ᠰᠢᠭᠤᠶᠢᠲᠤ ᠵᠡᠭᠡᠯᠢ ᠭᠤᠳᠤᠮᠵᠢ ᠶᠢᠨ ︽ᠪᠣᠬᠢᠷᠳᠤᠯ ᠦᠭᠡᠢ ᠲᠤᠩᠭᠠᠯᠠᠭ ᠣᠢ ᠰᠢᠭᠤᠢ ᠭᠠᠯ ᠰᠡᠷᠭᠡᠶᠢᠯᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
        ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠡᠨᠡᠬᠦ ᠠᠬᠠᠮᠠᠳ ᠦᠶ᠎ᠡ ᠪᠠᠨ ᠮᠥᠷᠥᠭᠡᠳᠦᠨ ᠰᠠᠨᠠᠭᠠᠯᠵᠠᠵᠤ᠂ ᠡᠮᠭᠡᠨᠢᠨ ᠭᠠᠰᠢᠭᠤᠳᠠᠬᠤ ᠴᠠᠭ ᠮᠥᠴᠡ ᠳᠤ᠂ ᠣᠯᠠᠨ ᠲᠦᠮᠡᠨ ᠤ ᠣᠢ ᠰᠢᠭᠤᠢ ᠶᠢᠨ ᠭᠠᠯ ᠰᠡᠷᠭᠡᠶᠢᠯᠡᠬᠦ ᠦᠵᠡᠯ ᠤᠬᠠᠮᠰᠠᠷ ᠪᠣᠯᠣᠨ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠬᠤᠯᠪᠣᠭᠠᠲᠤ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠬᠠᠩᠰᠢ ᠶᠢᠨ ᠡᠳᠦᠷ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠤᠰᠬᠠᠢ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ 
1712542323231064355.png
        ᠰᠢᠭᠤᠶᠢᠲᠤ ᠵᠡᠭᠡᠯᠢ ᠭᠤᠳᠤᠮᠵᠢ ᠶᠢᠨ ᠠᠵᠢᠯᠲᠠᠳ ᠠᠭᠤᠳᠠᠮ ᠲᠠᠯᠠᠪᠠᠢ᠂ ᠴᠤᠭᠯᠠᠭ᠎ᠠ ᠮᠠᠶᠢᠮᠠᠢ ᠵᠡᠷᠭᠡ ᠬᠥᠮᠥᠨ ᠣᠯᠠᠨ ᠬᠤᠷᠠᠵᠤ ᠴᠤᠭᠯᠠᠷᠠᠬᠤ ᠭᠠᠵᠠᠷ ᠲᠤ ᠭᠦᠨᠵᠡᠭᠡᠶᠢᠷᠡᠵᠦ᠂ ᠤᠬᠠᠭᠤᠯᠭ᠎ᠠ ᠶᠢᠨ ᠬᠠᠭᠤᠳᠠᠰᠤ ᠡᠯᠭᠦᠬᠦ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠬᠡᠷᠡᠭᠰᠡᠯ ᠲᠠᠷᠬᠠᠭᠠᠬᠤ ᠵᠡᠷᠭᠡ ᠭᠡᠯᠪᠡᠷᠢ ᠮᠠᠶ᠋ᠢᠭ ᠢᠶᠠᠷ ᠳᠠᠮᠵᠢᠭᠤᠯᠤᠨ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠠᠮᠤᠷ ᠲᠦᠪᠰᠢᠨ ᠤ ᠮᠡᠳᠡᠯᠭᠡ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠦᠭᠡᠮᠡᠯᠵᠢᠭᠦᠯᠬᠦ ᠶᠢᠨ ᠬᠠᠮᠲᠤ ᠪᠣᠯᠪᠠᠰᠤᠨ ᠢᠶᠠᠷ ᠡᠷᠭᠦᠵᠦ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠬᠦ ᠬᠡᠷᠡᠭᠲᠡᠢ᠃ ᠣᠯᠠᠨ ᠲᠦᠮᠡᠨ ᠳᠤ ᠭᠠᠯ ᠰᠡᠷᠭᠡᠶᠢᠯᠡᠬᠦ ᠠᠮᠤᠷ ᠲᠦᠪᠰᠢᠨ ᠤ ᠴᠢᠬᠤᠯᠠ ᠴᠢᠨᠠᠷ ᠵᠢᠴᠢ ᠪᠣᠯᠪᠠᠰᠤᠨ ᠲᠠᠭᠢᠯᠭ᠎ᠠ ᠶᠢᠨ ᠴᠢᠬᠤᠯᠠ ᠴᠢᠨᠠᠷ ᠢ ᠬᠠᠯᠠᠰᠢᠷᠠᠯ ᠦᠭᠡᠢ ᠲᠠᠶᠢᠯᠪᠤᠷᠢᠯᠠᠨ ᠥᠭᠴᠦ᠂ ᠪᠣᠯᠪᠠᠰᠤᠨ ᠲᠠᠭᠢᠯᠭ᠎ᠠ᠂ ᠠᠮᠤᠷ ᠲᠦᠪᠰᠢᠨ᠂ ᠠᠷᠢᠭᠤᠨ ᠴᠢᠬᠡᠴᠢ ᠣᠶᠢᠯᠠᠭᠠᠭᠳᠠᠬᠤᠨ ᠢ ᠠᠶᠢᠯ ᠡᠷᠦᠭᠡ ᠳᠤ ᠭᠦᠷᠲᠡᠯ᠎ᠡ ᠳᠠᠶᠢᠴᠢᠯᠠᠪᠠ᠃ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠠᠭᠤᠯᠠᠨ ᠳᠤ ᠭᠠᠷᠴᠤ ᠳᠡᠭᠡᠳᠦᠰ ᠢᠶᠠᠨ ᠳᠠᠭᠢᠬᠤ ᠦᠶᠡᠰ᠂ ᠴᠠᠭᠠᠰᠤᠨ ᠵᠣᠭᠤᠰ ᠵᠤᠯᠠ ᠰᠢᠲᠠᠭᠠᠵᠤ ᠫᠤᠤᠵᠢᠩ ᠲᠠᠯᠪᠢᠬᠤ ᠵᠡᠷᠭᠡ ᠬᠠᠭᠤᠴᠢᠨ ᠶᠣᠰᠣ ᠪᠦᠳᠦᠭᠦᠯᠢᠭ ᠵᠠᠩ ᠳᠠᠳᠬᠠᠯ ᠢ ᠲᠠᠶᠠᠭᠳᠠᠵᠤ᠂ ᠪᠣᠬᠢᠷᠳᠤᠯ ᠦᠭᠡᠢ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠤᠯᠭᠠᠵᠤ᠂ ᠰᠣᠷᠭᠤᠭ ᠴᠡᠴᠡᠭ ᠢᠶᠠᠷ ᠲᠠᠭᠢᠯᠭ᠎ᠠ ᠬᠢᠬᠦ ᠵᠡᠷᠭᠡ ᠨᠡᠩ ᠪᠣᠯᠪᠠᠰᠤᠨ ᠠᠷᠭ᠎ᠠ ᠭᠡᠯᠪᠡᠷᠢ ᠪᠠᠷ ᠳᠡᠭᠡᠳᠦᠰ ᠢᠶᠠᠨ ᠲᠠᠭᠢᠬᠤ᠂ ᠥᠩᠭᠡᠷᠡᠭᠰᠡᠨ ᠢᠶᠠᠨ ᠰᠠᠨᠠᠭᠠᠯᠵᠠᠬᠤ ᠬᠡᠷᠡᠭᠲᠡᠢ᠃ ᠭᠠᠳᠠᠭᠰᠢ ᠭᠠᠷᠴᠤ ᠬᠥᠬᠡᠷᠡᠨ ᠵᠤᠭᠠᠴᠠᠬᠤ ᠦᠶᠡᠰ᠂ ᠬᠡᠭᠡᠷ᠎ᠡ ᠭᠠᠳᠠᠨ᠎ᠠ ᠭᠠᠯ ᠬᠡᠷᠡᠭᠯᠡᠵᠦ ᠣᠢ ᠰᠢᠭᠤᠢ ᠶᠢᠨ ᠭᠠᠯ ᠤᠨ ᠠᠶᠤᠯ ᠡᠭᠦᠰᠬᠦ ᠠᠴᠠ ᠵᠠᠶᠢᠯᠠᠰᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃          ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠪᠣᠯᠪᠠᠰᠤᠨ ᠢᠶᠠᠷ  ᠱᠦᠭᠦᠷᠳᠡᠬᠦ ᠶᠢᠨ ᠴᠢᠬᠤᠯᠠ ᠴᠢᠨᠠᠷ ᠢ ᠤᠬᠠᠮᠰᠠᠷᠠᠭᠤᠯᠤᠨ᠂ ᠰᠠᠨᠠᠭᠠᠴᠢᠯᠠᠭᠠᠲᠤ ᠪᠤᠰᠤ ᠪᠠᠶᠢᠳᠠᠯ ᠳᠤ ᠨᠡᠶᠢᠴᠡᠭᠦᠯᠦᠨ᠂ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠤᠯᠠᠮᠵᠢᠯᠠᠨ ᠵᠠᠯᠭᠠᠮᠵᠢᠯᠠᠭᠴᠢ ᠪᠤᠯᠬᠤ ᠪᠠᠷ ᠴᠢᠷᠮᠠᠶᠢᠬᠤ᠂ ᠬᠡᠪ ᠵᠠᠩᠰᠢᠯ ᠢ ᠲᠦᠯᠬᠢᠨ ᠠᠬᠢᠭᠤᠯᠬᠤ ᠶᠢᠨ ᠬᠥᠲᠥᠯᠥᠨ ᠳᠠᠭᠠᠭᠤᠯᠤᠭᠴᠢ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠨ ᠦᠢᠯᠡᠳᠦᠯᠭᠡᠵᠢᠭᠦᠯᠦᠭᠴᠢ ᠪᠤᠯᠬᠤ ᠪᠠᠷ ᠴᠢᠷᠮᠠᠶᠢᠵᠤ᠂ ᠥᠷᠭᠡᠨ ᠣᠯᠠᠨ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠲᠤ ᠪᠠᠷ ᠬᠠᠮᠠᠭᠠᠯᠠᠬᠤ ᠰᠠᠶᠢᠨ ᠰᠠᠶᠢᠬᠠᠨ ᠣᠷᠴᠢᠨ ᠠᠬᠤᠢ ᠶᠢ ᠪᠤᠢ ᠪᠤᠯᠭᠠᠬᠤ ᠬᠡᠷᠡᠭᠲᠡᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号