ᠰᠢᠭᠤᠶᠢᠲᠤ ᠵᠡᠭᠡᠯᠢ ᠭᠤᠳᠤᠮᠵᠢ ᠶᠢᠨ ᠣᠷᠣᠨ ᠪᠦᠰᠡ ᠶᠢᠨ ᠨᠠᠮ ᠤᠨ ᠠᠵᠢᠯ ᠤᠨ ᠵᠥᠪᠯᠡᠯ 2014 ᠣᠨ ᠤ ᠨᠢᠭᠡᠳᠦᠭᠡᠷ ᠤᠯᠠᠷᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
        ᠣᠷᠣᠨ ᠪᠦᠰᠡ ᠶᠢᠨ ᠨᠠᠮ ᠤᠨ ᠠᠵᠢᠯ ᠤᠨ ᠵᠥᠪᠯᠡᠯ ᠪᠣᠯᠣᠨ ᠡᠯ᠎ᠡ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠤᠭᠠᠯᠠᠨ ᠪᠠᠶᠢᠭᠤᠯᠬᠤ ᠶᠢ ᠬᠠᠷᠢᠯᠴᠠᠨ ᠠᠬᠢᠭᠤᠯᠵᠤ᠂ ᠡᠯ᠎ᠡ ᠪᠠᠶᠢᠭᠤᠯᠤᠯᠭ᠎ᠠ ᠨᠢᠭᠡᠴᠡ ᠶᠢᠨ ᠪᠦᠲᠦᠮᠵᠢᠲᠡᠢ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ᠂ ᠣᠷᠣᠨ ᠪᠦᠰᠡᠵᠢᠭᠰᠡᠨ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢᠨ ᠲᠥᠯᠥᠭᠡ᠂ 4 ᠰᠠᠷ᠎ᠠ ᠶᠢᠨ 3᠎ ᠤ ᠦᠳᠡ ᠶᠢᠨ ᠡᠮᠦᠨ᠎ᠡ᠂ ᠰᠢᠭᠤᠶᠢᠲᠤ ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠤᠯᠲᠠ ᠣᠷᠣᠨ ᠪᠦᠰᠡ ᠶᠢᠨ ᠨᠠᠮ ᠤᠨ ᠠᠵᠢᠯ ᠤᠨ ᠵᠥᠪᠯᠡᠯ ᠤᠨ 2024 ᠣᠨ ᠤ ᠨᠢᠭᠡᠳᠦᠭᠡᠷ ᠤᠯᠠᠷᠢᠯ ᠤᠨ ᠬᠤᠷᠠᠯ ᠢ ᠬᠤᠷᠠᠯᠳᠤᠭᠤᠯᠪᠠ᠃ ᠵᠡᠭᠡᠯᠢ ᠭᠤᠳᠤᠮᠵᠢ᠂ ᠨᠡᠶᠢᠭᠡᠮ ᠲᠡᠭᠦᠷᠭᠡ ᠪᠣᠯᠣᠨ ᠬᠠᠮᠲᠤᠷᠠᠨ ᠪᠠᠶᠢᠭᠤᠯᠤᠭᠰᠠᠨ ᠪᠠᠶᠢᠭᠤᠯᠤᠯᠭ᠎ᠠ ᠨᠢᠭᠡᠴᠡ ᠶᠢᠨ 30 ᠭᠠᠷᠤᠢ ᠬᠥᠮᠥᠨ ᠣᠷᠣᠯᠴᠠᠵᠠᠢ᠃ ᠬᠤᠷᠠᠯ ᠢ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠵᠥᠪᠯᠡᠯ ᠤᠨ ᠳᠡᠳ᠋ ᠱᠦᠵᠢ ᠬᠤ᠋ ᠶᠢᠩ ᠡᠷᠭᠢᠯᠡᠪᠡ᠃ 
1712540753557016585.png
        ᠬᠤᠷᠠᠯ ᠳᠡᠭᠡᠷ᠎ᠡ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠵᠢᠴᠢ ᠭᠡᠰᠢᠭᠦᠨ ᠨᠢᠭᠡᠴᠡ ᠨᠠᠮ ᠤᠨ ᠪᠠᠶᠢᠭᠤᠯᠤᠯᠲᠠ ᠶᠢᠨ ᠳᠠᠭᠠᠭᠤᠯᠬᠤ ᠦᠢᠯᠡᠳᠦᠯ ᠢ ᠬᠡᠷᠬᠢᠨ ᠭᠦᠢᠴᠡᠳ ᠪᠠᠳᠠᠷᠠᠭᠤᠯᠵᠤ᠂ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠵᠤ᠂ 2024 ᠣᠨ ᠤ ᠣᠷᠣᠨ ᠪᠦᠰᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠶᠠᠷᠢᠯᠴᠠᠬᠤ ᠬᠤᠷᠠᠯ ᠬᠢᠵᠦ᠂ ᠡᠯ᠎ᠡ ᠪᠠᠶᠢᠭᠤᠯᠤᠯᠭ᠎ᠠ ᠨᠢᠭᠡᠴᠡ ᠬᠤᠶᠢᠰᠢᠳᠠ ᠶᠢᠨ ᠠᠵᠢᠯ ᠤᠨ ᠳᠤᠮᠳᠠ ᠪᠠᠨ ᠪᠠᠶᠢᠭᠤᠯᠤᠯᠭ᠎ᠠ ᠨᠢᠭᠡᠴᠡ ᠶᠢᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠵᠤ᠂ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠯ᠎ᠡ ᠲᠥᠷᠥᠯ ᠤᠨ ᠠᠵᠢᠯ ᠢ ᠰᠠᠶᠢᠲᠤᠷ ᠳᠡᠮᠵᠢᠵᠦ ᠬᠠᠮᠵᠢᠯᠴᠠᠵᠤ᠂ ᠡᠷᠲᠡ ᠴᠢᠯᠦᠭᠡᠯᠡᠭᠳᠡᠭᠰᠡᠨ ᠣᠷᠣᠨ ᠤ ᠰᠠᠭᠤᠭᠠᠯᠢ ᠠᠷᠠᠳ ᠲᠤ ᠬᠠᠮᠤᠭ ᠶᠡᠭᠡ ᠬᠡᠮᠵᠢᠶ᠎ᠡ ᠪᠠᠷ ᠦᠢᠯᠡᠴᠢᠯᠡᠨ᠎ᠡ ᠭᠡᠵᠦ ᠢᠯᠡᠷᠬᠡᠶᠢᠯᠡᠯ᠎ᠡ᠃ 
        ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠭᠢᠯᠡᠭᠦ ᠭᠠᠵᠠᠷ ᠤᠨ ᠡᠷᠭᠢᠯᠡᠭᠴᠢ ᠸᠧᠢ ᠪᠦᠸᠧ ᠴᠢᠬᠤᠯᠠᠴᠢᠯᠠᠭᠰᠠᠨ ᠨᠢ᠂ ᠨᠢᠭᠡ ᠳᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ ᠤᠯᠠᠭᠠᠨ ᠠᠶᠠᠯᠠᠯ ᠤᠨ ᠬᠥᠳᠡᠯᠭᠡᠬᠦ ᠬᠦᠴᠦᠨ ᠤ ᠢᠷᠡᠯᠲᠡ ᠶᠢ ᠬᠥᠭᠵᠢᠭᠡᠨ᠎ᠡ᠃ ᠪᠦᠷᠢᠯᠳᠦᠭᠦᠨ ᠨᠢᠭᠡᠴᠡ ᠨᠦᠭᠦᠳ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠦᠭᠦ ᠲᠠᠯ᠎ᠠ ᠶᠢᠨ ᠦᠵᠡᠯᠲᠡ ᠶᠢ ᠪᠤᠢ ᠪᠤᠯᠭᠠᠵᠤ᠂ ᠣᠷᠣᠨ ᠪᠦᠰᠡ ᠶᠢᠨ ᠨᠠᠮ ᠤᠨ ᠠᠵᠢᠯ ᠤᠨ ᠬᠤᠷᠢᠶ᠎ᠠ ᠪᠠᠶᠢᠭᠤᠯᠬᠤ ᠶᠢᠨ ᠴᠢᠬᠤᠯᠠ ᠴᠢᠨᠠᠷ ᠪᠣᠯᠣᠨ ᠴᠢᠬᠤᠯᠠ ᠴᠢᠨᠠᠷ ᠢ ᠲᠣᠳᠣᠷᠬᠠᠢ ᠲᠠᠨᠢᠵᠤ᠂ ᠨᠠᠮ ᠤᠨ ᠭᠡᠰᠢᠭᠦᠳ ᠢ ᠳᠠᠶᠢᠴᠢᠯᠠᠨ ᠵᠣᠬᠢᠶᠠᠨ ᠪᠠᠶᠢᠭᠤᠯᠵᠤ ᠬᠤᠲᠠ ᠶᠢᠨ ᠦᠨᠳᠦᠰᠦᠨ ᠱᠠᠲᠤᠨ ᠤ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠠᠮᠲᠤᠪᠠᠷ ᠠᠳᠬᠤᠨ ᠬᠠᠮᠲᠤᠪᠠᠷ ᠠᠬᠢᠭᠤᠯᠵᠤ᠂ ᠬᠠᠮᠲᠤᠪᠠᠷ ᠰᠤᠷᠴᠤ ᠬᠠᠮᠲᠤᠪᠠᠷ ᠲᠣᠯᠢᠳᠠᠬᠤ ᠪᠠᠷ ᠳᠠᠮᠵᠢᠭᠤᠯᠤᠨ᠂ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ᠃ ᠬᠤᠶᠠᠷ ᠲᠤ᠂ ᠤᠯᠠᠭᠠᠨ ᠬᠤᠯᠪᠣᠭᠠᠨ ᠤ ᠵᠢᠭᠰᠠᠭᠠᠯ ᠤᠨ ᠡᠩᠨᠡᠭᠡ ᠶᠢ ᠪᠠᠶᠢᠭᠤᠯᠤᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠰᠡᠳᠬᠢᠯ ᠨᠢᠭᠡᠲᠡᠢ ᠲᠣᠭᠤᠷᠢᠭ ᠪᠠᠶᠢᠭᠤᠯᠬᠤ ᠶᠢ ᠰᠠᠶᠢᠲᠤᠷ ᠵᠢᠷᠤᠭᠯᠠᠨ᠎ᠠ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠦᠷᠢᠨᠰᠢᠭᠦᠯᠦᠨ᠂ ᠦᠨᠳᠦᠰᠦᠨ ᠱᠠᠲᠤᠨ ᠤ ᠡᠩᠨᠡᠭᠡ ᠶᠢ ᠪᠠᠲᠤᠳᠬᠠᠵᠤ᠂ ᠬᠠᠮᠲᠤᠷᠠᠨ ᠡᠭᠦᠳᠬᠦ ᠠᠵᠢᠯᠯᠠᠭ᠎ᠠ ᠥᠷᠨᠢᠭᠦᠯᠬᠦ ᠲᠠᠯ᠎ᠠ ᠪᠠᠷ ᠵᠣᠷᠢᠭᠲᠠᠢ ᠪᠠᠷ ᠰᠢᠨ᠎ᠡ ᠶᠢ ᠡᠭᠦᠳᠴᠦ᠂ ᠨᠠᠮ ᠤᠨ ᠪᠠᠶᠢᠭᠤᠯᠤᠯᠲᠠ ᠶᠢ ᠡᠯ᠎ᠡ ᠵᠦᠢᠯ ᠤᠨ ᠲᠤᠬᠠᠶᠢᠯᠠᠭᠰᠠᠨ ᠠᠵᠢᠯ ᠳᠤ ᠠᠭᠤᠰᠤᠯᠴᠠᠭᠤᠯᠬᠤ ᠲᠠᠯ᠎ᠠ ᠪᠠᠷ ᠬᠦᠴᠦ ᠲᠠᠯᠪᠢᠨ᠂ ᠬᠠᠷᠢᠶᠠᠲᠤ ᠣᠷᠣᠨ ᠳᠠᠬᠢ ᠪᠤᠰᠤᠳ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠯᠤᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠨᠠᠮ ᠤᠨ ᠭᠡᠰᠢᠭᠦᠳ ᠢ ᠥᠷᠭᠡᠨ ᠢᠶᠠᠷ ᠳᠠᠶᠢᠴᠢᠯᠠᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠲᠤ ᠥᠷᠨᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠭᠤᠷᠪᠠ ᠳᠤ᠂ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠵᠤ᠂ ᠬᠠᠮᠲᠤᠷᠠᠨ ᠪᠠᠶᠢᠭᠤᠯᠤᠭᠰᠠᠨ ᠦᠷ᠎ᠡ ᠪᠦᠲᠦᠮᠵᠢ ᠶᠢᠨ ᠵᠢᠱᠢᠶ᠎ᠡ ᠦᠵᠡᠭᠦᠯᠭᠦ ᠴᠢᠨᠠᠷ ᠢ ᠳᠡᠭᠡᠭᠰᠢᠯᠡᠭᠦᠯᠦᠨ᠎ᠡ᠃ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠦᠢᠯᠡᠴᠢᠯᠡᠭᠡᠨ ᠤ ᠠᠷᠭ᠎ᠠ ᠪᠠᠷᠢᠯ ᠪᠣᠯᠣᠨ ᠠᠷᠭ᠎ᠠ ᠶᠢᠨ ᠰᠢᠨ᠎ᠡ ᠶᠢ ᠡᠭᠦᠳᠴᠦ᠂ ᠡᠬᠢ ᠪᠠᠶᠠᠯᠢᠭ ᠢ ᠪᠦᠲᠦᠮᠵᠢᠲᠡᠢ ᠪᠠᠷ ᠡᠮᠬᠢᠯᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠨ᠂ ᠢᠳᠡᠪᠬᠢᠲᠡᠢ ᠪᠠᠷ ᠰᠡᠳᠬᠢᠨ᠂ ᠭᠠᠵᠠᠷ ᠣᠷᠣᠨ ᠤ ᠪᠣᠳᠠᠲᠤ ᠪᠠᠶᠢᠳᠠᠯ ᠳᠤ ᠨᠡᠶᠢᠴᠡᠬᠦ ᠦᠢᠯᠡᠴᠢᠯᠡᠭᠡᠨ ᠤ ᠬᠡᠪ ᠵᠠᠭᠪᠤᠷ ᠢ ᠣᠯᠠᠨ ᠠᠷᠭ᠎ᠠ ᠵᠠᠮ᠂ ᠣᠯᠠᠨ ᠠᠷᠭ᠎ᠠ ᠵᠠᠮ ᠢᠶᠠᠷ ᠬᠠᠶᠢᠨ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠬᠥᠲᠥᠯᠥᠨ ᠠᠬᠢᠭᠤᠯᠬᠤ ᠬᠡᠷᠡᠭᠲᠡᠢ᠃ ᠬᠠᠮᠤᠭ ᠤᠨ ᠰᠡᠭᠦᠯ ᠳᠤ᠂ ᠪᠦᠭᠦ ᠭᠡᠰᠢᠭᠦᠨ ᠨᠢᠭᠡᠴᠡ ᠨᠦᠭᠦᠳ ᠰᠢᠭᠤᠶᠢᠲᠤ ᠵᠡᠭᠡᠯᠢ ᠶᠢᠨ ᠪᠠᠶᠢᠭᠤᠯᠬᠤ ᠪᠠᠷ ᠪᠠᠶᠢᠭ᠎ᠠ ︽ᠵᠠᠭᠤᠨ ᠵᠢᠯ ᠤᠨ ᠨᠡᠭᠦᠷᠡᠰᠦᠨ ᠤ ᠬᠤᠲᠠ︾᠎ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠲᠣᠭᠤᠷᠢᠨ ᠦᠵᠡᠵᠦ᠂ ᠣᠯᠠᠨ ᠢᠶᠠᠷ ᠢᠶᠠᠨ ᠢᠳᠡᠪᠬᠢᠲᠡᠢ ᠪᠠᠷ ᠠᠷᠭ᠎ᠠ ᠪᠣᠳᠣᠯᠭ᠎ᠠ ᠭᠠᠷᠭᠠᠨ᠂ ᠲᠥᠷᠥᠯ ᠵᠦᠢᠯ ᠢ ᠲᠦᠯᠬᠢᠨ ᠠᠬᠢᠭᠤᠯᠵᠤ ᠪᠠᠶᠢᠨ᠎ᠠ᠃          ᠳᠠᠷᠠᠭ᠎ᠠ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠨᠢ ᠣᠷᠣᠨ ᠪᠦᠰᠡᠵᠢᠭᠦᠯᠦᠭᠰᠡᠨ ᠨᠠᠮ ᠤᠨ ᠪᠠᠶᠢᠭᠤᠯᠤᠯᠲᠠ ᠶᠢ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠬᠥᠲᠥᠯᠥᠨ ᠳᠠᠭᠠᠭᠤᠯᠬᠤ ᠴᠢᠬᠤᠯᠠ ᠠᠴᠢᠶᠠᠯᠠᠪᠤᠷᠢ ᠪᠤᠯᠭᠠᠵᠤ᠂ ᠡᠯ᠎ᠡ ᠪᠠᠶᠢᠭᠤᠯᠤᠯᠭ᠎ᠠ ᠨᠢᠭᠡᠴᠡ ᠶᠢᠨ ᠨᠡᠶᠢᠭᠡᠮ ᠲᠣᠭᠤᠷᠢᠭ ᠤᠨ ᠵᠠᠰᠠᠯᠲᠠ ᠳᠤ ᠣᠷᠤᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠴᠢᠩᠭᠠᠳᠬᠠᠵᠤ᠂ ᠣᠷᠣᠨ ᠪᠦᠰᠡ ᠶᠢ ᠨᠢᠭᠡᠳᠦᠯᠲᠡᠢ ᠲᠥᠯᠥᠪᠵᠢᠭᠦᠯᠦᠨ᠂ ᠣᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ᠂ ᠣᠯᠠᠨ ᠡᠰᠢᠵᠢᠭᠦᠯᠦᠨ ᠠᠭᠤᠰᠤᠯᠴᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠦᠨᠡᠨᠬᠦ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号