ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠬᠤᠯᠪᠣᠭᠠᠲᠤ ᠲᠣᠭᠤᠷᠢᠭ ᠤᠨ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠠᠷᠢᠶ᠎ᠠ ᠲᠣᠭᠤᠷᠢᠭ ᠤᠨ ᠠᠵᠤ ᠠᠬᠤᠶᠢᠯᠠᠯ ᠤᠨ ᠭᠦᠳᠡᠯᠮᠦᠷᠢ ᠶᠢᠨ ᠪᠠᠲᠤᠯᠠᠭ᠎ᠠ ᠶᠢᠨ ᠲᠤᠰᠬᠠᠢ ᠪᠠᠶᠢᠴᠠᠭᠠᠯᠲᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2024/4/17
        ︽ᠭᠦᠳᠡᠯᠮᠦᠷᠢ ᠶᠢᠨ ᠬᠠᠤᠯᠢ︾᠂ ︽ᠨᠡᠶᠢᠭᠡᠮ ᠤᠨ ᠳᠠᠭᠠᠳᠬᠠᠯ ᠤᠨ ᠬᠠᠤᠯᠢ︾ ᠵᠡᠷᠭᠡ ᠭᠦᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ ᠭᠦᠳᠡᠯᠮᠦᠷᠢ ᠶᠢᠨ ᠪᠠᠲᠤᠯᠠᠭ᠎ᠠ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠦᠲᠦᠮᠵᠢᠲᠡᠢ ᠪᠠᠷ ᠤᠷᠢᠳᠴᠢᠯᠠᠨ ᠰᠡᠷᠭᠡᠶᠢᠯᠡᠬᠦ ᠪᠠ ᠪᠠᠶᠢᠴᠠᠭᠠᠨ ᠰᠢᠢᠳᠪᠦᠷᠢᠯᠡᠵᠦ᠂ ᠥᠷᠭᠡᠨ ᠣᠯᠠᠨ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃ 3 ᠰᠠᠷ᠎ᠠ ᠶᠢᠨ 28᠎ ᠤ ᠡᠳᠦᠷ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠬᠠᠮᠲᠤᠷᠠᠨ ᠬᠠᠷᠢᠶᠠᠲᠤ ᠣᠷᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ ᠣᠷᠤᠯᠴᠠᠬᠤ ᠲᠤᠰᠬᠠᠢ ᠪᠠᠶᠢᠴᠠᠭᠠᠯᠲᠠ ᠬᠢᠪᠡ᠃ 
1712135732001006590.jpeg
        ᠪᠠᠶᠢᠴᠠᠭᠠᠬᠤ ᠳᠤᠭᠤᠶᠢᠯᠠᠩ ᠤᠷᠢᠳ ᠬᠤᠵᠢᠳ 10 ᠠᠵᠤ ᠠᠬᠤᠶᠢᠯᠠᠯ ᠢᠶᠠᠷ ᠭᠦᠨᠵᠡᠭᠡᠶᠢᠷᠡᠨ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠠᠵᠢᠯᠲᠠᠨ ᠠᠵᠢᠯᠴᠢᠨ ᠲᠠᠢ ᠪᠠᠨ ᠭᠦᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠳᠠᠯ ᠵᠢᠴᠢ ᠨᠡᠶᠢᠭᠡᠮ ᠤᠨ ᠳᠠᠭᠠᠳᠬᠠᠯ ᠤᠨ ᠮᠥᠩᠭᠦ ᠪᠠᠨ ᠲᠤᠰᠢᠶᠠᠭᠰᠠᠨ ᠪᠠᠶᠢᠳᠠᠯ ᠢ ᠣᠶᠢᠯᠠᠭᠠᠨ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠨᠢᠭᠡᠴᠡ ᠶᠢ ᠵᠠᠷᠯᠢᠭᠳᠠᠨ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ᠃          ᠲᠣᠭᠣᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠨᠡᠪᠲᠡᠷᠡᠯᠴᠡᠨ ᠬᠠᠷᠢᠯᠴᠠᠬᠤ ᠶᠢ ᠦᠷᠭᠦᠯᠵᠢᠯᠡᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠬᠠᠷᠢᠶ᠎ᠠ ᠲᠣᠭᠤᠷᠢᠭ ᠤᠨ ᠠᠵᠤ ᠠᠬᠤᠶᠢᠯᠠᠯ ᠢ ᠱᠠᠭᠠᠷᠳᠠᠵᠤ ᠪᠠᠶᠢᠭᠠᠳ ᠬᠥᠳᠡᠯᠮᠦᠷᠢᠯᠡᠭᠴᠢ ᠶᠢᠨ ᠨᠡᠶᠢᠭᠡᠮ ᠤᠨ ᠳᠠᠭᠠᠳᠬᠠᠯ ᠢ ᠲᠤᠰᠢᠶᠠᠵᠤ᠂ ᠪᠠᠲᠤᠯᠠᠪᠠᠰᠤ ᠵᠣᠬᠢᠬᠤ ᠶᠢ ᠨᠢ ᠪᠦᠭᠦᠨ ᠢ ᠪᠠᠲᠤᠯᠠᠵᠤ᠂ ᠬᠥᠳᠡᠯᠮᠦᠷᠢᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠪᠠᠲᠤᠯᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号