ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠦᠢᠯᠡᠰ ᠪᠣᠰᠬᠠᠬᠤ ᠪᠠᠲᠤᠯᠭᠠᠲᠤ ᠵᠢᠭᠡᠯᠡᠯᠭᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠭᠰᠠᠨ
ᠨᠡᠶᠢᠲᠡᠯᠡᠭᠰᠡᠨ ᠴᠠᠭ᠄
2024/4/17
        ︽ᠡᠨᠡ ᠲᠥᠷᠥ ᠶᠢᠨ ᠪᠣᠳᠣᠯᠭ᠎ᠠ ᠳᠠᠩᠴᠢ ᠶᠡᠭᠡ ᠬᠦᠴᠦ ᠭᠦᠳᠡᠯᠮᠦᠷᠢ ᠣᠷᠣᠭᠤᠯᠤᠭᠰᠠᠨ᠂ ᠦᠨᠡᠬᠡᠷ ᠴᠦ ᠲᠣᠩ ᠲᠣᠬᠢᠷᠠᠮᠵᠢᠲᠠᠢ ᠪᠠᠶᠢᠨ᠎ᠠ᠂ ᠢᠩᠭᠢᠪᠡᠯ ᠭᠦᠷᠪᠡᠯ ᠪᠠᠭ᠎ᠠ ᠪᠤᠰᠤ ᠬᠦᠦ ᠮᠥᠩᠭᠦ ᠠᠷᠪᠢᠯᠠᠵᠤ ᠪᠣᠯᠣᠨ᠎ᠠ᠂ ᠨᠠᠮ ᠪᠠ ᠵᠠᠰᠠᠭ ᠤᠨ ᠣᠷᠳᠣᠨ ᠤ ᠠᠰᠢᠭᠲᠠᠢ ᠪᠣᠯᠣᠯ᠎ᠠ᠂ ᠲᠠ ᠨᠠᠷ ᠠᠳᠡ ᠲᠤᠰᠬᠠᠶᠢᠯᠠᠨ ᠲᠥᠷᠥ ᠶᠢᠨ ᠪᠣᠳᠣᠯᠭ᠎ᠠ ᠵᠢᠭᠠᠭᠰᠠᠨ ᠳᠤ ᠲᠠᠯᠠᠷᠬᠠᠵᠤ ᠪᠠᠶᠢᠨ᠎ᠠ᠂ ᠥᠩᠭᠡᠷᠡᠭᠰᠡᠨ ᠳᠤ ᠡᠶᠢᠮᠦ ᠰᠠᠶᠢᠨ ᠲᠥᠷᠥ ᠶᠢᠨ ᠪᠣᠳᠣᠯᠭ᠎ᠠ ᠭᠡᠵᠦ ᠰᠣᠨᠣᠰᠤᠭᠰᠠᠨ ᠠᠴᠠ ᠪᠢᠰᠢ᠂ ᠪᠣᠳᠠᠲᠤ ᠪᠠᠶᠢᠳᠠᠯ ᠶᠠᠮᠠᠷ ᠪᠠᠶᠢᠬᠤ ᠶᠢ ᠦᠨᠡᠬᠡᠷ ᠮᠡᠳᠡᠬᠦ ᠦᠭᠡᠢ᠃ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠬᠠᠷᠢᠶᠠᠲᠤ ᠲᠣᠭᠤᠷᠢᠭ ᠲᠤ ᠦᠢᠯᠡᠰ ᠪᠣᠰᠬᠠᠬᠤ ᠪᠠᠲᠤᠯᠠᠪᠤᠷᠢ ᠶᠢᠨ ᠵᠢᠭᠡᠯᠡᠯᠭᠡ ᠶᠢᠨ ᠤᠬᠠᠭᠤᠯᠭ᠎ᠠ ᠬᠢᠬᠦ ᠦᠶᠡᠰ᠂ ᠵᠢᠵᠢᠭ ᠬᠤᠳᠠᠯᠳᠤᠭᠠᠨ ᠤ ᠡᠷᠦᠭᠡ ᠶᠢᠨ ᠬᠠᠷᠢᠭᠤᠴᠠᠯᠭᠠᠲᠠᠨ ᠶᠠᠨ ᠠᠪᠠᠭ᠋ᠠᠢ ᠦᠢᠯᠡᠰ ᠪᠣᠰᠬᠠᠬᠤ ᠪᠠᠲᠤᠯᠠᠪᠤᠷᠢ ᠶᠢᠨ ᠵᠢᠭᠡᠯᠡᠯᠭᠡ ᠠᠪᠬᠤ ᠦᠶᠡᠰ ᠪᠠᠶᠠᠷᠯᠠᠵᠤ ᠬᠡᠯᠡᠭᠰᠡᠨ ᠪᠠᠶᠢᠳᠠᠭ᠃ ᠣᠶᠢᠯᠠᠭᠠᠭᠰᠠᠨ ᠢᠶᠠᠷ᠂ ᠶᠠᠨ ᠠᠪᠠᠭ᠋ᠠᠢ ᠪᠣᠯ ᠰᠢᠭᠤᠶᠢᠲᠤ ᠲᠣᠭᠤᠷᠢᠭ ᠤᠨ ᠦᠢᠯᠡᠰ ᠪᠣᠰᠬᠠᠭᠴᠢᠳ ᠤᠨ ᠨᠢᠭᠡ ᠪᠣᠯᠣᠨ᠎ᠠ᠂ ᠲᠡᠷᠡ ᠣᠶᠤᠲᠠᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠳᠦᠭᠦᠷᠦᠭᠰᠡᠨ ᠤ ᠳᠠᠷᠠᠭ᠎ᠠ᠂ ᠥᠪᠥᠷ ᠮᠣᠩᠭᠤᠯ ᠤᠨ ᠮᠢᠩ ᠴᠤᠸᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢ ᠡᠭᠦᠳᠦᠨ ᠪᠠᠶᠢᠭᠤᠯᠵᠤ᠂ ᠦᠢᠯᠡᠰ ᠪᠣᠰᠬᠠᠬᠤ ᠬᠦᠷᠢᠶᠡᠯᠡᠩ ᠳᠤ ᠣᠷᠣᠵᠤ᠂ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ ᠳᠤᠮᠳᠠ ᠪᠠᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠭᠰᠠᠨ ᠪᠠᠶᠢᠨ᠎ᠠ᠃ 
        ᠥᠷᠭᠡᠨ ᠣᠯᠠᠨ ᠦᠢᠯᠡᠰ ᠪᠣᠰᠬᠠᠭᠴᠢᠳ ᠤᠨ ᠦᠢᠯᠡᠰ ᠪᠣᠰᠬᠠᠬᠤ ᠤᠷᠮ᠎ᠠ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠨᠡᠶᠢᠭᠡᠮ ᠤᠨ ᠮᠡᠳᠡᠭᠳᠡᠬᠦᠶᠢᠴᠡ ᠶᠢ ᠥᠷᠭᠡᠳᠬᠡᠵᠦ᠂ ᠨᠡᠩ ᠴᠢᠨᠠᠷ ᠰᠠᠶᠢᠲᠠᠢ᠂ ᠨᠡᠩ ᠡᠶ᠎ᠡ ᠵᠣᠬᠢᠴᠠᠩᠭᠤᠢ᠂ ᠨᠡᠩ ᠠᠭᠤᠵᠢᠭᠤ ᠲᠠᠯᠪᠢᠭᠤ ᠦᠢᠯᠡᠰ ᠪᠣᠰᠬᠠᠬᠤ ᠣᠷᠴᠢᠨ ᠲᠣᠭᠤᠷᠢᠨ ᠢ ᠪᠤᠢ ᠪᠤᠯᠭᠠᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠨᠢ ᠰᠦᠯᠵᠢᠶᠡᠨ ᠠᠴᠠ ᠭᠠᠳᠠᠨ᠎ᠠ ᠠᠵᠤ ᠠᠬᠤᠶᠢᠯᠠᠯ ᠰᠤᠷᠪᠤᠯᠵᠢᠯᠠᠬᠤ᠂ ᠡᠭᠦᠳᠡᠨ ᠳᠡᠯᠭᠡᠭᠦᠷ ᠲᠤ ᠣᠷᠣᠬᠤ᠂ ᠨᠡᠶᠢᠭᠡᠮ ᠲᠣᠭᠤᠷᠢᠭ ᠲᠤ ᠣᠷᠣᠵᠤ ᠬᠦᠷᠭᠡᠬᠦ ᠲᠥᠷᠥ ᠶᠢᠨ ᠪᠣᠳᠣᠯᠭ᠎ᠠ ᠵᠡᠷᠭᠡ ᠭᠡᠯᠪᠡᠷᠢ ᠪᠠᠷ ᠳᠠᠮᠵᠢᠨ᠂ ᠣᠯᠠᠨ ᠠᠷᠭ᠎ᠠ ᠵᠠᠮ᠂ ᠣᠯᠠᠨ ᠳᠡᠰ ᠳᠠᠪᠬᠤᠷᠭ᠎ᠠ᠂ ᠣᠯᠠᠨ ᠬᠠᠷᠠᠭᠠᠰᠤ ᠠᠴᠠ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠪᠠ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠬᠠᠷᠢᠶ᠎ᠠ ᠲᠣᠭᠤᠷᠢᠭ ᠤᠨ ᠬᠤᠪᠢ ᠶᠢᠨ ᠬᠤᠳᠠᠯᠳᠤᠭᠠᠨ ᠤ ᠡᠷᠦᠭᠡ ᠵᠢᠴᠢ ᠵᠢᠵᠢᠭ ᠪᠢᠴᠢᠯ ᠠᠵᠤ ᠠᠬᠤᠶᠢᠯᠠᠯ ᠤᠨ ᠰᠠᠶᠢᠨ ᠬᠥᠭᠵᠢᠯᠲᠡ ᠶᠢ ᠠᠬᠢᠭᠤᠯᠤᠨ᠎ᠠ᠃          ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠴᠢᠩᠭᠠᠷᠠᠵᠤ᠂ ᠠᠵᠢᠯ ᠣᠯᠭᠤᠯᠲᠠ ᠶᠢ ᠳᠠᠶᠢᠴᠢᠯᠠᠬᠤ ᠰᠠᠶᠢᠨ ᠦᠢᠯᠡᠳᠦᠯ ᠦᠵᠡᠭᠦᠯᠵᠡᠢ᠃ ᠡᠨᠡ ᠵᠢᠯ᠂ ᠰᠢᠨ᠎ᠡ ᠠᠵᠤ ᠠᠬᠤᠢ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠳᠤ ᠵᠣᠬᠢᠴᠠᠬᠤ ᠶᠢᠨ ᠲᠥᠯᠥᠭᠡ᠂ ᠪᠠᠭ᠎ᠠ ᠵᠢᠵᠢᠭ ᠠᠵᠤ ᠠᠬᠤᠶᠢᠯᠠᠯ ᠪᠠ ᠬᠤᠪᠢ ᠶᠢᠨ ᠦᠢᠯᠡᠰ ᠪᠣᠰᠬᠠᠭᠴᠢᠳ ᠤᠨ ᠳᠡᠮᠵᠢᠬᠦ ᠬᠦᠴᠦᠯᠡᠴᠡ ᠶᠢ ᠤᠯᠠᠮ ᠨᠡᠮᠡᠭᠳᠡᠭᠦᠯᠵᠦ᠂ ᠬᠤᠪᠢ ᠬᠥᠮᠥᠨ ᠤ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠭᠤᠶᠤᠴᠢᠯᠠᠬᠤ ᠲᠤᠭ᠎ᠠ ᠶᠢ ᠤᠤᠯ ᠤᠨ 20 ᠲᠦᠮᠡᠨ ᠲᠥᠭᠦᠷᠢᠭ ᠪᠠᠶᠢᠭᠰᠠᠨ ᠠᠴᠠ 30 ᠲᠦᠮᠡᠨ ᠲᠥᠭᠦᠷᠢᠭ ᠪᠣᠯᠭᠠᠨ ᠨᠡᠮᠡᠭᠳᠡᠭᠦᠯᠵᠦ᠂ ᠪᠠᠭ᠎ᠠ ᠵᠢᠵᠢᠭ ᠠᠵᠤ ᠠᠬᠤᠶᠢᠯᠠᠯ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠭᠤᠶᠤᠴᠢᠯᠠᠬᠤ ᠬᠡᠮᠵᠢᠶ᠎ᠡ ᠶᠢ ᠤᠤᠯ ᠤᠨ 300 ᠲᠦᠮᠡᠨ ᠲᠥᠭᠦᠷᠢᠭ ᠪᠠᠶᠢᠭᠰᠠᠨ ᠠᠴᠠ 400 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠡᠢ᠃ ᠨᠥᠬᠦᠴᠡᠯ ᠳᠤ ᠨᠡᠶᠢᠴᠡᠬᠦ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠢᠭᠡᠯᠡᠯᠭᠡ ᠶᠢᠨ ᠪᠣᠳᠠᠲᠠᠢ ᠬᠦᠦ ᠶᠢᠨ ᠨᠣᠷᠮ᠎ᠠ ᠶᠢᠨ 50 %᠎ ᠤ ᠡᠳ᠋ ᠤᠨ ᠵᠠᠰᠠᠭ ᠤᠨ ᠳᠠᠮ ᠬᠦᠦ ᠶᠢ ᠥᠭᠭᠦᠨ᠎ᠡ᠃ ᠰᠢᠨ᠎ᠡ ᠲᠥᠷᠥ ᠶᠢᠨ ᠪᠣᠳᠣᠯᠭ᠎ᠠ ᠨᠢ ᠵᠢᠭᠡᠯᠡᠯᠭᠡ ᠶᠢᠨ ᠲᠤᠭ᠎ᠠ ᠬᠡᠮᠵᠢᠶ᠎ᠡ᠂ ᠴᠠᠭ ᠬᠤᠭᠤᠴᠠᠭ᠎ᠠ᠂ ᠬᠦᠦ ᠶᠢᠨ ᠨᠣᠷᠮ᠎ᠠ ᠵᠡᠷᠭᠡ ᠲᠠᠯ᠎ᠠ ᠪᠠᠷ ᠦᠷᠭᠦᠯᠵᠢᠯᠡᠨ ᠰᠢᠯᠢᠳᠡᠭᠵᠢᠵᠦ᠂ ᠦᠢᠯᠡᠰ ᠪᠣᠰᠬᠠᠬᠤ ᠪᠡᠯᠡ ᠲᠣᠬᠢᠷᠠᠭᠤᠯᠭ᠎ᠠ ᠶᠢᠨ ᠠᠰᠠᠭᠤᠳᠠᠯ ᠢ ᠨᠡᠩ ᠪᠦᠲᠦᠮᠵᠢᠲᠡᠢ ᠨᠠᠮᠳᠠᠭᠤᠯᠤᠨ᠎ᠠ ᠃          ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠨᠢ ᠦᠢᠯᠡᠰ ᠪᠣᠰᠬᠠᠬᠤ ᠪᠠᠲᠤᠯᠭᠠᠲᠤ ᠵᠢᠭᠡᠯᠡᠯᠭᠡ ᠶᠢᠨ ᠤᠬᠠᠭᠤᠯᠭ᠎ᠠ ᠶᠢᠨ ᠡᠷᠴᠢᠮ ᠢᠶᠠᠨ ᠤᠯᠠᠮ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠬᠤᠳᠠᠯᠳᠤᠭᠠᠨ ᠤ ᠲᠣᠭᠤᠷᠢᠭ ᠲᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠬᠠᠷᠢᠶ᠎ᠠ ᠲᠣᠭᠤᠷᠢᠭ ᠤᠨ ᠣᠯᠠᠨ ᠲᠦᠮᠡᠨ ᠤ ᠦᠢᠯᠡᠰ ᠪᠣᠰᠬᠠᠬᠤ ᠤᠷᠮ᠎ᠠ ᠵᠣᠷᠢᠭ ᠢ ᠬᠥᠭᠵᠢᠭᠡᠵᠦ᠂ ᠨᠥᠬᠦᠴᠡᠯ ᠳᠤ ᠨᠡᠶᠢᠴᠡᠭᠰᠡᠨ ᠨᠡᠩ ᠣᠯᠠᠨ ᠬᠤᠳᠠᠯᠳᠤᠭᠠᠨ ᠤ ᠡᠷᠦᠭᠡ᠂ ᠵᠢᠵᠢᠭ ᠠᠵᠤ ᠠᠬᠤᠶᠢᠯᠠᠯ ᠳᠤ ᠠᠵᠢᠯ ᠣᠯᠭᠤᠬᠤ ᠦᠢᠯᠡᠰ ᠪᠣᠰᠬᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠳᠡᠮᠵᠢᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号