ᠰᠢᠭᠤᠶᠢᠲᠤ ᠵᠡᠭᠡᠯᠢ ᠭᠤᠳᠤᠮᠵᠢ ᠶᠢᠨ ᠰᠢᠨ ᠸᠠᠩ ᠨᠡᠶᠢᠭᠡᠮ ᠲᠣᠭᠤᠷᠢᠭ ᠤᠨ ︽ᠪᠣᠬᠢᠷᠳᠤᠯ ᠦᠭᠡᠢ ᠭᠡᠭᠡᠨ ᠲᠤᠩᠭᠠᠯᠠᠭ᠂ ᠪᠣᠯᠪᠠᠰᠤᠨ ᠲᠠᠭᠢᠯᠭ᠎ᠠ︾᠎ ᠶᠢᠨ ᠬᠠᠩᠰᠢ ᠶᠢᠨ ᠡᠳᠦᠷ ᠤᠬᠠᠭᠤᠯᠭ᠎ᠠ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2024/4/17
        ᠤᠷᠢᠬᠠᠨ ᠬᠠᠪᠤᠷ ᠨᠠᠮᠢᠷᠠᠨ ᠮᠥᠷᠥᠭᠡᠳᠦᠨ ᠰᠠᠨᠠᠭᠠᠯᠵᠠᠵᠤ᠂ ᠪᠠᠰᠠ ᠨᠢᠭᠡ ᠵᠢᠯ ᠤᠨ ᠲᠤᠩᠭᠠᠯᠠᠭ ᠴᠠᠭ ᠮᠥᠨ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ︽ᠵᠠᠩ ᠵᠠᠩᠰᠢᠯ ᠢ ᠥᠭᠡᠷᠡᠴᠢᠯᠡᠵᠦ᠂ ᠪᠣᠯᠪᠠᠰᠤᠨ ᠢᠶᠠᠷ ᠲᠠᠭᠢᠯᠭ᠎ᠠ ᠬᠢᠬᠦ︾ ᠨᠡᠶᠢᠭᠡᠮ ᠤᠨ ᠰᠢᠨ᠎ᠡ ᠬᠡᠪ ᠰᠤᠷᠲᠠᠯ ᠢ ᠪᠤᠢ ᠪᠤᠯᠭᠠᠵᠤ᠂ ᠪᠣᠬᠢᠷᠳᠤᠯ ᠦᠭᠡᠢ᠂ ᠠᠮᠤᠷ ᠲᠦᠪᠰᠢᠨ᠂ ᠪᠣᠯᠪᠠᠰᠤᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠥᠯᠥᠭᠡ ᠣᠶᠢᠷ᠎ᠠ ᠳᠤ᠂ ᠨᠡᠶᠢᠭᠡᠮ ᠲᠣᠭᠤᠷᠢᠭ ︽ᠪᠣᠬᠢᠷᠳᠤᠯ ᠦᠭᠡᠢ ᠪᠣᠯᠪᠠᠰᠤᠨ ᠲᠠᠭᠢᠯᠭ᠎ᠠ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ 
1712541535657061061.png
        ᠠᠵᠢᠯᠯᠠᠭ᠎ᠠ ᠨᠢ ︽ᠰᠦᠯᠵᠢᠶᠡᠨ ᠳᠡᠭᠡᠷ᠎ᠡ + ᠰᠦᠯᠵᠢᠶᠡᠨ ᠳᠣᠣᠷ᠎ᠠ︾᠎ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠤᠬᠠᠭᠤᠯᠭ᠎ᠠ ᠥᠷᠨᠢᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠳ ᠨᠡᠶᠢᠭᠡᠮ ᠲᠣᠭᠤᠷᠢᠭ ᠤᠨ ᠣᠯᠠᠨ ᠲᠦᠮᠡᠨ ᠤ ᠳᠤᠮᠳᠠ ︽ᠪᠣᠬᠢᠷᠳᠤᠯ ᠦᠭᠡᠢ ᠪᠣᠯᠪᠠᠰᠤᠨ ᠲᠠᠭᠢᠯᠭ᠎ᠠ ᠶᠢᠨ ᠪᠢᠴᠢᠭ︾᠎ ᠢ ᠡᠷᠭᠦᠨ ᠳᠡᠪᠰᠢᠭᠦᠯᠵᠦ᠂ ᠰᠠᠭᠤᠭᠠᠯᠢ ᠠᠷᠠᠳ ᠤᠨ ᠪᠣᠯᠪᠠᠰᠤᠨ ᠢᠶᠠᠷ ᠲᠠᠭᠢᠯᠭ᠎ᠠ ᠶᠢᠨ ᠤᠬᠠᠮᠰᠠᠷ ᠢ ᠳᠡᠭᠡᠭᠰᠢᠯᠡᠭᠦᠯᠵᠦ᠂ ᠲᠠᠭᠢᠯᠭ᠎ᠠ ᠶᠢᠨ ᠰᠢᠨ᠎ᠡ ᠬᠡᠪ ᠰᠤᠷᠲᠠᠯ ᠢ ᠡᠷᠦᠭᠡ ᠪᠦᠭᠦᠨ ᠳᠤ ᠮᠡᠳᠡᠭᠦᠯᠪᠡ᠃ ᠨᠡᠶᠢᠭᠡᠮ ᠲᠣᠭᠤᠷᠢᠭ ᠤᠨ ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠠᠶᠢᠯ ᠡᠷᠦᠭᠡ ᠳᠤ ᠬᠦᠷᠴᠦ ᠰᠤᠷᠪᠤᠯᠵᠢᠯᠠᠬᠤ ᠪᠠᠷ ᠳᠠᠮᠵᠢᠨ ᠪᠣᠯᠪᠠᠰᠤᠨ ᠲᠠᠭᠢᠯᠭ᠎ᠠ ᠶᠢᠨ ᠦᠵᠡᠯᠲᠡ ᠪᠠ ᠠᠷᠭ᠎ᠠ ᠶᠢ ᠢᠳᠡᠪᠬᠢᠲᠡᠢ ᠤᠬᠠᠭᠤᠯᠵᠤ᠂ ᠣᠯᠠᠨ ᠲᠦᠮᠡᠨ ᠢ ᠵᠢᠯᠣᠭᠤᠳᠤᠨ ᠣᠩᠭᠤᠨ ᠳᠡᠭᠡᠷ᠎ᠡ ᠲᠦᠯᠡᠰᠢ ᠲᠦᠯᠡᠬᠦ ᠴᠠᠭᠠᠰᠤ᠂ ᠬᠦᠵᠢ ᠠᠰᠠᠭᠠᠬᠤ ᠫᠤᠤ ᠲᠠᠯᠪᠢᠬᠤ ᠵᠡᠷᠭᠡ ᠤᠯᠠᠮᠵᠢᠯᠠᠯᠲᠤ ᠲᠠᠭᠢᠯᠭ᠎ᠠ ᠶᠢᠨ ᠠᠷᠭ᠎ᠠ ᠭᠡᠯᠪᠡᠷᠢ ᠶᠢ ᠤᠬᠠᠮᠰᠠᠷ ᠠᠴᠠ ᠪᠠᠨ ᠲᠠᠶᠠᠭᠳᠠᠵᠤ᠂ ᠰᠣᠷᠭᠤᠭ ᠴᠡᠴᠡᠭ ᠤᠨ ᠲᠠᠭᠢᠯᠭ᠎ᠠ᠂ ᠮᠣᠳᠣ ᠲᠠᠷᠢᠬᠤ ᠲᠠᠭᠢᠯᠭ᠎ᠠ᠂ ᠰᠦᠯᠵᠢᠶᠡᠨ ᠲᠠᠭᠢᠯᠭ᠎ᠠ ᠵᠡᠷᠭᠡ ᠪᠣᠯᠪᠠᠰᠤᠨ ᠳᠣᠣᠷ᠎ᠠ ᠨᠡᠭᠦᠷᠡᠰᠦᠲᠥ᠋ᠷᠥᠭᠴᠢᠲᠦ ᠠᠷᠭ᠎ᠠ ᠭᠡᠯᠪᠡᠷᠢ ᠪᠠᠷ ᠨᠠᠰᠤ ᠪᠠᠷᠠᠭᠰᠠᠨ ᠲᠥᠷᠥᠯ ᠰᠠᠳᠤᠨ ᠢᠶᠠᠨ ᠰᠠᠨᠠᠭᠠᠯᠵᠠᠬᠤ ᠶᠢ ᠤᠷᠢᠶᠠᠯᠠᠬᠤ ᠶᠢᠨ ᠬᠠᠮᠲᠤ᠂ ᠣᠯᠠᠨ ᠢᠶᠠᠷ ᠢᠶᠠᠨ ᠶᠡᠭᠡ ᠣᠷᠭᠢᠯ ᠢ ᠨᠥᠬᠦᠪᠦᠷᠢᠯᠡᠨ᠂ ᠪᠣᠯᠪᠠᠰᠤᠨ ᠢᠶᠠᠷ ᠠᠶᠠᠯᠠᠬᠤ ᠶᠢ ᠤᠷᠢᠶᠠᠯᠠᠵᠠᠢ᠃ 
1712541556140048989.png
        ᠠᠵᠢᠯᠯᠠᠭ᠎ᠠ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠭᠠᠵᠠᠷ ᠪᠣᠯᠭᠠᠨ ᠳᠤ ᠲᠠᠭᠢᠯᠭ᠎ᠠ ᠲᠠᠯᠪᠢᠳᠠᠭ ᠣᠷᠴᠢᠨ ᠲᠣᠭᠤᠷᠢᠨ ᠢ ᠬᠦᠨᠳᠦ ᠨᠣᠴᠢᠲᠠᠢ ᠪᠤᠵᠠᠷᠲᠤᠭᠤᠯᠬᠤ ᠪᠠᠷ ᠪᠠᠷᠠᠬᠤ ᠦᠭᠡᠢ ᠪᠠᠰᠠ ᠭᠠᠯ ᠤᠨ ᠠᠶᠤᠯ ᠠᠮᠠᠷᠬᠠᠨ ᠡᠭᠦᠰᠬᠡᠵᠦ᠂ ᠠᠮᠤᠷ ᠲᠦᠪᠰᠢᠨ ᠤ ᠭᠡᠮ ᠰᠣᠭᠤᠭ ᠣᠷᠣᠰᠢᠵᠤ᠂ ᠡᠭᠦᠨ ᠤ ᠬᠠᠮᠲᠤ ᠪᠠᠰᠠ ᠠᠮᠤᠷ ᠲᠦᠪᠰᠢᠨ ᠤ ᠲᠠᠭᠢᠯᠭ᠎ᠠ ᠶᠢᠨ ᠠᠴᠢ ᠬᠤᠯᠪᠣᠭᠳᠠᠯ ᠪᠠ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠠᠭᠢᠯᠭ᠎ᠠ ᠶᠢᠨ ᠠᠷᠭ᠎ᠠ ᠮᠠᠶ᠋ᠢᠭ ᠢ ᠬᠦᠯᠢᠴᠡᠩᠭᠦᠢ ᠪᠠᠷ ᠨᠠᠷᠢᠨ ᠨᠢᠮᠪᠠᠢ ᠲᠠᠶᠢᠯᠪᠤᠷᠢᠯᠠᠨ ᠥᠭᠴᠦ᠂ ᠥᠷᠭᠡᠨ ᠣᠯᠠᠨ ᠲᠦᠮᠡᠨ ᠢ ᠵᠠᠩ ᠵᠠᠩᠰᠢᠯ ᠢ ᠥᠭᠡᠷᠡᠴᠢᠯᠡᠭᠰᠡᠨ ᠤᠯᠠᠮᠵᠢᠯᠠᠭᠴᠢ ᠪᠠ ᠦᠢᠯᠡᠳᠦᠯᠭᠡᠵᠢᠭᠦᠯᠦᠭᠴᠢ ᠪᠤᠯᠭᠠᠵᠤ᠂ ᠤᠬᠠᠮᠰᠠᠷ ᠠᠴᠠ ᠪᠠᠨ ᠪᠣᠯᠪᠠᠰᠤᠨ ᠲᠠᠭᠢᠯᠭ᠎ᠠ᠂ ᠣᠶᠤᠨᠴᠢ ᠪᠠᠷ ᠲᠠᠭᠢᠯᠭ᠎ᠠ ᠲᠠᠭᠢᠬᠤ ᠰᠢᠨ᠎ᠡ ᠬᠡᠪ ᠰᠤᠷᠲᠠᠯ ᠢ ᠪᠤᠢ ᠪᠤᠯᠭᠠᠬᠤ ᠶᠢ ᠤᠷᠢᠶᠠᠯᠠᠵᠠᠢ᠃ ᠰᠠᠭᠤᠭᠠᠯᠢ ᠠᠷᠠᠳ ᠪᠠᠰᠠ ᠥᠪᠡᠷ ᠥᠪᠡᠷ ᠤᠨ ᠬᠠᠩᠰᠢ ᠶᠢᠨ ᠡᠳᠦᠷ ᠤᠨ ᠲᠠᠭᠢᠯᠭ᠎ᠠ ᠶᠢᠨ ᠠᠷᠭ᠎ᠠ ᠭᠡᠯᠪᠡᠷᠢ ᠪᠠᠨ ᠬᠠᠷᠢᠯᠴᠠᠨ ᠰᠣᠯᠢᠯᠴᠠᠵᠤ᠂ ᠰᠠᠭᠤᠭᠠᠯᠢ ᠠᠷᠠᠳ᠄ ︽ᠨᠡᠶᠢᠭᠡᠮ ᠲᠣᠭᠤᠷᠢᠭ ᠵᠢᠯ ᠪᠦᠷᠢ ᠤᠬᠠᠭᠤᠯᠭ᠎ᠠ ᠬᠢᠳᠡᠭ᠂ ᠲᠤᠩ ᠦᠷ᠎ᠡ ᠪᠦᠲᠦᠮᠵᠢ ᠲᠠᠢ᠂ ᠥᠩᠭᠡᠷᠡᠭᠰᠡᠨ ᠤ ᠬᠠᠩᠰᠢ ᠶᠢᠨ ᠡᠳᠦᠷ ᠴᠠᠭᠠᠰᠤᠨ ᠵᠣᠭᠤᠰ ᠰᠢᠲᠠᠭᠠᠳᠠᠭ᠂ ᠣᠳᠣ ᠮᠠᠨ ᠤ ᠭᠡᠷ ᠲᠤ ᠪᠦᠷ ᠰᠣᠷᠭᠤᠭ ᠴᠡᠴᠡᠭ ᠡᠷᠭᠦᠵᠦ᠂ ᠲᠥᠷᠥᠯ ᠰᠠᠳᠤᠨ ᠳᠠᠭᠠᠨ ᠭᠠᠰᠢᠭᠤᠳᠠᠯ ᠢᠯᠡᠳᠬᠡᠬᠦ ᠪᠠᠷ ᠪᠠᠷᠠᠬᠤ ᠦᠭᠡᠢ ᠂ ᠪᠠᠰᠠ ᠣᠷᠴᠢᠨ ᠲᠣᠭᠤᠷᠢᠨ ᠢᠶᠠᠨ ᠬᠠᠮᠠᠭᠠᠯᠠᠵᠤ᠂ ᠲᠤᠩ ᠰᠠᠶᠢᠨ ᠪᠠᠶᠢᠨ᠎ᠠ︾ ᠭᠡᠵᠦ ᠬᠡᠯᠡᠪᠡ᠃           ᠡᠨᠡ ᠤᠳᠠᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠪᠣᠯᠪᠠᠰᠤᠨ ᠢᠶᠠᠷ ᠲᠠᠭᠢᠯ ᠦᠢᠯᠡᠳᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠢ ᠪᠣᠯᠪᠠᠰᠤᠨ ᠶᠣᠰᠣ ᠮᠣᠷᠠᠯ ᠤᠨ ᠤᠬᠠᠮᠰᠠᠷ ᠲᠠᠢ ᠪᠤᠯᠭᠠᠵᠤ᠂ ᠪᠣᠯᠪᠠᠰᠤᠨ ᠡᠷᠡᠭᠦᠯ ᠴᠢᠭᠢᠷᠠᠭ ᠵᠠᠩ ᠰᠤᠷᠲᠠᠯ ᠲᠠᠢ ᠲᠠᠭᠢᠯᠭ᠎ᠠ ᠶᠢᠨ ᠰᠢᠨ᠎ᠡ ᠬᠡᠪ ᠰᠤᠷᠲᠠᠯ ᠲᠠᠢ ᠪᠣᠯᠭᠠᠵᠠᠢ᠃ ᠳᠠᠷᠠᠭ᠎ᠠ ᠠᠯᠬᠤᠮ ᠳᠤ᠂ ᠨᠡᠶᠢᠭᠡᠮ ᠲᠣᠭᠤᠷᠢᠭ ᠵᠠᠩ ᠳᠠᠳᠬᠠᠯ ᠢ ᠥᠭᠡᠷᠡᠴᠢᠯᠡᠬᠦ ᠤᠬᠠᠭᠤᠯᠭ᠎ᠠ ᠶᠢᠨ ᠠᠵᠢᠯᠯᠠᠭ᠎ᠠ ᠪᠠᠨ ᠦᠷᠭᠦᠯᠵᠢᠯᠡᠨ ᠠᠬᠢᠭᠤᠯᠵᠤ᠂ ᠰᠠᠭᠤᠭᠠᠯᠢ ᠠᠷᠠᠳ ᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ ᠬᠠᠭᠤᠴᠢᠨ ᠶᠣᠰᠣ ᠪᠦᠳᠦᠭᠦᠯᠢᠭ ᠵᠠᠩ ᠳᠠᠳᠬᠠᠯ ᠢᠶᠠᠨ ᠠᠷᠢᠯᠭᠠᠨ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠭᠴᠢ᠂ ᠤᠯᠠᠮᠵᠢᠯᠠᠨ ᠳᠡᠯᠭᠡᠷᠡᠭᠦᠯᠦᠭᠴᠢ ᠪᠠ ᠦᠢᠯᠡᠳᠦᠯᠭᠡᠵᠢᠭᠦᠯᠦᠭᠴᠢ ᠪᠤᠯᠬᠤ ᠪᠠᠷ ᠴᠢᠷᠮᠠᠶᠢᠵᠤ᠂ ᠪᠣᠬᠢᠷᠳᠤᠯ ᠦᠭᠡᠢ ᠡᠷᠡᠭᠦᠯ ᠡᠩᠬᠡ᠂ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠦᠲᠦᠭᠡᠨ ᠪᠠᠶᠢᠭᠤᠯᠬᠤ ᠪᠣᠯᠣᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号