ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠤᠷᠢᠳᠠᠪᠠᠷ ᠬᠢᠵᠦ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2024/4/17
        ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠰᠢᠭᠤᠶᠢᠲᠤ ᠲᠣᠭᠤᠷᠢᠭ ᠤᠨ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ 2024 ᠣᠨ ᠤ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠨᠢ ︽ᠪᠤᠭᠤᠲᠤ ᠬᠤᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾᠎ ᠢ ᠤᠯᠠᠮᠵᠢᠯᠠᠨ᠂ ᠮᠠᠨ ᠤ ᠲᠣᠪᠴᠢᠶ᠎ᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠳᠤ ᠪᠣᠳᠠᠲᠠᠢ ᠪᠠᠶᠢᠷᠢᠯᠠᠭᠤᠯᠤᠯᠲᠠ ᠬᠢᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠬᠦᠷᠢᠶᠡᠨ ᠤ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠠᠢ᠃ 
1712136124910080711.jpg
        ᠠᠵᠢᠯᠲᠠᠨ ᠤ ᠶᠠᠪᠤᠳᠠᠯ ᠤᠨ ᠤᠷᠢᠨ ᠡᠯᠰᠡᠬᠦ ᠳᠤᠮᠳᠠ ᠤᠷᠢᠭᠳᠠᠭᠰᠠᠳ ᠤᠨ ᠦᠨᠡᠨᠴᠢ ᠢᠲᠡᠭᠡᠮᠵᠢ ᠶᠢᠨ ᠪᠠᠶᠢᠳᠠᠯ ᠢ ᠴᠢᠩᠭ᠎ᠠ ᠬᠢᠨᠠᠨ ᠪᠠᠶᠢᠴᠠᠭᠠᠬᠤ ᠬᠡᠷᠡᠭᠲᠡᠢ          ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠨ ᠬᠡᠷᠡᠭᠯᠡᠬᠦ ᠰᠢᠯᠭᠠᠯᠲᠠ ᠶᠢᠨ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠵᠦ᠂ ᠤᠷᠢᠨ ᠬᠡᠷᠡᠭᠯᠡᠬᠦ ᠬᠥᠮᠥᠰ ᠤᠨ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠢ ᠴᠢᠩᠭ᠎ᠠ ᠬᠢᠨᠠᠨ ᠪᠠᠶᠢᠴᠠᠭᠠᠵᠤ᠂ ᠰᠢᠯᠭᠠᠯᠲᠠ ᠳᠤ ᠣᠷᠣᠯᠠᠨ ᠰᠢᠯᠭᠠᠬᠤ᠂ ᠪᠥᠵᠢᠭ ᠤᠨ ᠲᠠᠯ᠎ᠠ ᠪᠠᠷ ᠬᠠᠤᠯᠢ ᠶᠣᠰᠣ ᠶᠢ ᠵᠥᠷᠢᠴᠡᠬᠦ ᠵᠡᠷᠭᠡ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠨ᠂ ᠲᠣᠭᠲᠠᠭᠠᠯ ᠢ ᠵᠥᠷᠢᠴᠡᠨ ᠤᠷᠢᠨ ᠬᠡᠷᠡᠭᠯᠡᠭᠰᠡᠨ ᠬᠥᠮᠥᠰ ᠢ ᠪᠠᠶᠢᠴᠠᠭᠠᠨ ᠲᠣᠳᠣᠯᠠᠮᠠᠭᠴᠠ᠂ ᠤᠷᠢᠨ ᠬᠡᠷᠡᠭᠯᠡᠬᠦ ᠭᠡᠷ᠎ᠡ ᠶᠢ ᠬᠦᠴᠦᠨ ᠦᠭᠡᠢ ᠪᠤᠯᠭᠠᠵᠤ᠂ ᠢᠯᠭᠠᠷᠠᠭᠤᠯᠤᠨ ᠪᠤᠴᠠᠭᠠᠬᠤ ᠬᠡᠷᠡᠭᠲᠡᠢ︔ ᠡᠯ᠎ᠡ ᠲᠥᠷᠥᠯ ᠤᠨ ᠢᠯᠡ ᠪᠠᠷ ᠤᠷᠢᠭᠳᠠᠬᠤ ᠬᠥᠮᠥᠰ ᠤᠨ ᠪᠠᠶᠢᠴᠠᠭᠠᠯᠲᠠ ᠶᠢᠨ ᠬᠤᠭᠤᠴᠠᠭᠠᠨ ᠳᠤ ᠰᠢᠯᠭᠠᠭᠰᠠᠳ ᠬᠤᠪᠢ ᠬᠥᠮᠥᠨ ᠤ ᠬᠠᠮᠤᠭ ᠤᠨ ᠰᠢᠨ᠎ᠡ ᠮᠡᠳᠡᠭᠡ ᠵᠠᠩᠭᠢ ᠮᠡᠳᠡᠭᠦᠯᠬᠦ ᠴᠢᠬᠤᠯᠠᠲᠠᠢ︔ ᠬᠡᠰᠡᠭ ᠰᠢᠯᠭᠠᠯᠲᠠ ᠶᠢᠨ ᠠᠵᠢᠯ ᠤᠨ ᠪᠠᠶᠢᠷᠢ ᠳᠤ ᠤᠷᠢᠭᠳᠠᠭᠰᠠᠳ ᠲᠤ ᠬᠠᠮᠤᠭ ᠤᠨ ᠳᠣᠣᠷ᠎ᠠ 5 ᠵᠢᠯ ᠤᠨ ᠦᠢᠯᠡᠴᠢᠯᠡᠭᠡᠨ ᠤ ᠬᠤᠭᠤᠴᠠᠭ᠎ᠠ ᠶᠢ ᠬᠢᠵᠠᠭᠠᠷᠯᠠᠨ ᠲᠣᠭᠲᠠᠭᠠᠯᠭᠠᠬᠤ ᠶᠢ ᠱᠠᠭᠠᠷᠳᠠᠵᠤ᠂ ᠦᠢᠯᠡᠴᠢᠯᠡᠭᠡᠨ ᠤ ᠬᠤᠭᠤᠴᠠᠭᠠᠨ ᠳᠤ ᠬᠤᠪᠢ ᠬᠥᠮᠥᠨ ᠶᠠᠮᠠᠷᠪᠠ ᠰᠢᠯᠲᠠᠭᠠᠨ ᠢᠶᠠᠷ ᠠᠵᠢᠯ ᠤᠨ ᠪᠠᠶᠢᠷᠢ ᠶᠢ ᠬᠤᠪᠢᠷᠠᠭᠤᠯᠬᠤ ᠪᠠᠷ ᠭᠤᠶᠤᠴᠢᠯᠠᠬᠤ ᠶᠢ ᠵᠥᠪᠰᠢᠶᠡᠷᠡᠬᠦ ᠦᠭᠡᠢ᠂ ᠬᠠᠮᠤᠭ ᠤᠨ ᠳᠣᠣᠷ᠎ᠠ ᠦᠢᠯᠡᠴᠢᠯᠡᠭᠡᠨ ᠤ ᠬᠤᠭᠤᠴᠠᠭᠠᠨ ᠳᠤ᠂ ᠬᠡᠷᠪᠡ ᠬᠥᠬᠡᠭᠴᠢᠨ ᠲᠠᠯ᠎ᠠ ᠨᠢ ᠰᠢᠯᠵᠢᠭᠦᠯᠬᠦ ᠪᠤᠶᠤ ᠲᠤᠰᠢᠶᠠᠯ ᠠᠴᠠ ᠪᠠᠨ ᠪᠠᠭᠤᠬᠤ ( ᠤᠷᠢᠬᠤ ᠪᠠᠨ ᠪᠣᠯᠢᠬᠤ ) ᠦᠢᠯᠡ ᠠᠵᠢᠯᠯᠠᠭ᠎ᠠ ᠲᠠᠢ ᠪᠠᠶᠢᠪᠠᠯ᠂ ᠲᠠᠪᠤᠨ ᠵᠢᠯ ᠤᠨ ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠦᠭᠡᠳᠦᠢ ᠴᠠᠯᠢᠩ ᠤᠨ ᠶᠡᠷᠦᠩᠬᠡᠢ ᠣᠷᠣᠯᠭ᠎ᠠ ᠶᠢᠨ 30 %᠎ ᠤ ᠪᠣᠯᠵᠤᠭ᠎ᠠ ᠵᠥᠷᠢᠴᠡᠭᠰᠡᠨ ᠮᠥᠩᠭᠦ ᠶᠢ ᠲᠤᠰᠢᠶᠠᠵᠤ᠂ ᠲᠠᠪᠤᠨ ᠲᠦᠮᠡᠨ ᠲᠥᠭᠦᠷᠢᠭ ᠬᠦᠷᠬᠦ ᠦᠭᠡᠢ ᠪᠣᠯ ᠲᠠᠪᠤᠨ ᠲᠦᠮᠡᠨ ᠲᠥᠭᠦᠷᠢᠭ ᠢᠶᠠᠷ ᠲᠤᠰᠢᠶᠠᠬᠤ ᠶᠢᠨ ᠬᠠᠮᠲᠤ ᠬᠤᠪᠢ ᠬᠥᠮᠥᠨ ᠤ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠵᠤ᠂ ᠢᠲᠡᠭᠡᠮᠵᠢ ᠶᠢᠨ ᠳᠠᠩᠰᠠ ᠡᠪᠬᠡᠮᠡᠯ ᠳᠤ ᠣᠷᠣᠭᠤᠯᠤᠨ᠎ᠠ᠃         ᠠᠵᠢᠯ ᠣᠯᠭᠤᠯᠲᠠ ᠦᠢᠯᠡᠰ ᠪᠤᠰᠬᠠᠯᠲᠠ ᠶᠢᠨ ᠬᠦᠷᠢᠶ᠎ᠡ ᠴᠠᠷ᠎ᠠ ᠳᠠᠬᠢ ᠢᠲᠡᠭᠡᠮᠵᠢ ᠶᠢᠨ ᠰᠠᠶᠢᠨ ᠨᠢ ᠤᠷᠢᠳᠠᠪᠠᠷ          ᠢᠲᠡᠭᠡᠮᠵᠢ ᠶᠢᠨ ᠵᠡᠷᠭᠡ ᠳᠡᠰ ᠨᠢ ᠥᠨᠳᠥᠷ ᠢᠲᠡᠭᠡᠮᠵᠢ ᠶᠢᠨ ᠭᠤᠣᠯ ᠴᠣᠭᠴᠠ ᠳᠤ ᠬᠠᠤᠯᠢ ᠲᠣᠭᠲᠠᠭᠠᠯ ᠶᠣᠰᠣᠭᠠᠷ ᠬᠠᠮᠠᠭᠠᠯᠠᠭᠰᠠᠨ ᠰᠠᠭᠤᠷᠢᠨ ᠳᠡᠭᠡᠷ᠎ᠡ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠤᠬᠠᠶᠢᠯᠠᠭᠰᠠᠨ ᠠᠵᠢᠯ ᠢ ᠡᠷᠭᠢᠯᠡᠨ ᠬᠢᠬᠦ ᠳᠤ ︽ᠰᠠᠭᠠᠳ ᠦᠭᠡᠢ ᠨᠡᠪᠲᠡᠷᠡᠬᠦ ᠵᠠᠮ︾ ᠨᠡᠭᠡᠭᠡᠨ ᠡᠭᠦᠳᠴᠦ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ ᠤᠷᠢᠳᠠᠪᠠᠷ ᠬᠠᠩᠭᠠᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ᠂ ᠠᠳᠠᠯ ᠦᠢᠯᠡᠰ ᠴᠣᠭᠴᠠᠯᠠᠬᠤ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢᠨ ᠬᠠᠪᠰᠤᠷᠤᠨ ᠲᠡᠳᠬᠦᠬᠦ ᠶᠢ ᠡᠩ ᠲᠡᠷᠢᠭᠦᠨ ᠳᠤ ᠵᠣᠯᠭᠠᠭᠤᠯᠤᠨ ᠬᠠᠩᠭᠠᠵᠤ᠂ ᠠᠳᠠᠯ ᠦᠢᠯᠡᠰ ᠴᠣᠭᠴᠠᠯᠠᠬᠤ ᠵᠢᠯᠣᠭᠤᠳᠤᠯᠭ᠎ᠠ ᠵᠡᠷᠭᠡ ᠦᠢᠯᠡᠴᠢᠯᠡᠭᠡ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠨ᠎ᠠ᠃          ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ          ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠨᠡᠩ ᠥᠷᠭᠡᠨ ᠳᠡᠯᠭᠡᠷ ᠪᠤᠯᠭᠠᠵᠤ᠂ ︽ᠪᠠᠲᠤᠯᠠᠪᠠᠰᠤ ᠵᠣᠬᠢᠬᠤ ᠶᠢ ᠨᠢ ᠪᠦᠭᠦᠨ ᠢ ᠪᠠᠲᠤᠯᠠᠬᠤ︾ ᠵᠠᠷᠴᠢᠮ ᠢ ᠪᠠᠷᠢᠮᠲᠠᠯᠠᠵᠤ᠂ ᠠᠵᠤ ᠠᠬᠤᠶᠢᠯᠠᠯ᠂ ᠣᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠬᠡᠷᠡᠭᠲᠡᠢ᠃ ᠢᠲᠡᠭᠡᠯ ᠲᠠᠢ ᠪᠠᠶᠢᠬᠤ ᠭᠤᠣᠯ ᠴᠣᠭᠴᠠ ᠶᠢᠨ ᠵᠥᠪ ᠲᠠᠯ᠎ᠠ ᠶᠢᠨ ᠤᠷᠮᠠᠰᠢᠭᠤᠯᠤᠯ ᠢ ᠴᠢᠩᠭᠠᠷᠠᠭᠤᠯᠤᠨ᠂ ᠢᠲᠡᠭᠡᠯ ᠲᠠᠢ ᠪᠠᠶᠢᠪᠠᠯ ᠠᠰᠢᠭᠲᠠᠢ ᠥᠷᠲᠡᠭ ᠤᠨ ᠤᠳᠤᠷᠢᠳᠤᠮᠵᠢ ᠶᠢ ᠪᠤᠢ ᠪᠤᠯᠭᠠᠵᠤ᠂ ᠦᠢᠯᠡᠴᠢᠯᠡᠭᠡᠨ ᠤ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠂ ᠳᠠᠭᠠᠳᠬᠠᠯ ᠳᠤ ᠣᠷᠣᠯᠴᠠᠬᠰᠠᠨ ᠡᠯ᠎ᠡ ᠲᠥᠷᠥᠯ ᠤᠨ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠢᠲᠡᠭᠡᠯ ᠢ ᠵᠢᠷᠤᠮᠯᠠᠬᠤ ᠶᠢ ᠠᠬᠢᠭᠤᠯᠵᠤ᠂ ᠢᠲᠡᠭᠡᠯ ᠲᠠᠢ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠰᠠᠶᠢᠨ ᠰᠠᠶᠢᠬᠠᠨ ᠠᠵᠢᠯ ᠤᠨ ᠲᠣᠭᠲᠠᠴᠠ ᠶᠢ ᠪᠦᠷᠢᠯᠳᠦᠭᠦᠯᠦᠨ᠎ᠡ᠃         ᠭᠦᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ          ᠬᠠᠮᠲᠤᠷᠠᠭᠰᠠᠨ ᠵᠠᠯᠬᠠᠭᠠᠯ ᠢ ᠴᠢᠩᠭᠠᠳᠬᠠᠬᠤ ᠪᠠᠷ ᠳᠠᠮᠵᠢᠭᠤᠯᠤᠨ᠂ ᠭᠦᠳᠡᠯᠮᠦᠷᠢ ᠬᠦᠴᠦ ᠬᠡᠷᠡᠭᠯᠡᠬᠦ ᠢᠲᠡᠭᠡᠮᠵᠢ ᠶᠢᠨ ᠣᠷᠴᠢᠨ ᠲᠣᠭᠤᠷᠢᠨ ᠢ ᠲᠡᠭᠦᠯᠳᠡᠷᠵᠢᠭᠦᠯᠦᠨ᠎ᠡ᠃ ︽ᠪᠤᠭᠤᠲᠤ ᠬᠤᠲᠠ ᠶᠢᠨ ᠭᠦᠳᠡᠯᠮᠦᠷᠢ ᠪᠠᠲᠤᠯᠠᠭ᠎ᠠ ᠶᠢᠨ ᠬᠠᠤᠯᠢ ᠶᠢ ᠰᠠᠬᠢᠬᠤ ᠢᠲᠡᠭᠡᠮᠵᠢ ᠶᠢᠨ ᠳᠡᠰ ᠢ ᠦᠨᠡᠯᠡᠬᠦ ᠵᠢᠴᠢ ᠲᠥᠷᠥᠯ ᠬᠤᠪᠢᠶᠠᠨ ᠬᠢᠨᠠᠨ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾᠎ ᠶᠢᠨ ᠶᠣᠰᠣᠭᠠᠷ᠂ ᠪᠦᠭᠦ ᠣᠷᠣᠨ ᠤ ᠠᠵᠤ ᠠᠬᠤᠶᠢᠯᠠᠯ ᠤᠨ ᠭᠦᠳᠡᠯᠮᠦᠷᠢ ᠪᠠᠲᠤᠯᠠᠭ᠎ᠠ ᠶᠢᠨ ᠬᠠᠤᠯᠢ ᠶᠢ ᠰᠠᠬᠢᠬᠤ ᠢᠲᠡᠭᠡᠮᠵᠢ ᠶᠢᠨ ᠳᠡᠰ ᠵᠡᠷᠭᠡ ᠳᠤ ᠦᠨᠡᠯᠡᠯᠲᠡ ᠬᠢᠵᠦ᠂ A1 ᠳᠡᠰ ᠢᠶᠠᠷ ᠦᠨᠡᠯᠡᠭᠳᠡᠭᠰᠡᠨ ᠬᠥᠮᠥᠨ ᠬᠡᠷᠡᠭᠯᠡᠬᠦ ᠨᠢᠭᠡᠴᠡ ᠳᠤ ᠲᠤᠰ ᠵᠢᠯ ᠤᠨ ᠳᠣᠲᠣᠷ᠎ᠠ ᠡᠳᠦᠷ ᠳᠣᠳᠣᠮ ᠤᠨ ᠲᠣᠭᠤᠷᠢᠨ ᠪᠠᠶᠢᠴᠠᠭᠠᠯᠲᠠ ᠬᠢᠬᠦ ᠦᠭᠡᠢ᠂ ᠬᠠᠤᠯᠢ ᠶᠢ ᠰᠠᠬᠢᠵᠤ ᠢᠲᠡᠭᠡᠮᠵᠢᠲᠡᠢ ᠡᠵᠡᠩᠨᠡᠭᠴᠢᠳ ᠲᠤ ︽ᠤᠴᠢᠷ ᠦᠭᠡᠢ ᠪᠣᠯ ᠬᠠᠷᠰᠢᠯᠠᠬᠤ ᠦᠭᠡᠢ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ A2 ᠳᠡᠰ ᠢᠶᠠᠷ ᠦᠨᠡᠯᠡᠭᠳᠡᠭᠰᠡᠨ ᠬᠥᠮᠥᠨ ᠬᠡᠷᠡᠭᠯᠡᠬᠦ ᠨᠢᠭᠡᠴᠢ ᠳᠤ ᠡᠳᠦᠷ ᠳᠣᠳᠣᠮ ᠤᠨ ᠲᠣᠭᠤᠷᠢᠨ ᠪᠠᠶᠢᠴᠠᠭᠠᠯᠲᠠ ᠳᠤ 25 %᠎ ᠤ ᠬᠠᠷᠢᠴᠠᠯ ᠢᠶᠠᠷ ᠰᠣᠩᠭᠤᠨ ᠪᠠᠶᠢᠴᠠᠭᠠᠨ᠎ᠠ︔ B ᠳᠡᠰ ᠢᠶᠠᠷ ᠦᠨᠡᠯᠡᠭᠳᠡᠭᠰᠡᠨ ᠬᠥᠮᠥᠨ ᠬᠡᠷᠡᠭᠯᠡᠬᠦ ᠨᠢᠭᠡᠴᠢ ᠳᠤ ᠡᠳᠦᠷ ᠳᠣᠳᠣᠮ ᠤᠨ ᠲᠣᠭᠤᠷᠢᠨ ᠪᠠᠶᠢᠴᠠᠭᠠᠯᠲᠠ ᠶᠢ 50 %᠎ ᠤ ᠬᠠᠷᠢᠴᠠᠯ ᠢᠶᠠᠷ ᠰᠣᠩᠭᠤᠨ ᠪᠠᠶᠢᠴᠠᠭᠠᠨ᠎ᠠ︔ C ᠳᠡᠰ ᠤᠨ ᠬᠥᠮᠥᠨ ᠬᠡᠷᠡᠭᠯᠡᠬᠦ ᠨᠢᠭᠡᠴᠡ ᠪᠠᠷ ᠲᠣᠭᠲᠠᠭᠠᠭᠳᠠᠭᠰᠠᠨ ᠬᠥᠮᠥᠨ ᠬᠡᠷᠡᠭᠯᠡᠬᠦ ᠨᠢᠭᠡᠴᠡ ᠶᠢ ᠭᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠭᠤᠣᠯᠳᠠᠯᠭ᠎ᠠ ᠲᠠᠢ ᠡᠲᠡᠭᠡᠳ ᠲᠤ ᠵᠢᠭᠰᠠᠭᠠᠨ ᠣᠷᠣᠭᠤᠯᠵᠤ᠂ ᠭᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠡᠳᠦᠷ ᠳᠣᠳᠣᠮ ᠤᠨ ᠲᠣᠭᠤᠷᠢᠨ ᠪᠠᠶᠢᠴᠠᠭᠠᠬᠤ ᠪᠠᠶᠢᠴᠠᠭᠠᠯᠲᠠ ᠶᠢ ᠴᠢᠩᠭᠠᠷᠠᠭᠤᠯᠬᠤ ᠬᠡᠷᠡᠭᠲᠡᠢ᠃          ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠪᠣᠯ 2014 ᠣᠨ ᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠠᠶᠢᠷᠢᠯᠠᠭᠤᠯᠤᠭᠰᠠᠨ ︽ᠵᠢᠷᠭᠤᠭᠠᠨ ᠶᠡᠭᠡ ᠢᠨᠵᠧᠨᠧᠷᠢᠩ︾᠎ ᠤᠨ ᠨᠢᠭᠡ ᠪᠣᠯᠣᠨ᠎ᠠ᠂ ᠰᠢᠭᠤᠶᠢᠲᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠬᠥᠮᠥᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠢᠲᠡᠭᠡᠮᠵᠢ ᠶᠢᠨ ᠣᠶᠢᠯᠠᠭᠠᠭᠳᠠᠬᠤᠨ᠂ ᠢᠲᠡᠭᠡᠮᠵᠢ ᠶᠢᠨ ᠳᠦᠷᠢᠮ ᠬᠢᠭᠡᠳ ᠬᠥᠮᠥᠨ ᠤ ᠬᠦᠴᠦᠨ ᠤ ᠨᠡᠶᠢᠭᠡᠮ ᠤᠨ ᠬᠦᠷᠢᠶ᠎ᠡ ᠬᠡᠪᠴᠢᠶᠡᠨ ᠳᠠᠬᠢ ᠡᠯ᠎ᠡ ᠲᠠᠯ᠎ᠠ ᠶᠢᠨ ᠡᠯ᠎ᠡ ᠲᠠᠯ᠎ᠠ ᠶᠢᠨ ᠬᠢᠨ ᠤ ᠭᠦᠨ ᠠᠭᠤᠰᠤᠯᠴᠠᠯ ᠢ ᠭᠦᠨᠵᠡᠭᠡᠢ ᠲᠦᠯᠬᠢᠨ ᠠᠬᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠤ ᠠᠬᠤᠶᠢᠯᠠᠯ᠂ ᠬᠤᠪᠢ ᠬᠥᠮᠥᠨ ᠤ ᠦᠢᠯᠡᠳᠪᠦᠷᠢ ᠬᠤᠳᠠᠯᠳᠤᠭᠠᠨ ᠤ ᠡᠷᠦᠭᠡ᠂ ᠬᠤᠪᠢ ᠬᠥᠮᠥᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠨᠢ ᠵᠢᠷᠤᠮᠯᠠᠭᠤᠯᠵᠤ᠂ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠪᠤᠢ ᠪᠤᠯᠭᠠᠵᠤ ᠂ ᠬᠤᠳᠠᠯᠳᠤᠭᠠᠨ ᠤ ᠦᠢᠯᠡᠰ ᠪᠠ ᠬᠤᠪᠢ ᠬᠥᠮᠥᠨ ᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠨᠡᠶᠢᠭᠡᠮ ᠤᠨ ᠬᠢᠨᠠᠯᠲᠠ ᠶᠢ ᠭᠥᠯᠢᠶᠡᠨ ᠠᠪᠴᠤ ᠪᠠᠶᠢᠭᠠᠳ ᠬᠥᠮᠥᠨ ᠤ ᠶᠠᠪᠤᠳᠠᠯ ᠤᠷᠢᠨ ᠬᠡᠷᠡᠭᠯᠡᠬᠦ᠂ ᠠᠵᠢᠯ ᠣᠯᠭᠤᠬᠤ ᠦᠢᠯᠡᠴᠢᠯᠡᠭᠡ ᠂ ᠨᠡᠶᠢᠭᠡᠮ ᠤᠨ ᠳᠠᠭᠠᠳᠬᠠᠯ ᠵᠢᠴᠢ ᠭᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠵᠡᠷᠭᠡ ᠠᠵᠢᠯ ᠢ ᠪᠦᠭᠦᠨ ᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠡᠪᠴᠢᠶᠡᠨ ᠳᠤ ᠣᠷᠣᠭᠤᠯᠵᠤ᠂ ᠥᠨᠳᠥᠷ ᠬᠢᠷᠢ ᠲᠦᠪᠰᠢᠨ ᠲᠠᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠪᠠᠷ ᠳᠠᠮᠵᠢᠭᠤᠯᠤᠨ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠷᠣᠨ ᠢ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ ᠢᠯᠡ ᠲᠣᠳᠣ ᠶᠠᠰᠤ ᠴᠢᠨᠠᠷ ᠪᠦᠬᠦᠢ ᠨᠡᠮᠡᠭᠳᠡᠯ ᠤᠨ ᠭᠡᠯᠪᠡᠷᠢ ᠶᠢ ᠬᠤᠪᠢᠷᠠᠭᠤᠯᠬᠤ ᠰᠢᠰᠲ᠋ᠤᠮ ᠲᠠᠢ ᠪᠤᠯᠭᠠᠬᠤ ᠶᠢ ᠪᠡᠶᠡᠯᠡᠭᠦᠯᠦᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号