ᠰᠢᠨ ᠸᠠᠩ ᠨᠡᠶᠢᠭᠡᠮ ᠲᠣᠭᠤᠷᠢᠭ᠄ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠭᠦᠨᠵᠡᠭᠡᠶᠢᠷᠡᠭᠦᠯᠦᠨ᠎ᠡ
ᠨᠡᠶᠢᠲᠡᠯᠡᠭᠰᠡᠨ ᠴᠠᠭ᠄
2024/4/17
        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠲᠤᠭᠤᠰᠢᠯᠠᠭᠤᠯᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠪᠥᠭᠡᠳ ᠪᠣᠳᠠᠲᠠᠶᠢᠵᠢᠭᠤᠯᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ︽ᠠᠰᠠᠭᠤᠳᠠᠯ ᠢ ᠰᠢᠢᠳᠪᠦᠷᠢᠯᠡᠬᠦ︾ ᠪᠠ ︽ᠪᠣᠳᠠᠲᠠᠢ ᠶᠠᠪᠤᠳᠠᠯ ᠬᠢᠬᠦ︾ ᠎ ᠶᠢ ᠭᠤᠣᠯᠳᠠᠯᠭ᠎ᠠ ᠲᠠᠢ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠠᠬᠢᠭᠤᠯᠵᠤ᠂ ᠪᠣᠳᠠᠲᠠᠢ ᠶᠢ ᠡᠷᠬᠢᠮᠯᠡᠨ ᠪᠣᠳᠠᠲᠠᠢ ᠠᠵᠢᠯᠯᠠᠬᠤ ᠪᠠᠷ ᠬᠠᠷᠠᠯᠲᠠ ᠪᠣᠯᠭᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠴᠢᠨᠠᠷ ᠰᠠᠶᠢᠲᠠᠢ ᠪᠥᠭᠡᠳ ᠬᠠᠶᠢᠷ᠎ᠠ ᠰᠡᠳᠬᠢᠯᠭᠡ ᠲᠠᠢ ᠭᠤᠣᠯ ᠰᠡᠳᠦᠪᠲᠦ ᠬᠥᠮᠦᠵᠢᠯ ᠤᠨ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ᠃        ᠨᠠᠮᠴᠢ ᠴᠢᠨᠠᠷ ᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ ᠢ ᠰᠡᠩᠬᠡᠷᠡᠭᠦᠯᠬᠦ ᠬᠡᠷᠡᠭᠲᠡᠢ        ᠨᠡᠶᠢᠭᠡᠮ ᠲᠣᠭᠤᠷᠢᠭ ᠤᠨ ᠨᠠᠮ ᠤᠨ ᠡᠭᠦᠷ ᠨᠢ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ︾᠎ ᠪᠠᠷ ᠭᠤᠣᠯ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠬᠦᠴᠦᠨ ᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠲᠤ ᠴᠢᠩᠭ᠎ᠠ ᠪᠠᠬᠢᠯᠡᠯᠲᠡ ᠪᠣᠯᠭᠠᠨ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ ᠢ ᠰᠡᠷᠭᠦᠭᠡᠬᠦ ᠬᠡᠷᠡᠭᠲᠡᠢ᠃ ᠨᠡᠶᠢᠭᠡᠮ ᠲᠣᠭᠤᠷᠢᠭ ᠤᠨ ᠬᠢᠨ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷᠯᠢᠭ᠂ ᠨᠠᠮ ᠤᠨ ᠡᠭᠦᠷ ᠤᠨ ᠱᠦᠵᠢ ᠲᠦᠷᠦᠭᠦᠯᠡᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠬᠤ ᠵᠡᠷᠭᠡ ᠠᠴᠢᠶᠠᠯᠠᠪᠤᠷᠢ ᠶᠢ ᠰᠠᠶᠢᠲᠤᠷ ᠬᠡᠷᠡᠭᠯᠡᠬᠦ ᠶᠢ ᠪᠠᠷᠢᠮᠲᠠᠯᠠᠵᠤ᠂ ᠬᠠᠮᠲᠤ ᠪᠠᠷ ᠰᠤᠷᠤᠯᠴᠠᠬᠤ᠂ ᠬᠤᠪᠢ ᠬᠥᠮᠥᠨ ᠥᠪᠡᠷ ᠢᠶᠠᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠰᠦᠯᠵᠢᠶᠡᠨ ᠳᠡᠭᠡᠷ᠎ᠡ ᠰᠤᠷᠤᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠰᠤᠷᠤᠯᠴᠠᠯᠭ᠎ᠠ ᠶᠢ ᠥᠷᠨᠢᠭᠦᠯᠵᠦ᠂ ᠬᠥᠳᠡᠯᠵᠦ ᠪᠠᠷᠢᠬᠤ ᠳᠤ ᠳᠥᠭᠦᠮ ᠦᠭᠡᠢ ᠠᠬᠠᠮᠠᠳ ᠨᠠᠮ ᠤᠨ ᠭᠡᠰᠢᠭᠦᠨ ᠪᠠ ᠨᠡᠭᠦᠳᠡᠯ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠤᠨ ᠭᠡᠷ ᠲᠤᠨᠢ ᠬᠦᠷᠴᠦ ᠨᠣᠮ ᠪᠢᠴᠢᠭ ᠬᠦᠷᠭᠡᠵᠦ ᠰᠤᠷᠤᠯᠴᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠤᠷᠤᠯᠴᠠᠯᠭ᠎ᠠ ᠶᠢ ᠲᠠᠰᠤᠯᠳᠠᠭᠤᠯᠬᠤ ᠦᠭᠡᠢ᠂ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠬᠠᠮᠲᠤ ᠪᠠᠷ ᠰᠤᠷᠤᠯᠴᠠᠬᠤ᠂ ᠵᠡᠷᠭᠡᠪᠡᠷ ᠰᠤᠷᠤᠯᠴᠠᠬᠤ᠂ ᠦᠷᠭᠦᠯᠵᠢᠯᠡᠨ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠡᠭᠦᠨ ᠤ ᠬᠠᠮᠲᠤ︽ᠬᠤᠣᠰ ᠨᠡᠷ᠎ᠡ ᠮᠡᠳᠡᠭᠦᠯᠬᠦ᠂ ᠬᠤᠣᠰ ᠦᠢᠯᠡᠴᠢᠯᠡᠭᠡ᠂ ᠬᠤᠣᠰ ᠮᠡᠳᠡᠭᠦᠯᠦᠯᠲᠡ︾᠎ ᠲᠠᠢ ᠤᠶᠠᠯᠳᠤᠭᠤᠯᠵᠤ᠂ ︽ᠨᠠᠮ ᠤᠨ ᠵᠣᠬᠢᠶᠠᠨ ᠪᠠᠶᠢᠭᠤᠯᠤᠯᠲᠠ ᠬᠤᠯᠪᠤᠭᠠᠯᠠᠨ ᠪᠠᠶᠢᠭᠤᠯᠬᠤ︾᠂ ᠭᠤᠣᠯ ᠰᠡᠳᠦᠪᠲᠦ ᠨᠠᠮ ᠤᠨ ᠡᠳᠦᠷ᠂ ︽ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠵᠤ᠂ ᠠᠮᠠᠯᠠᠯᠲᠠ ᠪᠠᠨ ᠲᠣᠳᠣᠷᠬᠠᠶᠢᠯᠠᠵᠤ᠂ ᠠᠵᠢᠯᠯᠠᠭ᠎ᠠ ᠪᠠᠨ ᠲᠣᠳᠣᠷᠠᠭᠤᠯᠬᠤ︾ ᠵᠡᠷᠭᠡ ᠤᠯᠠᠨ ᠵᠦᠢᠯ ᠤᠨ ᠬᠡᠯᠪᠡᠷᠢ ᠪᠠᠷ ᠠᠵᠢᠯ ᠳᠤ ᠪᠠᠶᠢᠭ᠎ᠠ ᠨᠠᠮ ᠤᠨ ᠭᠡᠰᠢᠭᠦᠨ ᠢ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠤ ᠭᠡᠷ ᠲᠤ ᠣᠴᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃
1712542474900003085.png
        ᠦᠢᠯᠡᠳᠦᠯᠭᠡ ᠶᠢ ᠴᠢᠬᠤᠯᠠᠴᠢᠯᠠᠨ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ        ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠵᠢᠭᠰᠠᠭᠠᠯ ᠤᠨ ᠭᠠᠵᠠᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠳᠤ ᠲᠦᠰᠢᠭᠯᠡᠨ᠂ ᠬᠠᠷᠢᠶ᠎ᠠ ᠣᠷᠣᠨ ᠤ ᠳᠣᠲᠣᠷᠠᠬᠢ ᠭᠠᠭᠴᠠ ᠬᠡᠦᠬᠡᠳ ᠢᠶᠠᠨ ᠠᠯᠳᠠᠭᠰᠠᠨ ᠭᠡᠷ ᠪᠦᠯᠢ᠂ ᠭᠠᠭᠴᠠᠭᠠᠷ ᠰᠠᠭᠤᠭ᠎ᠠ ᠨᠠᠰᠤᠲᠠᠨ᠂ ᠬᠦᠴᠢᠷᠳᠡᠯᠲᠡᠢ ᠬᠡᠦᠬᠡᠳ ᠵᠡᠷᠭᠡ ᠣᠨᠴᠠᠭᠠᠶ ᠬᠥᠮᠥᠰ ᠲᠤ ᠴᠢᠭᠯᠡᠭᠦᠯᠦᠨ᠂ ︽ᠨᠢᠭᠡ ᠳᠤ ᠨᠢᠭᠡ︾᠎ ᠶᠢᠨ ᠬᠤᠣᠰᠯᠠᠯ ᠪᠣᠯᠵᠤ ᠬᠠᠪᠰᠤᠷᠤᠨ ᠲᠡᠳᠬᠦᠬᠦ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠬᠠᠪᠰᠤᠷᠤᠨ ᠲᠡᠳᠬᠦᠬᠦ ᠶᠠᠪᠤᠴᠠ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠳ᠋ᠢᠶᠠᠩᠬᠤᠸᠠ ᠬᠦᠷᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ ᠡᠲᠡᠭᠡᠳ ᠢ ᠲᠣᠬᠤᠨᠢᠭᠤᠯᠵᠤ ᠰᠣᠯᠢᠯᠴᠠᠬᠤ ᠶᠢᠨ ᠬᠠᠮᠲᠤ ᠣᠨᠴᠠᠭᠠᠶ ᠬᠠᠮᠲᠤᠯᠢᠭ ᠲᠤ ᠬᠠᠷᠢᠭᠤ ᠲᠤᠰᠬᠠᠭᠰᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠣᠭᠤᠭ ᠳᠡᠯᠭᠡᠬᠦ᠂ ᠭᠡᠷ ᠤᠨ ᠠᠵᠢᠯ ᠬᠢᠬᠦ᠂ ᠳᠤᠯᠠᠭᠠᠯᠠᠭ᠎ᠠ᠂ ᠬᠡᠷᠡᠭᠰᠡᠯ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠨᠴᠠᠭᠠᠶ ᠬᠥᠮᠥᠰ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠯᠠᠭᠤᠨ ᠳᠤᠯᠠᠭᠠᠨ ᠢ ᠭᠦᠢᠴᠡᠳ ᠮᠡᠳᠡᠷᠡᠭᠦᠯᠦᠨ᠎ᠡ᠃ ᠣᠲᠣ ᠪᠣᠯᠲᠠᠯ᠎ᠠ᠂ ᠬᠦᠴᠢᠷᠳᠡᠯᠲᠡᠢ 42 ᠭᠠᠷᠤᠢ ᠬᠥᠮᠥᠨ ᠢ ᠬᠠᠪᠰᠤᠷᠤᠨ ᠲᠡᠳᠬᠦᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ 90 ᠭᠠᠷᠤᠢ ᠬᠤᠪᠢ / ᠤᠳᠠᠭ᠎ᠠ ᠰᠢᠢᠳᠪᠦᠷᠢᠯᠡᠵᠦ᠂ ᠣᠯᠠᠨ ᠲᠦᠮᠡᠨ ᠤ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠪᠣᠳᠠᠲᠠᠢ ᠠᠵᠢᠯ ᠬᠢᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠪᠦᠲᠦᠮᠵᠢᠲᠡᠶ ᠪᠠᠷ ᠨᠡᠮᠡᠭᠳᠡᠭᠦᠯᠪᠡ᠃        ᠰᠦᠢᠳᠬᠡᠯ ᠬᠤᠷᠢᠶᠠᠬᠤ ᠦᠭᠡᠢ ᠪᠠᠷ ᠠᠯᠪᠠᠨ ᠵᠢᠷᠤᠮ ᠤᠨ ᠡᠮᠴᠢᠯᠡᠭᠡ ᠬᠢᠬᠦ᠂ ᠴᠡᠪᠡᠷᠯᠡᠭᠡ ᠬᠢᠬᠦ᠂ ᠬᠠᠪᠰᠤᠷᠤᠨ ᠭᠦᠢᠴᠡᠳᠬᠡᠬᠦ ᠁ ᠨᠡᠶᠢᠭᠡᠮ ᠲᠣᠭᠤᠷᠢᠭ ᠤᠨ ᠨᠠᠮ ᠤᠨ ᠡᠭᠦᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ︽ᠨᠠᠮ ᠤᠨ ᠪᠠᠶᠢᠭᠤᠯᠤᠯᠲᠠ ᠶᠢᠨ ᠨᠠᠶᠢᠵᠠ ᠶᠢᠨ ᠲᠣᠭᠤᠷᠢᠭ︾᠎ ᠢ ᠥᠷᠭᠡᠳᠬᠡᠵᠦ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ 300 ᠭᠠᠷᠤᠢ ᠠᠵᠢᠯ ᠤᠨ ᠪᠠᠶᠢᠷᠢ ᠳᠤ ᠪᠠᠶᠢᠭ᠎ᠠ ᠨᠠᠮ ᠤᠨ ᠭᠡᠰᠢᠭᠦᠨ᠂ 12 ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠵᠢᠴᠢ ᠰᠠᠶᠢᠨ ᠳᠤᠷ᠎ᠠ ᠶᠢᠨ ᠠᠵᠢᠯᠯᠠᠭᠴᠢ᠂ ᠰᠦᠯᠵᠢᠶᠡᠨ ᠤ ᠠᠵᠢᠯᠲᠠᠨ ᠵᠡᠷᠭᠡ ︽ᠬᠤᠪᠢᠰᠬᠠᠯ ᠤᠨ ᠬᠦᠴᠦᠨ︾᠎ ᠢ ᠨᠢᠭᠲᠠᠷᠠᠭᠤᠯᠵᠤ᠂ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠮᠡᠳᠡᠯᠭᠡ ᠶᠢᠨ ᠲᠠᠶᠢᠯᠤᠮᠵᠢ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠪᠠᠭᠤᠷᠠᠢ ᠶᠢ ᠲᠡᠳᠬᠦᠨ ᠬᠦᠴᠢᠷᠳᠡᠯ ᠢ ᠲᠤᠰᠠᠯᠠᠬᠤ᠂ ᠨᠠᠰᠤᠲᠠᠶᠢᠴᠤᠳ ᠢ ᠬᠠᠪᠰᠤᠷᠤᠨ ᠵᠡᠮᠳᠡᠭᠴᠦᠳ ᠢ ᠲᠤᠰᠠᠯᠠᠬᠤ ᠵᠡᠷᠭᠡ ᠡᠯ᠎ᠡ ᠲᠥᠷᠥᠯ ᠤᠨ ᠣᠯᠠᠨ ᠲᠦᠮᠡᠨ ᠤ ᠬᠡᠷᠡᠭᠴᠡᠭᠡ᠂ ᠦᠵᠡᠵᠦ ᠰᠣᠨᠢᠷᠬᠠᠬᠤ ᠳᠤᠷᠠᠲᠠᠢ ᠠᠷᠠᠳ ᠲᠤ ᠲᠥᠬᠦᠮ ᠦᠵᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ︽ᠡᠴᠦᠰ ᠤᠨ ᠨᠢᠭᠡ ᠮᠧᠲᠷ︾᠎ ᠢ ᠦᠨᠡᠨ ᠬᠦ ᠨᠡᠪᠲᠡᠷᠡᠭᠦᠯᠪᠡ᠃ ︽ᠪᠢ ᠣᠳᠣᠬᠠᠨ ᠳᠤ ᠬᠥᠯ ᠨᠢ ᠳᠥᠭᠦᠮ ᠦᠭᠡᠢ᠂ ᠨᠢᠭᠡ ᠨᠡᠶᠢᠭᠡᠮ ᠲᠣᠭᠤᠷᠢᠭ ᠲᠤ ᠣᠴᠢᠬᠤ ᠳᠤ ᠮᠠᠰᠢ ᠬᠢᠯᠪᠠᠷ ᠪᠤᠰᠤ᠂ ᠨᠡᠶᠢᠭᠡᠮ ᠲᠣᠭᠤᠷᠢᠭ ᠤᠨ ᠠᠵᠢᠯᠲᠠᠳ ᠮᠡᠳᠡᠭᠰᠡᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠮᠠᠨ ᠤ ᠭᠡᠷ ᠲᠤ ᠢᠷᠡᠵᠦ ᠠᠮᠢᠳᠤᠷᠠᠯ ᠤᠨ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠯᠠᠪᠯᠠᠨ ᠠᠰᠠᠭᠤᠵᠤ᠂ ᠲᠡᠳᠡᠨ ᠢ ᠬᠠᠪᠰᠤᠷᠤᠨ ᠭᠡᠷᠡᠴᠢᠯᠡᠭᠦᠯᠵᠦ᠂ ᠬᠡᠷᠡᠭᠴᠡᠭᠡ ᠲᠠᠢ ᠪᠣᠯ ᠳᠠᠷᠤᠢ ᠲᠡᠳᠡᠨ ᠲᠠᠢ ᠬᠠᠷᠢᠯᠴᠠᠵᠤ ᠪᠣᠯᠣᠨ᠎ᠠ︾ ᠭᠡᠵᠡᠢ᠃ ᠰᠠᠭᠤᠭᠠᠯᠢ ᠠᠷᠠᠳ ᠸᠠᠩ ᠡᠮᠡᠭᠡ ᠪᠠᠶᠠᠷᠲᠠᠢ ᠪᠠᠷ ᠬᠡᠯᠡᠪᠡ᠃
1712542544453022843.png
        ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ        ᠨᠡᠶᠢᠭᠡᠮ ᠲᠣᠭᠤᠷᠢᠭ ᠤᠨ ᠨᠠᠮ ᠤᠨ ᠡᠭᠦᠷ ᠨᠡᠶᠢᠭᠡᠮ ᠲᠣᠭᠤᠷᠢᠭ ᠤᠨ ᠵᠠᠰᠠᠯᠲᠠ ᠶᠢᠨ ᠪᠦᠲᠦᠴᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ︽ᠨᠠᠮ ᠤᠨ ᠪᠠᠶᠢᠭᠤᠯᠤᠯᠲᠠ ᠰᠠᠨᠠᠭᠠᠴᠢᠯᠠᠭ᠎ᠠ ᠠᠴᠠ ᠪᠠᠨ ᠲᠣᠭᠲᠠᠭᠤᠨ ᠪᠠᠶᠢᠳᠠᠯ ᠢ ᠡᠭᠦᠳᠬᠦ︾ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ︽ᠹᠧᠩᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ︽ᠰᠦᠯᠵᠢᠶᠡᠨ ᠤ ᠠᠵᠢᠯᠲᠠᠨ᠂ ᠠᠵᠢᠯ ᠦᠢᠯᠡᠰ ᠤᠨ ᠵᠥᠪᠯᠡᠯ᠂ ᠠᠳᠠᠯ ᠠᠬᠤᠢ ᠶᠢᠨ ᠺᠣᠮᠫᠠᠨᠢ ᠵᠡᠷᠭᠡ︽N︾ ᠲᠠᠯ᠎ᠠ ᠶᠢᠨ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠠᠴᠠ ᠲᠦᠷᠦᠭᠦᠯᠡᠨ ᠰᠠᠭᠤᠭᠠᠯᠢ ᠠᠷᠠᠳ ᠤᠨ ᠵᠥᠪᠯᠡᠬᠦ ᠬᠤᠷᠠᠯ ᠵᠡᠷᠭᠡ ᠶᠢ ᠬᠤᠷᠠᠯᠳᠤᠭᠤᠯᠵᠤ᠂ ᠰᠠᠭᠤᠭᠠᠯᠢ ᠠᠷᠠᠳ ᠤᠨ ᠠᠰᠠᠭᠤᠳᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠴᠤᠭᠯᠠᠭᠤᠯᠵᠤ᠂ ᠤᠯᠠᠨ ᠲᠦᠮᠡᠨ ᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠠᠷᠠᠳ ᠲᠦᠮᠡᠨ ᠳᠤ ᠦᠢᠯᠡᠴᠢᠯᠡᠬᠦ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠵᠡᠷᠭᠡ ᠲᠠᠯ᠎ᠠ ᠪᠠᠷ ᠬᠢ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠢᠭᠤᠷᠳᠠᠨ ᠰᠣᠨᠣᠰᠴᠤ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠡᠯ᠎ᠡ ᠲᠠᠯ᠎ᠠ ᠶᠢᠨ ᠳᠠᠪᠠᠭᠤᠯᠢᠭ ᠬᠦᠴᠦᠨ ᠢ ᠲᠥᠪᠯᠡᠷᠡᠭᠦᠯᠦᠨ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠳᠤ ᠣᠷᠣᠯᠴᠠᠵᠤ᠂ ᠤᠯᠠᠨ ᠲᠦᠮᠡᠨ ᠤ ᠠᠮᠢᠳᠤᠷᠠᠯ ᠤᠨ ᠵᠣᠯ ᠵᠢᠷᠭᠠᠯ ᠤᠨ ᠰᠠᠭᠤᠷᠢ᠂ ᠬᠠᠷᠢᠶ᠎ᠠ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠰᠠᠭᠤᠷᠢ ᠶᠢ ᠪᠠᠲᠤᠳᠬᠠᠨ᠎ᠠ᠃ ᠣᠳᠣᠬᠠᠨ ᠪᠣᠯᠲᠠᠯ᠎ᠠ᠂ ᠨᠡᠶᠢᠲᠡ 30 ᠭᠠᠷᠤᠢ ᠵᠦᠢᠯ ᠤᠨ ᠰᠠᠨᠠᠯ ᠰᠠᠨᠠᠭᠤᠯᠭ᠎ᠠ ᠬᠤᠷᠢᠶᠠᠵᠤ᠂ ᠨᠢᠭᠡᠨᠲᠡ 26 ᠵᠦᠢᠯ ᠢ ᠵᠣᠬᠢᠴᠠᠭᠤᠯᠤᠨ ᠰᠢᠢᠳᠪᠦᠷᠢᠯᠡᠵᠦ᠂ ᠪᠤᠰᠤᠳ ᠢ ᠨᠢ ᠶᠠᠭ ᠰᠢᠢᠳᠪᠦᠷᠢᠯᠡᠵᠦ ᠪᠠᠶᠢᠨ᠎ᠠ᠃
1712542564907068390.png
        ᠳᠠᠷᠠᠭ᠎ᠠ ᠠᠯᠬᠤᠮ ᠳᠤ᠂ ᠨᠡᠶᠢᠭᠡᠮ ᠲᠣᠭᠤᠷᠢᠭ ᠤᠨ ᠨᠠᠮ ᠤᠨ ᠡᠭᠦᠷ ᠨᠢ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠬᠤᠲᠠ ᠶᠢᠨ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠶᠠᠪᠤᠳᠠᠯ ᠢ ᠠᠳᠬᠤᠨ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠵᠣᠯ ᠵᠢᠷᠭᠠᠯᠲᠤ ᠭᠡᠷ ᠣᠷᠣᠨ ᠪᠣᠯᠭᠠᠨ ᠪᠠᠶᠢᠭᠤᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号