ᠰᠢᠭᠤᠶᠢᠲᠤ ᠲᠣᠭᠤᠷᠢᠭ ᠲᠤ ᠪᠠᠰᠠ ᠠᠷᠬᠠᠭ ᠡᠪᠡᠳᠴᠢᠨ ᠢ ᠬᠢᠨᠠᠨ ᠲᠣᠭᠲᠠᠭᠠᠬᠤ ᠪᠠᠶᠢᠭᠤᠯᠤᠮᠵᠢ ᠪᠠᠶᠢᠨ᠎ᠠ
ᠨᠡᠶᠢᠲᠡᠯᠡᠭᠰᠡᠨ ᠴᠠᠭ᠄
2024/4/17
        ᠣᠶᠢᠷ᠎ᠠ ᠳᠤ᠂ ᠳᠡᠰ ᠬᠤᠪᠢᠶᠠᠨ ᠣᠨᠣᠰᠢᠯᠠᠵᠤ ᠡᠮᠨᠡᠬᠦ ᠶᠢ ᠰᠢᠯᠢᠳᠡᠭᠵᠢᠭᠦᠯᠬᠦ ᠳᠦᠷᠢᠮ ᠢ ᠦᠷᠭᠦᠯᠵᠢᠯᠡᠨ ᠠᠬᠢᠭᠤᠯᠵᠤ᠂ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠢ ᠳᠠᠩᠰᠠᠯᠠᠭᠤᠯᠬᠤ ᠭᠠᠷ ᠭᠦᠢᠴᠡᠳᠬᠡᠯ ᠭᠦᠢᠴᠡᠳᠬᠡᠬᠦ ᠳᠤ ᠳᠥᠭᠦᠮ ᠦᠵᠡᠭᠦᠯᠭᠦ ᠶᠢᠨ ᠲᠥᠯᠥᠭᠡ᠂ ᠤᠳᠠᠭᠠᠨ ᠴᠢᠨᠠᠷᠲᠠᠢ ᠡᠪᠡᠳᠴᠢᠨ ᠤ ᠣᠯᠭᠤᠮᠵᠢ ᠶᠢ ᠴᠠᠭ ᠲᠤᠬᠠᠢ ᠳᠤᠨᠢ ᠡᠳ᠋ᠯᠡᠬᠦ ᠶᠢᠨ ᠬᠠᠮᠲᠤ᠂ 2024 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠲᠤᠰᠬᠠᠭᠰᠠᠨ ᠴᠢᠬᠤᠯᠠ ᠠᠷᠠᠳ ᠤᠨ ᠠᠮᠢᠳᠤᠷᠠᠯ ᠤᠨ ᠠᠵᠢᠯ ᠪᠣᠯᠤᠭᠰᠠᠨ ᠤ ᠬᠤᠪᠢ ᠳᠤ᠂ ᠰᠢᠭᠤᠶᠢᠲᠤ ᠲᠣᠭᠤᠷᠢᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠶᠢᠨ ᠲᠦᠷᠦᠭᠦᠦ ᠬᠤᠭᠤᠴᠠᠭᠠᠨ ᠤ ᠣᠯᠠᠨ ᠤᠳᠠᠭ᠎ᠠ ᠰᠠᠨᠠᠭᠠᠴᠢᠯᠠᠭ᠎ᠠ ᠠᠴᠠ ᠪᠠᠨ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠭᠤᠣᠯᠯᠠᠨ ᠬᠠᠮᠢᠶᠠᠷᠬᠤ ᠤᠳᠤᠷᠢᠳᠤᠯᠭ᠎ᠠ ᠵᠢᠴᠢ ᠳᠠᠭᠠᠭᠠᠨ ᠠᠪᠬᠤ ᠰᠠᠯᠠᠭ᠎ᠠ ᠲᠠᠰᠤᠭ ᠢ ᠳᠠᠭᠠᠭᠤᠯᠤᠨ ᠵᠢᠦ ᠶᠤᠸᠠᠨ ᠲᠣᠭᠤᠷᠢᠭ ᠤᠨ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶᠠᠨ ᠳᠤ ᠬᠦᠷᠴᠦ ᠰᠤᠷᠤᠯᠭ᠎ᠠ ᠶᠢ ᠵᠣᠯᠭᠠᠭᠤᠯᠵᠤ᠂ ᠭᠥᠯᠢᠶᠡᠨ ᠠᠪᠬᠤ ᠠᠴᠠ ᠡᠮᠦᠨᠡᠬᠢ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠭᠦᠢᠴᠡᠳ ᠬᠢᠵᠦ᠂ ᠬᠠᠮᠤᠭ ᠡᠴᠦᠰ ᠲᠤ ᠰᠢᠭᠤᠶᠢᠲᠤ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠠᠮᠵᠢᠯᠲᠠ ᠲᠠᠢ ᠪᠠᠷ ᠪᠤᠭᠤᠲᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠤᠳᠠᠭᠠᠨ ᠴᠢᠨᠠᠷᠲᠠᠢ ᠡᠪᠡᠳᠴᠢᠨ ᠢ ᠮᠠᠭᠠᠳᠯᠠᠨ ᠲᠣᠭᠲᠠᠭᠠᠬᠤ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠣᠷᠣᠭᠤᠯᠵᠠᠢ᠃          ᠡᠨᠡᠬᠦ ᠠᠷᠭ᠎ᠠ ᠬᠡᠮᠵᠢᠶ᠎ᠡ ᠨᠢ ᠮᠠᠨ ᠤ ᠲᠣᠭᠤᠷᠢᠭ ᠤᠨ ᠤᠳᠠᠭᠠᠨ ᠴᠢᠨᠠᠷᠲᠠᠢ ᠡᠪᠡᠳᠴᠢᠨ ᠤ ᠬᠢᠨᠠᠨ ᠲᠣᠭᠲᠠᠭᠠᠯᠲᠠ ᠬᠢᠬᠦ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠰᠤᠨ ᠢ ᠪᠦᠲᠦᠮᠵᠢᠲᠡᠢ ᠨᠥᠬᠦᠪᠦᠷᠢᠯᠡᠵᠦ᠂ ᠬᠡᠷᠡᠭ ᠡᠷᠭᠢᠯᠡᠭᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠣᠶᠢᠷᠠᠯᠴᠠᠭ᠎ᠠ ᠡᠮᠴᠢᠯᠡᠭᠡᠨ ᠤ ᠳᠠᠭᠠᠳᠬᠠᠯ ᠬᠢᠭᠡᠳ ᠤᠳᠠᠭᠠᠨ ᠴᠢᠨᠠᠷᠲᠠᠢ ᠡᠪᠡᠳᠴᠢᠨ ᠭᠦᠢᠴᠡᠳᠬᠡᠬᠦ ᠳᠤ ᠳᠥᠭᠦᠮ ᠦᠵᠡᠭᠦᠯᠵᠡᠢ᠃          ᠲᠤᠰ ᠰᠠᠷ᠎ᠠ ᠠᠴᠠ ᠡᠬᠢᠯᠡᠨ ᠰᠢᠭᠤᠶᠢᠲᠤ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠡᠮᠴᠢᠯᠡᠭᠡᠨ ᠤ ᠳᠠᠭᠠᠳᠬᠠᠯ ᠤᠨ ᠠᠷᠬᠠᠭ ᠡᠪᠡᠳᠴᠢᠨ ᠢ ᠬᠢᠨᠠᠨ ᠲᠣᠭᠲᠠᠭᠠᠬᠤ ᠠᠵᠢᠯ ᠢ ᠥᠷᠨᠢᠭᠦᠯᠵᠦ᠂ ᠳᠠᠭᠠᠳᠬᠠᠯ ᠳᠤ ᠣᠷᠣᠯᠴᠠᠭᠰᠠᠳ ᠰᠢᠭᠤᠶᠢᠲᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠤᠳᠠᠭᠠᠨ ᠴᠢᠨᠠᠷᠲᠠᠢ ᠡᠪᠡᠳᠴᠢᠨ ᠢ ᠬᠢᠨᠠᠨ ᠲᠣᠭᠲᠠᠭᠠᠭᠰᠠᠨ ᠤ ᠳᠠᠷᠠᠭ᠎ᠠ᠂ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠠᠷᠬᠠᠭ ᠡᠪᠡᠳᠴᠢᠨ ᠤ ᠣᠯᠭᠤᠮᠵᠢ ᠶᠢ ᠬᠦᠷᠲᠡᠵᠦ ᠪᠣᠯᠣᠨ᠎ᠠ᠃ ᠳᠠᠷᠠᠭ᠎ᠠ ᠠᠯᠬᠤᠮ ᠳᠤ᠂ ᠰᠢᠭᠤᠶᠢᠲᠤ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠲᠥᠷᠥ ᠶᠢᠨ ᠪᠣᠳᠣᠯᠭ᠎ᠠ ᠶᠢᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠵᠥᠪᠯᠡᠯᠴᠡᠭᠡᠷ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢᠭᠤᠶᠢᠲᠤ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠤᠳᠠᠭᠠᠨ ᠴᠢᠨᠠᠷᠲᠠᠢ ᠡᠪᠡᠳᠴᠢᠨ ᠤ ᠮᠡᠳᠡᠭᠦᠯᠦᠨ ᠬᠢᠨᠠᠨ ᠲᠣᠭᠲᠠᠭᠠᠯᠲᠠ ᠬᠢᠬᠦ᠂ ᠰᠢᠰᠲ᠋ᠧᠮ ᠤᠨ ᠬᠠᠮᠠᠭᠠᠯᠠᠯᠲᠠ ᠬᠢᠬᠦ᠂ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠡᠮᠴᠢᠯᠡᠭᠡᠨ ᠤ ᠳᠠᠭᠠᠳᠬᠠᠯ ᠢ ᠭᠠᠷᠳᠠᠨ ᠬᠢᠬᠦ ᠦᠢᠯᠡᠴᠢᠯᠡᠭᠡᠨ ᠤ ᠠᠵᠢᠯ ᠢ ᠵᠢᠷᠤᠮᠵᠢᠭᠤᠯᠤᠨ ᠰᠠᠶᠢᠲᠤᠷ ᠬᠢᠬᠦ ᠶᠢ ᠦᠨᠡᠨᠬᠦ ᠪᠠᠲᠤᠯᠠᠵᠤ᠂ ᠳᠠᠭᠠᠳᠬᠠᠯ ᠳᠤ ᠣᠷᠣᠯᠴᠠᠬᠰᠠᠨ ᠡᠪᠡᠳᠴᠢᠲᠡᠨ ᠳᠤ ᠪᠠᠷᠢᠨ ᠡᠮᠨᠡᠭᠦᠯᠭᠦ ᠳᠠᠷᠤᠢ ᠳᠤᠨᠢ ᠭᠦᠢᠴᠡᠳᠬᠡᠵᠦ ᠥᠭᠬᠦ ᠬᠦᠷᠲᠡᠭᠡᠮᠵᠢ ᠶᠢ ᠵᠢᠩᠬᠢᠨᠢ ᠪᠠᠷ ᠬᠦᠷᠲᠡᠭᠡᠪᠡᠯ ᠳᠠᠷᠤᠢ ᠬᠠᠷᠠᠭᠠᠯᠵᠠᠯ ᠬᠦᠷᠲᠡᠭᠡᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号