ᠰᠢᠭᠤᠶᠢᠲᠤ ᠲᠣᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︽ᠨᠠᠮ ᠤᠨ ᠠᠴᠢ  ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠵᠢᠴᠢ ᠭᠡᠷ ᠪᠦᠯᠢ ᠶᠢᠨ ᠣᠬᠢ ᠰᠤᠪᠢᠯᠠᠯᠲᠠ ᠶᠢᠨ ᠪᠠ ᠡᠷᠡᠭᠦᠯᠵᠢᠯ ᠤᠨ ᠵᠢᠯᠣᠭᠤᠳᠤᠯᠭ᠎ᠠ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/4/1
        ᠬᠦᠨᠳᠦ ᠨᠣᠴᠢᠲᠠᠢ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠭᠡᠷ ᠪᠦᠯᠢ ᠶᠢᠨ ᠰᠤᠪᠢᠯᠠᠯᠲᠠ ᠶᠢᠨ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠶᠢ ᠰᠠᠶᠢᠲᠤᠷ ᠬᠢᠵᠦ᠂ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯᠵᠢᠯ ᠤᠨ ᠵᠢᠯᠣᠭᠤᠳᠤᠯᠭ᠎ᠠ ᠶᠢ ᠬᠠᠨᠳᠤᠯᠭᠠᠲᠤ ᠴᠢᠨᠠᠷᠲᠠᠢ ᠪᠠᠷ ᠬᠠᠩᠭᠠᠨ᠎ᠠ᠃ 3 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠵᠢᠴᠢ ︽ᠭᠡᠷ ᠪᠦᠯᠢ ᠶᠢᠨ ᠰᠢᠯᠢᠳᠡᠭ ᠰᠤᠪᠢᠯᠠᠯᠲᠠ ᠪᠠ ᠡᠷᠡᠭᠦᠯᠵᠢᠯ ᠤᠨ ᠵᠢᠯᠣᠭᠤᠳᠤᠯᠭ᠎ᠠ︾ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠪᠣᠯᠪᠠᠰᠤᠷᠠᠯ ᠢ ᠥᠷᠨᠢᠭᠦᠯᠵᠦ᠂ 30 ᠭᠠᠷᠤᠢ ᠬᠦᠨᠳᠦ ᠨᠠᠷᠢᠯᠢᠭ ᠭᠡᠷ ᠪᠦᠯᠢ ᠶᠢᠨ ᠬᠢᠨ ᠳᠤ ᠪᠣᠯᠪᠠᠰᠤᠷᠠᠯ ᠤᠨ ᠬᠤᠷᠠᠯ ᠥᠷᠨᠢᠭᠦᠯᠵᠡᠢ᠃        ᠪᠣᠯᠪᠠᠰᠤᠷᠠᠯ ᠤᠨ ᠬᠤᠷᠠᠯ ᠳᠡᠭᠡᠷ᠎ᠡ᠂ ᠲᠤᠰᠬᠠᠢ ᠮᠡᠷᠭᠡᠵᠢᠯᠲᠡᠨ ᠰᠣᠯᠢᠶ᠎ᠠ ᠡᠪᠡᠳᠴᠢᠲᠡᠨ ᠤ ᠭᠡᠷ ᠪᠦᠯᠢ ᠶᠢᠨ  ᠬᠢᠨ ᠳᠤ ᠲᠥᠷᠥᠯ ᠰᠠᠳᠤᠨ ᠨᠢ ᠡᠪᠡᠳᠴᠢᠯᠡᠭᠰᠡᠨ ᠢ ᠬᠡᠷᠬᠢᠨ ᠲᠣᠳᠣᠷᠬᠠᠢ ᠲᠠᠨᠢᠬᠤ ᠲᠤᠬᠠᠢ ᠲᠠᠶᠢᠯᠤᠮᠵᠢ ᠬᠢᠪᠡ︔ ᠡᠪᠡᠳᠴᠢᠲᠡᠨ ᠢ ᠡᠮᠨᠡᠯᠭᠡ ᠠᠴᠠ ᠭᠠᠷᠳᠠᠭᠰᠠᠨ ᠤ ᠳᠠᠷᠠᠭ᠎ᠠ ᠡᠪᠡᠳᠴᠢᠨ ᠤ ᠪᠠᠶᠢᠳᠠᠯ ᠢ ᠲᠣᠭᠲᠠᠭᠤᠨ ᠡᠵᠡᠮᠳᠡᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠲᠠᠨᠢᠯᠴᠠᠭᠤᠯᠪᠠ᠂ ᠲᠣᠭᠲᠠᠭᠤᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ᠂ ᠡᠶ᠎ᠡ ᠵᠣᠬᠢᠴᠠᠯ ᠲᠠᠢ ᠵᠣᠯ ᠵᠢᠷᠭᠠᠯᠲᠤ ᠭᠡᠷ ᠪᠦᠯᠢ ᠶᠢᠨ ᠠᠭᠤᠷ ᠠᠮᠢᠰᠬᠤᠯ ᠢ ᠪᠣᠶ ᠪᠣᠯᠭᠠᠬᠤ᠂ ᠢᠳᠡᠪᠬᠢᠲᠡᠢ ᠰᠡᠳᠬᠢᠴᠡ ᠶᠢᠨ ᠵᠢᠯᠣᠭᠤᠳᠤᠯᠭ᠎ᠠ ᠵᠡᠷᠭᠡ ᠲᠠᠯ᠎ᠠ ᠠᠴᠠ ᠭᠠᠷᠳᠠᠵᠤ᠂ ᠡᠪᠡᠳᠴᠢᠲᠡᠨ ᠤ ᠭᠡᠷ ᠪᠦᠯᠢ ᠶᠢᠨ ᠬᠢᠨ ᠳᠤ ᠡᠪᠡᠳᠴᠢᠲᠡᠨ ᠢ ᠡᠮᠨᠡᠯᠭᠡ ᠠᠴᠠ ᠭᠠᠷᠤᠭᠰᠠᠨ ᠤ ᠳᠠᠷᠠᠭ᠎ᠠ ᠭᠡᠷ ᠪᠦᠯᠢ ᠶᠢᠨ ᠰᠤᠪᠢᠯᠠᠯᠲᠠ ᠶᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠭᠤᠯᠪᠠ᠃ ᠬᠠᠮᠤᠭ ᠰᠡᠭᠦᠯ ᠳᠤ ᠡᠮ ᠬᠡᠷᠡᠭᠯᠡᠬᠦ᠂ ᠰᠡᠳᠬᠢᠴᠡ ᠶᠢᠨ ᠰᠤᠪᠢᠯᠠᠯᠲᠠ᠂ ᠠᠮᠢᠳᠤᠷᠠᠯ ᠤᠨ ᠬᠠᠷᠠᠭᠠᠯᠵᠠᠯ᠂ ᠡᠪᠡᠳᠴᠢᠨ ᠤ ᠪᠠᠶᠢᠳᠠᠯ ᠢ ᠠᠵᠢᠭᠯᠠᠬᠤ ᠵᠡᠷᠭᠡ ᠳᠥᠷᠪᠡᠨ ᠲᠠᠯ᠎ᠠ ᠶᠢᠨ ᠭᠡᠷ ᠪᠦᠯᠢ ᠶᠢᠨ ᠰᠤᠪᠢᠯᠠᠯᠲᠠ ᠶᠢᠨ ᠠᠭᠤᠯᠭ᠎ᠠ ᠶᠢ ᠲᠠᠶᠢᠯᠪᠤᠷᠢᠯᠠᠪᠠ᠃ ᠭᠡᠷ ᠪᠦᠯᠢ ᠶᠢᠨ ᠬᠦᠴᠦᠨ ᠢᠶᠠᠷ ᠳᠠᠮᠵᠢᠭᠤᠯᠤᠨ᠂ ᠥᠪᠡᠰᠦᠪᠡᠨ ᠪᠠᠶᠢᠭᠤᠯᠤᠭᠰᠠᠨ ᠬᠠᠷᠢᠯᠴᠠᠨ ᠬᠠᠪᠰᠤᠷᠤᠯᠴᠠᠬᠤ ᠲᠠᠪᠴᠠᠩ ᠪᠠᠶᠢᠭᠤᠯᠵᠤ᠂ ᠡᠪᠡᠳᠴᠢᠲᠡᠨ ᠢ ᠬᠠᠪᠰᠤᠷᠤᠨ ᠡᠷᠲᠡᠬᠡᠨ ᠡᠷᠡᠭᠦᠯᠵᠢᠭᠦᠯᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃
1711693619038095828.png
        ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠣᠶᠤᠨ ᠮᠡᠳᠡᠷᠡᠯ ᠤᠨ ᠡᠪᠡᠳᠴᠢᠲᠡᠨ ᠤ ᠭᠡᠷ ᠪᠦᠯᠢ ᠶᠢᠨ ᠬᠢᠨ ᠤ ᠣᠶᠤᠨ ᠮᠡᠳᠡᠷᠡᠯ ᠤᠨ ᠡᠪᠡᠳᠴᠢᠨ ᠤ ᠢᠯᠡᠷᠡᠯ ᠢ ᠢᠯᠭᠠᠨ ᠲᠠᠨᠢᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠡᠷ ᠪᠦᠯᠢ ᠶᠢᠨ ᠬᠢᠨ ᠤ ᠡᠪᠡᠳᠴᠢᠲᠡᠨ ᠤ ᠡᠳᠦᠷ ᠲᠤᠲᠤᠮ ᠤᠨ ᠠᠮᠢᠳᠤᠷᠠᠯ ᠢ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠪᠠᠰᠠ ᠡᠪᠡᠳᠴᠢᠲᠡᠨ ᠤ ᠭᠡᠷ ᠪᠦᠯᠢ ᠶᠢᠨ ᠬᠢᠨ ᠤ ᠰᠡᠳᠬᠢᠴᠡ ᠶᠢᠨ ᠳᠠᠷᠤᠯᠲᠠ ᠶᠢ ᠬᠥᠲᠥᠯᠥᠨ ᠵᠢᠯᠤᠭᠤᠳᠴᠤ᠂ ᠡᠪᠡᠳᠴᠢᠲᠡᠨ ᠤ ᠡᠮᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠡᠪᠡᠳᠴᠢᠲᠡᠨ ᠢ ᠨᠠᠩ ᠰᠠᠶᠢᠨ ᠬᠠᠪᠰᠤᠷᠴᠤ ᠡᠷᠡᠭᠦᠯᠵᠢᠭᠦᠯᠬᠦ᠂ ᠭᠡᠷ ᠪᠦᠯᠢ ᠶᠢᠨ ᠡᠶ᠎ᠡ ᠵᠣᠬᠢᠴᠠᠯ ᠢ ᠠᠬᠢᠭᠤᠯᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号