ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠺᠠᠢ ᠵᠧᠦ ᠶᠣᠣᠽᠢ᠂ ᠵᠢᠢ ᠮᠣᠣ ᠶᠣᠣᠽᠢ ᠦᠨᠳᠦᠰᠦᠨ ᠱᠠᠲᠤᠨ ᠤ ᠡᠮ ᠡᠮᠨᠡᠯᠭᠡ ᠶᠢᠨ ᠲᠠᠬᠤᠯ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠰᠤᠳᠤᠯᠤᠭᠰᠠᠨ
ᠨᠡᠶᠢᠲᠡᠯᠡᠭᠰᠡᠨ ᠴᠠᠭ᠄
2024/4/17
        4 ᠰᠠᠷ᠎ᠠ ᠶᠢᠨ 2᠎ ᠤ ᠡᠳᠦᠷ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ︽ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠪᠠᠷ ᠭᠠᠷᠳᠠᠴᠠ ᠪᠤᠯᠭᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠠᠮᠢ ᠨᠠᠰᠤ ᠶᠢ ᠳᠡᠭᠡᠳᠦᠯᠡᠵᠦ᠂ ᠣᠷᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠤᠳᠤᠷᠢᠳᠤᠯᠭ᠎ᠠ ᠨᠠᠷ  ᠺᠠᠢ ᠵᠧᠦ ᠶᠣᠣᠽᠢ᠂ ᠵᠢᠢ ᠮᠣᠣ ᠶᠣᠣᠽᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠡᠮᠴᠢᠯᠡᠭᠡᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ 
1712134067632040340.jpg
        ᠡᠮᠦᠨ᠎ᠡ ᠹᠷᠠᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠶᠢ ᠠᠳᠬᠤᠬᠤ ᠶᠢ ᠪᠠᠷᠢᠮᠲᠠᠯᠠᠵᠤ᠃ ᠲᠣᠭᠣᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠠᠷᠠᠳ ᠲᠤ ᠳᠥᠭᠦᠮ ᠦᠵᠡᠭᠦᠯᠭᠦ᠂ ᠨᠡᠶᠢᠲᠡ ᠶᠢᠨ ᠠᠰᠠᠷᠠᠮᠵᠢ᠂ ᠬᠠᠶᠢᠷ᠎ᠠ ᠬᠠᠯᠠᠮᠵᠢ ᠠᠴᠠ ᠡᠭᠦᠰᠴᠦ᠂ ᠲᠣᠰᠬᠤᠨ ᠤ ᠡᠮᠴᠢ᠂ ᠲᠣᠰᠬᠤᠨ ᠤ ᠠᠷᠠᠳ ᠤᠨ ᠰᠠᠨᠠᠯ ᠪᠠ ᠰᠠᠨᠠᠭᠤᠯᠭ᠎ᠠ ᠶᠢ ᠣᠯᠠᠨ ᠠᠷᠭ᠎ᠠ ᠵᠠᠮ᠂ ᠣᠯᠠᠨ ᠭᠡᠯᠪᠡᠷᠢ ᠪᠠᠷ ᠰᠣᠨᠣᠰᠴᠤ᠂ ᠲᠣᠰᠬᠤᠨ ᠤ ᠠᠷᠠᠳ ᠢ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠳᠤᠨᠢ ᠣᠷᠣᠯᠴᠠᠭᠤᠯᠤᠨ᠂ ᠲᠣᠰᠬᠤᠨ ᠤ ᠠᠷᠠᠳ ᠤᠨ ᠡᠪᠡᠳᠴᠢᠨ ᠢᠶᠠᠨ ᠦᠵᠡᠭᠦᠯᠭᠦ ᠳᠤ ᠬᠦᠴᠢᠷ ᠲᠠᠢ ᠪᠠᠶᠢᠬᠤ ᠶᠢ ᠰᠢᠢᠳᠪᠦᠷᠢᠯᠡᠵᠦ᠂ ᠦᠢᠯᠡᠴᠢᠯᠡᠭᠡᠨ ᠤ ᠶᠠᠪᠤᠴᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠬᠠᠯᠠᠨ ᠰᠠᠶᠢᠵᠢᠷᠠᠭᠤᠯᠵᠤ᠂ ᠲᠣᠰᠬᠤᠨ ᠤ ᠠᠷᠠᠳ ᠲᠤ ᠦᠨᠡᠨ ᠰᠡᠳᠬᠢᠯ ᠠᠴᠠ ᠪᠠᠨ ᠬᠠᠶᠢᠷ᠎ᠠ ᠬᠠᠯᠠᠮᠵᠢ ᠪᠠᠨ ᠬᠡᠷᠡᠭᠯᠡᠬᠦ ᠬᠡᠷᠡᠭᠲᠡᠢ᠃ 
1712134079756031525.jpg
        ᠠᠷᠠᠳ ᠤᠨ ᠰᠡᠳᠬᠢᠯ ᠳᠤ ᠣᠶᠢᠷᠠᠳᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠃ ᠲᠣᠭᠣᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠭᠤᠣᠯ ᠬᠠᠷᠢᠭᠤᠴᠠᠯᠭ᠎ᠠ ᠭᠤᠣᠯ ᠠᠵᠢᠯ ᠦᠢᠯᠡᠰ ᠲᠡᠭᠡᠨ ᠰᠠᠭᠤᠷᠢᠯᠠᠵᠤ᠂ ᠰᠡᠳᠬᠢᠯ ᠲᠠᠯᠪᠢᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ︽ᠰᠤᠳᠤᠯᠬᠤ︾ ᠵᠣᠷᠢᠭ ᠰᠠᠨᠠᠭ᠎ᠠ ᠶᠢ ᠭᠠᠷᠭᠠᠨ᠂ ᠲᠣᠰᠬᠤᠨ ᠤ ᠡᠮᠨᠡᠯᠭᠡ ᠶᠢᠨ ᠦᠢᠯᠡᠴᠢᠯᠡᠭᠡᠨ ᠤ ᠣᠳᠣᠬᠢ ᠪᠠᠶᠢᠳᠠᠯ ᠪᠣᠯᠣᠨ ᠲᠣᠰᠬᠤᠨ ᠤ ᠠᠷᠠᠳ ᠤᠨ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ᠂  ᠵᠢᠢ ᠮᠤᠤ ᠶᠣᠣᠽᠢ ᠲᠣᠰᠬᠤᠨ ᠤ ᠠᠷᠠᠳ 60 ᠨᠠᠰᠤᠨ ᠠᠴᠠ ᠳᠡᠭᠡᠭᠰᠢ 70 %᠎ ᠶᠢ ᠡᠵᠡᠯᠡᠵᠦ᠂ ᠺᠠᠢ ᠵᠧᠦ ᠶᠤᠤᠽᠢ ᠲᠣᠰᠬᠤᠨ ᠤ ᠠᠷᠠᠳ 60 ᠨᠠᠰᠤᠨ ᠠᠴᠠ ᠳᠡᠭᠡᠭᠰᠢ 80 %᠎ ᠶᠢ ᠡᠵᠡᠯᠡᠵᠦ᠂ ᠬᠤᠶᠠᠷ ᠲᠣᠰᠬᠤᠨ ᠳᠤ ᠪᠦᠷ ᠭᠠᠵᠠᠷ ᠢᠶᠠᠨ ᠠᠯᠳᠠᠭᠰᠠᠨ ᠲᠠᠷᠢᠶᠠᠴᠢᠨ ᠤ ᠨᠠᠰᠤᠵᠢᠯ ᠤᠨ ᠳᠠᠭᠠᠳᠬᠠᠯ ᠲᠠᠢ ᠪᠤᠯᠪᠠᠴᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠰᠢᠨ᠎ᠡ ᠬᠥᠳᠡᠭᠡ ᠲᠣᠰᠬᠤᠨ ᠤ ᠬᠤᠷᠰᠢᠭᠰᠠᠨ ᠡᠮᠨᠡᠯᠭᠡ ᠶᠢᠨ ᠳᠠᠩᠰᠠ ᠲᠠᠶᠢᠯᠬᠤ ᠲᠠᠪᠴᠠᠩ ᠨᠢ ᠬᠡᠪ ᠢᠶᠠᠷ ᠬᠡᠷᠡᠭᠯᠡᠭᠳᠡᠵᠦ ᠪᠤᠯᠬᠤ ᠦᠭᠡᠢ ᠂ ᠲᠣᠰᠬᠤᠨ ᠤ ᠠᠷᠠᠳ ᠤᠨ ᠬᠡᠪ ᠤᠨ ᠡᠮ ᠬᠤᠳᠠᠯᠳᠤᠨ ᠠᠪᠬᠤ ᠶᠢ ᠨᠥᠯᠥᠭᠡᠯᠡᠵᠦ᠂ ᠡᠮ ᠤᠨ ᠵᠦᠢᠯᠡᠰ ᠤᠨ ᠬᠠᠩᠭᠠᠯᠭ᠎ᠠ ᠨᠢ ᠴᠠᠭ ᠲᠠᠭᠠᠨ ᠪᠠᠶᠢᠬᠤ ᠦᠭᠡᠢ᠂ ᠲᠣᠰᠬᠤᠨ ᠤ ᠡᠮᠴᠢ ᠨᠠᠷ ᠤᠨ ᠬᠡᠷᠡᠭᠴᠡᠭᠡ ᠶᠢ ᠣᠶᠢᠯᠠᠭᠠᠭᠰᠠᠨ ᠤ ᠳᠠᠷᠠᠭ᠎ᠠ ᠡᠮ ᠤᠨ ᠵᠦᠢᠯᠡᠰ ᠢ ᠬᠤᠳᠠᠯᠳᠤᠨ ᠠᠪᠴᠤ ᠪᠠᠶᠢᠨ᠎ᠠ᠃ 
1712134092744003314.jpg
        ᠦᠢᠯᠡ ᠠᠵᠢᠯᠯᠠᠭ᠎ᠠ ᠶᠢ ᠳᠡᠭᠡᠳᠦᠯᠡᠵᠦ ᠬᠥᠭᠵᠢᠯ ᠢ ᠠᠬᠢᠭᠤᠯᠬᠤ ᠶᠢ ᠪᠠᠷᠢᠮᠲᠠᠯᠠᠵᠤ᠃ ᠨᠢᠭᠡ ᠳᠤ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠵᠣᠬᠢᠶᠠᠨ ᠪᠠᠶᠢᠭᠤᠯᠤᠨ ︽ᠲᠣᠭᠤᠷᠢᠨ ᠡᠮᠨᠡᠨ ᠵᠠᠰᠠᠵᠤ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂  ᠵᠢᠢ ᠮᠣᠣ ᠶᠤᠤᠽᠢ ᠲᠣᠰᠬᠤᠨ ᠪᠠ ᠺᠠᠢ ᠵᠧᠦ ᠶᠤᠤᠽᠢ ᠲᠣᠰᠬᠤᠨ ᠳᠤ ᠭᠦᠨᠵᠡᠭᠡᠶᠢᠷᠡᠨ᠂ ᠰᠠᠷ᠎ᠠ ᠪᠦᠷᠢ ᠨᠢᠭᠡ ᠤᠳᠠᠭ᠎ᠠ ᠲᠣᠭᠤᠷᠢᠨ ᠡᠮᠨᠡᠬᠦ ᠪᠠᠨ ᠨᠡᠮᠡᠭᠳᠡᠭᠦᠯᠵᠦ᠂ ᠬᠠᠯᠳᠠᠪᠤᠷᠢᠲᠤ ᠴᠢᠨᠠᠷᠲᠠᠢ ᠸᠢᠷᠦ᠋ᠰ ᠲᠤ ᠨᠡᠷᠪᠡᠭᠳᠡᠭᠰᠡᠨ ᠬᠥᠮᠥᠰ ᠤᠨ ᠪᠡᠶ᠎ᠡ ᠶᠢᠨ ᠪᠠᠶᠢᠳᠠᠯ ᠪᠠ ᠡᠮ ᠤᠤᠭᠤᠭᠰᠠᠨ ᠪᠠᠶᠢᠳᠠᠯ ᠳᠤ ᠴᠢᠭᠯᠡᠭᠦᠯᠦᠨ ᠡᠮ ᠬᠡᠷᠡᠭᠯᠡᠬᠦ ᠪᠠ ᠡᠷᠡᠭᠦᠯ ᠮᠡᠨᠳᠦ ᠶᠢᠨ ᠵᠢᠯᠣᠭᠤᠳᠤᠯᠭ᠎ᠠ ᠥᠭᠴᠦ᠂ ᠪᠠᠶᠢᠩᠭᠤ ᠬᠡᠷᠡᠭᠯᠡᠬᠦ ᠡᠮ ᠳᠠᠩ ᠲᠠᠷᠬᠠᠭᠠᠨ ᠥᠭᠴᠦ᠂ ᠲᠣᠰᠬᠤᠨ ᠤ ᠠᠷᠠᠳ ᠲᠤ ᠬᠠᠯᠠᠭᠤᠨ ᠳᠤᠯᠠᠭᠠᠨ ᠪᠠ ᠡᠷᠡᠭᠦᠯ ᠮᠡᠨᠳᠦ ᠶᠢ ᠨᠢ ᠬᠦᠷᠭᠡᠵᠦ ᠥᠭᠭᠦᠨ᠎ᠡ᠃ ᠬᠤᠶᠠᠷ ᠲᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠣᠰᠬᠤᠨ ᠤ ᠡᠮᠴᠢ ᠶᠢᠨ ᠳᠠᠩᠰᠠ ᠡᠪᠬᠡᠮᠡᠯ ᠪᠠᠶᠢᠭᠤᠯᠤᠨ ᠺᠠᠷᠲ ᠭᠠᠷᠭᠠᠵᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠥᠪᠡᠷᠮᠢᠴᠡ ᠣᠨᠣᠰᠢᠯᠠᠨ ᠡᠮᠨᠡᠬᠦ ᠲᠥᠰᠥᠯ ᠲᠣᠭᠲᠠᠭᠠᠬᠤ ᠶᠢᠨ ᠬᠠᠮᠲᠤ ᠲᠣᠰᠬᠤᠨ ᠤ ᠠᠷᠠᠳ ᠤᠨ ᠬᠡᠷᠡᠭᠰᠡᠬᠦ ᠡᠮ ᠤᠨ ᠵᠦᠢᠯ ᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠴᠠᠭ ᠲᠤᠬᠠᠢ ᠳᠤᠨᠢ ᠰᠢᠯᠵᠢᠭᠦᠯᠦᠨ ᠥᠭᠴᠦ᠂ ᠲᠣᠰᠬᠤᠨ ᠤ ᠡᠮ ᠡᠮᠨᠡᠯᠭᠡ᠂ ᠠᠯᠪᠠᠨ ᠵᠢᠷᠤᠮ ᠤᠨ ᠣᠨᠣᠰᠢᠯᠠᠯᠲᠠ ᠪᠠᠷ ᠡᠮ ᠳᠠᠶᠢᠴᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠳᠡᠭᠡ ᠲᠣᠰᠬᠤᠨ ᠤ ᠡᠮᠨᠡᠯᠭᠡ ᠶᠢᠨ ᠡᠬᠢ ᠪᠠᠶᠠᠯᠢᠭ ᠲᠤᠲᠠᠭᠳᠠᠵᠤ ᠪᠠᠶᠢᠭ᠎ᠠ ᠪᠠᠶᠢᠳᠠᠯ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠣᠯᠠᠨ ᠲᠦᠮᠡᠨ ᠳᠤ ᠠᠮᠤᠷ ᠲᠦᠪᠰᠢᠨ ᠪᠥᠭᠡᠳ ᠪᠦᠲᠦᠮᠵᠢᠲᠡᠢ᠂ ᠳᠥᠭᠦᠮ ᠦᠵᠡᠭᠦᠯᠭᠦ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠪᠣᠯᠣᠨ ᠦᠨᠳᠦᠰᠦᠨ ᠡᠮᠨᠡᠯᠭᠡ ᠶᠢᠨ ᠦᠢᠯᠡᠴᠢᠯᠡᠭᠡᠨ ᠢ ᠨᠡᠩ ᠰᠠᠶᠢᠲᠤᠷ ᠬᠠᠩᠭᠠᠬᠤ ᠬᠡᠷᠡᠭᠲᠡᠢ᠃ ᠭᠤᠷᠪᠠ ᠳᠤ᠂ ᠡᠪᠡᠳᠴᠢᠨ ᠵᠠᠰᠠᠬᠤ ᠠᠴᠠ ᠡᠪᠡᠳᠴᠢᠨ ᠰᠡᠷᠭᠡᠶᠢᠯᠡᠬᠦ ᠬᠦᠷᠲᠡᠯᠡᠬᠢ ᠣᠶᠢᠯᠠᠭᠠᠭᠳᠠᠬᠤᠨ ᠤ ᠬᠤᠪᠢᠷᠠᠯᠲᠠ ᠶᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠶᠢ ᠣᠯᠠᠨ ᠠᠷᠭ᠎ᠠ ᠠᠪᠴᠠᠯ ᠢᠶᠠᠷ᠂ ᠪᠦᠭᠦ ᠲᠠᠯ᠎ᠠ ᠪᠠᠷ ᠴᠢᠩᠭᠠᠳᠬᠠᠵᠤ᠂ ᠡᠷᠡᠭᠦᠯ ᠮᠡᠨᠳᠦ ᠶᠢᠨ ᠰᠢᠨ᠎ᠡ ᠠᠷᠭ᠎ᠠ ᠭᠡᠯᠪᠡᠷᠢ ᠶᠢ ᠳᠠᠮᠵᠢᠭᠤᠯᠵᠤ᠂ ᠡᠷᠡᠭᠦᠯ ᠮᠡᠨᠳᠦ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ︽ᠪᠠᠭ᠎ᠠ ᠡᠪᠡᠳᠴᠢᠨ ᠢ ᠲᠣᠰᠬᠤᠨ ᠳᠤ ᠭᠠᠷᠭᠠᠬᠤ ᠦᠭᠡᠢ︾᠎ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠭᠦ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号