ᠠᠷᠠᠳ ᠢᠶᠠᠨ ᠬᠠᠶᠢᠷᠠᠯᠠᠵᠤ ᠵᠢᠷᠤᠮ ᠤᠨ ᠡᠮᠴᠢᠯᠡᠭᠡ ᠬᠥᠮᠥᠨ ᠤ ᠰᠡᠳᠬᠢᠯ ᠢ ᠳᠤᠯᠠᠭᠠᠴᠠᠭᠤᠯᠬᠤ
ᠨᠡᠶᠢᠲᠡᠯᠡᠭᠰᠡᠨ ᠴᠠᠭ᠄
2024/4/17
         ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠣᠯᠠᠨ ᠲᠦᠮᠡᠨ ᠤ ᠡᠪᠡᠳᠴᠢᠨ ᠦᠵᠡᠭᠦᠯᠵᠦ ᠡᠪᠡᠳᠴᠢᠨ ᠦᠵᠡᠭᠦᠯᠭᠦ ᠠᠰᠠᠭᠤᠳᠠᠯ ᠢ ᠰᠢᠢᠳᠪᠦᠷᠢᠯᠡᠬᠦ ᠪᠣᠳᠠᠲᠤ ᠦᠢᠯᠡᠳᠦᠯᠭᠡ ᠪᠣᠯᠭᠠᠨ ᠬᠤᠪᠢᠷᠠᠭᠤᠯᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠡᠪᠡᠳᠴᠢᠨ ᠦᠵᠡᠭᠦᠯᠭᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠶᠢ ᠰᠠᠭᠤᠭᠠᠯᠢ ᠠᠷᠠᠳ ᠤᠨ ᠭᠡᠷ ᠲᠤᠨᠢ ᠰᠢᠭᠤᠳ ᠬᠦᠷᠭᠡᠬᠦ ᠶᠢᠨ ᠲᠥᠯᠥᠭᠡ᠂ 4 ᠰᠠᠷ᠎ᠠ ᠶᠢᠨ 3᠎ ᠤ ᠡᠳᠦᠷ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠨᠢ ᠲᠣᠭᠤᠷᠢᠨ ᠡᠮᠨᠡᠬᠦ ᠪᠠᠭ᠎ᠠ ᠠᠩᠭᠢ ᠶᠢ ᠵᠣᠬᠢᠶᠠᠨ ᠪᠠᠶᠢᠭᠤᠯᠤᠨ ᠶᠡᠭᠡ ᠬᠥᠭᠵᠢᠯ ᠤᠨ ᠵᠡᠭᠡᠯᠢ ᠭᠤᠳᠤᠮᠵᠢ ( ᠲᠤᠭᠤᠷ ᠤᠨ ᠴᠡᠴᠡᠷᠯᠢᠭ )᠎ ᠳᠤ ᠬᠦᠷᠴᠦ ᠠᠯᠪᠠᠨ ᠵᠢᠷᠤᠮ ᠤᠨ ᠡᠮᠴᠢᠯᠡᠭᠡ ᠬᠢᠪᠡ᠃ 
1712134139510069359.png
        ᠠᠯᠪᠠᠨ ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠠᠢ ᠳᠤ᠂ 100 ᠭᠠᠷᠤᠢ ᠣᠯᠠᠨ ᠲᠦᠮᠡᠨ ᠠᠴᠠ ᠴᠢᠰᠤᠨ ᠰᠢᠬᠢᠷ᠂ ᠴᠢᠰᠤᠨ ᠳᠠᠷᠤᠯᠲᠠ᠂ ᠵᠢᠷᠦᠬᠡᠨ ᠴᠠᠭᠢᠯᠭᠠᠨ ᠵᠢᠷᠤᠭ᠂ ᠥᠩᠭᠡᠲᠦ ᠭᠡᠳᠦ ᠳᠣᠯᠭᠢᠶᠠᠨ ᠤ ᠲᠥᠷᠥᠯ ᠵᠦᠢᠯ ᠢ ᠨᠠᠷᠢᠨ ᠠᠰᠠᠭᠤᠵᠤ᠂ ᠡᠪᠡᠳᠴᠢᠨ ᠤ ᠪᠠᠶᠢᠳᠠᠯ ᠢ ᠨᠢᠭᠡᠳ ᠨᠢᠭᠡ ᠪᠠᠷ ᠬᠦᠯᠢᠴᠡᠩᠭᠦᠢ ᠨᠢᠮᠪᠠᠢ ᠵᠠᠳᠠᠯᠵᠤ᠂ ᠡᠷᠡᠭᠦᠯ ᠮᠡᠨᠳᠦ ᠶᠢᠨ ᠵᠦᠢ ᠵᠣᠬᠢᠰᠲᠠᠢ ᠵᠢᠯᠣᠭᠤᠳᠤᠯᠭ᠎ᠠ ᠳᠤᠷᠠᠳᠪᠠ᠃ ᠬᠢᠲᠠᠳ ᠡᠮᠨᠡᠯᠭᠡ ᠶᠢᠨ ᠰᠠᠯᠠᠭᠠᠨ ᠤ ᠡᠮᠴᠢ ᠣᠯᠠᠨ ᠲᠦᠮᠡᠨ ᠤ ᠬᠠᠮᠢᠶ᠎ᠠ ᠪᠦᠬᠦᠢ ᠡᠪᠡᠳᠴᠢᠨ ᠳᠤ ᠴᠢᠭᠯᠡᠭᠦᠯᠦᠨ ᠬᠢᠲᠠᠳ ᠡᠮᠨᠡᠯᠭᠡ ᠶᠢᠨ ᠡᠮᠴᠢᠯᠡᠭᠡ ᠬᠢᠵᠦ᠂ ᠣᠯᠠᠨ ᠲᠦᠮᠡᠨ ᠳᠤ ︽ᠡᠪᠡᠳᠴᠢᠯᠡᠬᠦ ᠠᠴᠠ ᠨᠢ ᠡᠮᠦᠨ᠎ᠡ ᠰᠡᠷᠭᠡᠶᠢᠯᠡᠬᠦ᠂ ᠡᠪᠡᠳᠴᠢᠨ ᠠᠴᠠ ᠡᠮᠦᠨ᠎ᠡ ᠰᠡᠷᠭᠡᠶᠢᠯᠡᠬᠦ᠂ ᠡᠪᠡᠳᠴᠢᠨ ᠢ ᠨᠢ ᠵᠠᠰᠠᠵᠤ ᠳᠠᠷᠠᠭ᠎ᠠ ᠨᠢ ᠰᠡᠷᠭᠡᠶᠢᠯᠡᠬᠦ︾ ᠤᠯᠠᠮᠵᠢᠯᠠᠯᠲᠤ ᠬᠢᠲᠠᠳ ᠡᠮᠨᠡᠯᠭᠡ ᠶᠢᠨ ᠡᠮᠴᠢᠯᠡᠭᠡᠨ ᠤ ᠣᠨᠴᠠᠯᠢᠭ ᠢ ᠮᠡᠳᠡᠭᠦᠯᠵᠦ᠂ ᠬᠢᠲᠠᠳ ᠡᠮᠨᠡᠯᠭᠡ ᠶᠢᠨ ︽ᠢᠯᠡᠷᠡᠭᠡ ᠦᠭᠡᠢ ᠡᠪᠡᠳᠴᠢᠨ ᠢ ᠵᠠᠰᠠᠬᠤ︾ ᠣᠨᠣᠯᠵᠢᠬᠤᠨ ᠪᠠ ᠪᠡᠶ᠎ᠡ ᠰᠤᠪᠢᠯᠠᠬᠤ ᠡᠷᠡᠭᠦᠯ ᠮᠡᠨᠳᠦ ᠶᠢᠨ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃          ᠳᠠᠷᠠᠭᠠᠴᠢ ᠪᠠᠷ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠣᠯᠠᠨ ᠲᠦᠮᠡᠨ ᠤ ᠱᠠᠭᠠᠷᠳᠠᠯᠭ᠎ᠠ ᠪᠠᠷ ᠵᠢᠯᠣᠭᠤᠳᠤᠮᠵᠢ ᠪᠤᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠳᠤ ᠨᠡᠩ ᠳᠥᠭᠦᠮ᠂ ᠴᠢᠨᠠᠷ ᠰᠠᠶᠢᠲᠠᠢ ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠡᠷᠡᠭᠦᠯ ᠮᠡᠨᠳᠦ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号