠤᠷᠰᠢᠯᠭ᠎ᠠ᠂ ᠰᠢᠨ᠎ᠡ ᠠᠷᠭ᠎ᠠ ᠬᠢᠳᠡᠯ ᠢ ᠳ᠋ᠦᠩᠨᠡᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠰᠠᠭᠤᠳᠠᠯ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号