ᠰᠢᠭᠤᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ︽ᠭᠡᠷ ᠲᠤ ᠣᠷᠣᠵᠤ ᠰᠣᠩᠭᠤᠭᠤᠯᠢ ᠶᠢᠨ ᠠᠷᠠᠳ ᠢ ᠬᠦᠯᠢᠶᠡᠨ ᠠᠪᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
        ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢ ᠪᠠ ᠣᠯᠠᠨ ᠲᠦᠮᠡᠨ ᠤ ᠬᠠᠷᠢᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 1᠎ ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ︽ᠭᠡᠷ ᠲᠡᠭᠡᠨ ᠣᠷᠣᠵᠤ ᠰᠣᠩᠭᠤᠭᠤᠯᠢ ᠶᠢᠨ ᠠᠷᠠᠳ ᠢ ᠭᠥᠯᠢᠶᠡᠨ ᠠᠪᠬᠤ︾ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠢ ᠰᠢᠶᠠᠩ ᠭᠦᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠪᠢ ᠪᠠᠷ ᠰᠢᠭᠤᠶᠢᠲᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠲᠤ ᠬᠦᠷᠴᠦ᠂ ᠣᠯᠠᠨ ᠲᠦᠮᠡᠨ ᠤ ᠰᠡᠳᠬᠢᠯ ᠤᠨ ᠳᠠᠭᠤᠨ ᠢ ᠰᠣᠨᠣᠰᠴᠤ᠂ ᠰᠠᠨᠠᠯ ᠰᠠᠨᠠᠭᠤᠯᠭ᠎ᠠ ᠬᠤᠷᠢᠶᠠᠪᠠ᠃ ᠶᠠᠨ ᠰᠢᠶᠣᠣ ᠹᠧᠩ᠂ ᠯᠢ ᠶᠢᠨ ᠴᠠᠩ ᠵᠡᠷᠭᠡ ᠲᠣᠭᠤᠷᠢᠭ ᠤᠨ ᠳᠡᠰ ᠤᠨ 6 ᠠᠷᠠᠳ ᠤᠨ ᠲᠥᠯᠥᠭᠡᠯᠡᠭᠴᠢ ᠣᠷᠣᠯᠴᠠᠪᠠ᠃          ᠭᠥᠯᠢᠶᠡᠨ ᠵᠣᠴᠢᠯᠠᠬᠤ ᠲᠤᠬᠠᠢ ᠶᠢᠨ ᠲᠠᠯᠠᠪᠠᠢ ᠳᠤ ᠣᠯᠠᠨ ᠢᠶᠠᠷ ᠢᠶᠠᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠠᠭᠤᠵᠢᠷᠠᠲᠠᠯ᠎ᠠ ᠶᠠᠷᠢᠯᠴᠠᠵᠤ᠂ 7 ᠵᠠᠮ ᠤᠨ ᠲᠡᠷᠭᠡ ᠬᠥᠰᠬᠡ ᠶᠢᠨ ᠠᠶᠠᠯᠠᠯᠲᠠ ᠶᠢᠨ ᠲᠣᠬᠢᠷᠠᠭᠤᠯᠤᠯᠲᠠ ᠶᠢᠨ ᠴᠠᠭ᠂ ᠠᠮᠤᠭᠤᠯᠠᠩ ᠰᠠᠭᠤᠴᠠ ᠶᠢᠨ ᠲᠣᠭᠤᠷᠢᠭ ᠤᠨ ᠨᠢᠰᠬᠡᠯ ᠢᠶᠠᠷ ᠴᠠᠭᠢᠯᠭᠠᠨ ᠴᠡᠨᠡᠭᠯᠡᠬᠦ᠂ ᠶᠡᠬᠡᠪᠡᠷ ᠲᠠᠷᠬᠠᠭᠠᠬᠤ ᠪᠠ ᠱᠢ ᠯᠢᠶᠠᠩ ᠤᠨ ᠭᠠᠳᠠᠭᠰᠢ ᠶᠠᠪᠤᠬᠤ ᠠᠰᠠᠭᠤᠳᠠᠯ᠂ ᠬᠤᠭᠤᠰᠤᠨ ᠭᠡᠷ ᠪᠠᠶᠢᠰᠢᠩ ᠤᠨ ᠠᠮᠤᠷ ᠲᠦᠪᠰᠢᠨ ᠤ ᠭᠡᠮ ᠰᠣᠭᠤᠭ᠂ ᠦ᠋ ᠳ᠋ᠠᠩ ᠭᠧᠦ ᠪᠣᠯᠣᠨ ᠬᠢᠮᠢ ᠶᠢᠨ ᠦᠢᠯᠡᠳᠪᠦᠷᠢ ᠶᠢᠨ ᠰᠠᠭᠤᠭᠠᠯᠢ ᠠᠷᠠᠳ ᠤᠨ ᠤᠰᠤ ᠣᠯᠵᠤ ᠢᠳᠡᠬᠦ ᠬᠦᠴᠢᠷᠳᠡᠯ ᠵᠡᠷᠭᠡ ᠲᠠᠯ᠎ᠠ ᠪᠠᠷ ᠢᠳᠡᠪᠬᠢᠲᠡᠢ ᠶᠠᠷᠢᠯᠴᠠᠵᠤ᠂ ᠬᠠᠮᠤᠭ ᠤᠨ ᠦᠨᠡᠨ ᠪᠣᠳᠠᠲᠠᠢ᠂ ᠬᠠᠮᠤᠭ ᠤᠨ ᠪᠤᠰᠤᠳᠴᠢ ᠣᠪᠣᠷ ᠢᠶᠠᠷ ᠠᠷᠠᠳ ᠣᠯᠠᠨ ᠤ ᠪᠣᠳᠠᠲᠤ ᠱᠠᠭᠠᠷᠳᠠᠯᠭ᠎ᠠ ᠶᠢ ᠲᠤᠰᠬᠠᠵᠠᠢ᠃ 
1712049772440051577.png
        ᠰᠣᠩᠭᠤᠭᠤᠯᠢ ᠶᠢᠨ ᠠᠷᠠᠳ ᠤᠨ ᠲᠥᠯᠥᠭᠡᠯᠡᠭᠴᠢ ᠶᠢᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠨᠠᠷᠢᠨ ᠬᠢᠨᠠᠮᠠᠭᠠᠢ ᠰᠣᠨᠣᠰᠴᠤ᠂ ᠨᠢᠭᠡᠳ ᠨᠢᠭᠡ ᠪᠠᠷ ᠲᠡᠮᠳᠡᠭᠯᠡᠵᠦ᠂ ᠲᠤᠬᠠᠢ ᠶᠢᠨ ᠲᠠᠯᠠᠪᠠᠢ ᠳᠤ ᠬᠠᠷᠢᠭᠤᠯᠲᠠ ᠥᠭᠴᠦ ᠳᠡᠶᠢᠯᠭᠦ ᠠᠰᠠᠭᠤᠳᠠᠯ ᠳᠤ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠪᠡ︔ ᠣᠯᠠᠨ ᠲᠠᠯ᠎ᠠ ᠶᠢᠨ ᠬᠦᠴᠦ ᠬᠠᠮᠲᠤᠳᠬᠠᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠠᠴᠠ ᠬᠤᠷᠢᠶᠠᠩᠭᠤᠶᠢᠯᠠᠨ ᠡᠮᠬᠢᠯᠡᠬᠦ ᠶᠢᠨ ᠬᠠᠮᠲᠤ ᠲᠥᠷᠥᠯ ᠬᠤᠪᠢᠶᠠᠵᠤ᠂ ᠵᠡᠭᠡᠯᠢ ᠭᠤᠳᠤᠮᠵᠢ ᠶᠢᠨ ᠡᠷᠬᠡ ᠲᠤᠰᠢᠶᠠᠯ ᠤᠨ ᠬᠦᠷᠢᠶ᠎ᠡ ᠬᠡᠪᠴᠢᠶᠡᠨ ᠳᠤ ᠠᠯᠢ ᠲᠦᠷᠭᠡᠨ ᠢᠶᠠᠷ ᠰᠢᠢᠳᠪᠦᠷᠢᠯᠡᠬᠦ ᠲᠥᠰᠥᠯ ᠭᠠᠷᠭᠠᠨ᠂ ᠵᠡᠭᠡᠯᠢ ᠭᠤᠳᠤᠮᠵᠢ ᠶᠢᠨ ᠡᠷᠬᠡ ᠲᠤᠰᠢᠶᠠᠯ ᠤᠨ ᠬᠦᠷᠢᠶ᠎ᠡ ᠬᠡᠪᠴᠢᠶᠡᠨ ᠳᠤ ᠰᠢᠢᠳᠪᠦᠷᠢᠯᠡᠵᠦ ᠳᠡᠶᠢᠯᠭᠦ ᠦᠭᠡᠢ ᠰᠠᠨᠠᠯ ᠰᠠᠨᠠᠭᠤᠯᠭ᠎ᠠ ᠶᠢ ᠳᠡᠭᠡᠭᠰᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠵᠣᠬᠢᠴᠠᠭᠤᠯᠤᠨ ᠰᠢᠢᠳᠪᠦᠷᠢᠯᠡᠨ᠎ᠡ᠃          ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠭᠢᠯᠡᠭᠴᠢ ᠬᠠᠰ ᠢᠯᠡᠷᠬᠡᠶᠢᠯᠡᠬᠦ ᠳᠡᠭᠡᠨ᠂ ᠲᠤᠰ ᠤᠳᠠᠭᠠᠨ ᠤ ᠠᠵᠢᠯᠯᠠᠭᠠᠨ ᠳᠤ ᠴᠤᠭᠯᠠᠭᠤᠯᠤᠭᠰᠠᠨ ᠡᠯ᠎ᠡ ᠲᠥᠷᠥᠯ ᠤᠨ ᠠᠰᠠᠭᠤᠳᠠᠯ ᠢ ᠡᠮᠬᠢᠳᠬᠡᠨ ᠬᠤᠷᠢᠶᠠᠩᠭᠤᠶᠢᠯᠠᠵᠤ᠂ ᠱᠠᠯᠠᠪᠳᠠᠨ ᠰᠤᠳᠤᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠯᠠᠭᠤᠨ ᠴᠡᠭ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠠ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠬᠠᠮᠲᠤ ᠰᠤᠷᠠᠭ ᠵᠠᠩᠭᠢ ᠶᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠦᠷᠭᠦᠯᠵᠢᠯᠡᠨ ᠰᠢᠢᠳᠪᠦᠷᠢᠯᠡᠭᠰᠡᠨ ᠦᠷ᠎ᠡ ᠳ᠋ᠦᠩ ᠢ ᠦᠷᠭᠦᠯᠵᠢᠯᠡᠨ ᠮᠥᠷᠳᠡᠬᠦ ᠬᠡᠷᠡᠭᠲᠡᠢ︔ ᠲᠥᠯᠥᠭᠡᠯᠡᠭᠴᠢᠳ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠥᠷᠭᠡᠨ ᠳᠡᠯᠭᠡᠷᠡᠩᠭᠦᠢ ᠪᠠᠷ ᠪᠠᠶᠢᠴᠠᠭᠠᠨ ᠰᠤᠳᠤᠯᠤᠯᠲᠠ ᠬᠢᠵᠦ᠂ ᠪᠡᠷᠬᠡ ᠰᠡᠳᠦᠪ ᠢ ᠴᠢᠷᠮᠠᠶᠢᠨ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ ᠲᠦᠮᠡᠨ ᠤ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠣᠷᠢᠯᠲᠠ ᠶᠢ ᠦᠨᠡᠨ ᠬᠦ ᠪᠠᠳᠠᠷᠠᠭᠤᠯᠤᠨ᠎ᠠ᠃          ᠡᠨᠡ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠭᠥᠯᠢᠶᠡᠨ ᠠᠪᠬᠤ ᠠᠵᠢᠯᠯᠠᠭ᠎ᠠ ᠳᠤ ᠰᠠᠨᠠᠯ ᠰᠠᠨᠠᠭᠤᠯᠭ᠎ᠠ 7 ᠵᠤᠷᠪᠤᠰ ᠴᠤᠭᠯᠠᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠣᠯᠣᠨ ᠣᠯᠠᠨ ᠲᠦᠮᠡᠨ ᠤ ᠬᠤᠭᠤᠷᠣᠨᠳᠣᠭᠢ ᠵᠠᠢ ᠶᠢ ᠣᠶᠢᠷᠠᠲᠤᠭᠤᠯᠤᠭᠠᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠪᠠᠶᠢᠳᠠᠯ ᠢ ᠮᠡᠳᠡᠬᠦ᠂ ᠠᠷᠠᠳ ᠤᠨ ᠵᠣᠪᠠᠨᠢᠯ ᠢ ᠲᠠᠶᠢᠯᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠭᠦᠢᠴᠡᠳ ᠢᠯᠡᠷᠡᠭᠦᠯᠵᠡᠢ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠭᠤᠯᠢ ᠶᠢᠨ ᠠᠷᠠᠳ ᠢ ᠭᠥᠯᠢᠶᠡᠨ ᠠᠪᠬᠤ ᠠᠵᠢᠯᠯᠠᠭ᠎ᠠ ᠶᠢ ᠦᠷᠭᠦᠯᠵᠢᠯᠡᠨ ᠪᠠᠶᠢᠢᠩᠭᠤᠵᠢᠭᠤᠯᠵᠤ᠂ ᠣᠯᠠᠨ ᠲᠦᠮᠡᠨ ᠤ ᠲᠤᠰᠬᠠᠭᠰᠠᠨ ᠬᠠᠯᠠᠭᠤᠨ ᠴᠡᠭ᠂ ᠬᠦᠴᠢᠷ ᠠᠰᠠᠭᠤᠳᠠᠯ ᠢ ᠰᠠᠭᠠᠳ ᠦᠭᠡᠢ ᠨᠠᠪᠲᠠᠷᠡᠭᠦᠯᠵᠦ᠂ ᠣᠯᠠᠨ ᠲᠦᠮᠡᠨ ᠲᠠᠢ ᠬᠠᠷᠢᠯᠴᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠬᠦᠴᠢᠷ ᠵᠣᠪᠠᠭᠤᠷᠢ ᠶᠢ ᠦᠨᠡᠨ ᠬᠦ ᠰᠢᠢᠳᠪᠦᠷᠢᠯᠡᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号