ᠰᠢᠭᠤᠶᠢᠲᠤ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ 2024 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
        4 ᠰᠠᠷ᠎ᠠ ᠶᠢᠨ 11᠎ ᠤ ᠡᠳᠦᠷ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠢ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢᠦ ᠬᠤᠶ ᠡᠷᠭᠢᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠭᠤᠤ ᠯᠢ ᠱᠧᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
微信截图_20240417110804.png
        ᠬᠤᠷᠠᠯ ᠳᠡᠭᠡᠷ᠎ᠡ᠂ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠴᠢ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ ᠰᠢᠭᠤᠶᠢᠲᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠡᠭᠦᠨ ᠤ ᠬᠠᠮᠲᠤ ︽ᠠᠵᠢᠯ ᠣᠯᠭᠤᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ︾᠎ ᠶᠢ ᠵᠠᠷᠯᠠᠨ ᠵᠠᠳᠠᠯᠤᠨ ᠰᠢᠨᠵᠢᠯᠡᠵᠦ᠂ ᠡᠯ᠎ᠡ ᠲᠠᠰᠤᠭ ᠤᠨ ᠲᠣᠰ ᠰᠠᠯᠠᠭ᠎ᠠ ᠮᠥᠴᠢᠷ ᠤᠨ ᠢᠶᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠴᠡᠭ ᠵᠢᠴᠢ 2024 ᠣᠨ ᠤ ᠳᠡᠭᠡᠷ᠎ᠡ ᠬᠠᠭᠠᠰ ᠵᠢᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠲᠣᠬᠢᠷᠠᠭᠤᠯᠤᠯᠲᠠ ᠶᠢ ᠬᠠᠷᠢᠭᠤ ᠮᠡᠳᠡᠭᠦᠯᠪᠡ᠃
微信截图_20240417110909.png
        ᠯᠢᠦ ᠬᠤᠢ ᠡᠷᠬᠢᠯᠡᠭᠴᠢ ᠵᠢᠭᠠᠵᠤ ᠭᠠᠷᠭᠠᠭᠰᠠᠨ ᠨᠢ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠪᠦᠬᠦ ᠺᠠᠳ᠋ᠷ ᠠᠵᠢᠯᠲᠠᠨ ᠠᠵᠢᠯᠴᠢᠨ ᠰᠠᠬᠢᠯᠭ᠎ᠠ ᠪᠠᠲᠤ ᠶᠢ ᠬᠠᠤᠯᠢ ᠴᠠᠭᠠᠵᠠ ᠶᠢᠨ ᠡᠮᠦᠨ᠎ᠡ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠴᠢᠩᠭ᠎ᠠ ᠬᠠᠮᠢᠶᠠᠷᠬᠤ ᠪᠣᠯ ᠳᠠᠷᠤᠢ ᠭᠦᠨ ᠵᠤᠵᠠᠭᠠᠨ ᠠᠵᠢᠯ ᠤᠨ ᠣᠶᠢᠯᠠᠭᠠᠭᠳᠠᠬᠤᠨ ᠪᠣᠯᠣᠨ᠎ᠠ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠢ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠲᠠᠢ ᠨᠢᠭᠲᠠ ᠤᠶᠠᠯᠳᠤᠭᠤᠯᠵᠤ᠂ ︽ᠡᠭᠦᠳᠡ ᠣᠷᠣᠬᠤ ᠨᠢ ᠣᠷᠣᠬᠤ᠂ ᠨᠢᠭᠤᠷ ᠴᠢᠷᠠᠢ ᠨᠢ ᠦᠵᠡᠬᠦ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠬᠦᠴᠢᠷ︾ ᠪᠠᠶᠢᠬᠤ ᠮᠠᠭᠤ ᠰᠤᠷᠲᠠᠯ ᠢ ᠴᠠᠭ ᠲᠤᠬᠠᠢ ᠳᠤᠨᠢ ᠢᠯᠡᠷᠡᠭᠦᠯᠦᠨ ᠵᠠᠯᠠᠷᠠᠭᠤᠯᠵᠤ᠂ ᠦᠢᠯᠡᠴᠢᠯᠡᠬᠦ ᠣᠪᠣᠷ ᠪᠠ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠬᠤ ᠬᠡᠷᠡᠭᠲᠡᠢ᠃ ᠠᠵᠢᠯ ᠣᠯᠭᠤᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ ᠶᠢ ᠴᠠᠭ ᠲᠤᠬᠠᠢ ᠳᠤᠨᠢ ᠪᠠᠶᠢᠴᠠᠭᠠᠵᠤ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠬᠢᠬᠦ᠂ ᠤᠳᠠᠭᠠᠨ ᠬᠢᠬᠦ ᠬᠠᠷᠢᠭᠤᠴᠠᠯᠭ᠎ᠠ ᠪᠠᠨ ᠠᠯᠳᠠᠭᠰᠠᠨ ᠦᠢᠯᠡ ᠠᠵᠢᠯᠯᠠᠭ᠎ᠠ ᠶᠢ ᠡᠷᠡᠰ ᠵᠠᠯᠠᠷᠠᠭᠤᠯᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠳᠠᠮᠵᠢᠭᠤᠯᠤᠨ᠂ ︽ᠴᠣᠩᠬᠤᠪᠴᠢ ᠨᠢᠭᠡᠴᠡ︾᠎ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠢ᠃        ᠭᠤᠤ ᠯᠢ ᠱᠧᠩ ᠨᠥᠬᠦᠷ ᠴᠢᠬᠤᠯᠠᠴᠢᠯᠠᠭᠰᠠᠨ ᠨᠢ᠂ ᠪᠦᠬᠦ ᠺᠠᠳ᠋ᠷ ᠠᠵᠢᠯᠲᠠᠨ ᠠᠵᠢᠯᠴᠢᠨ ᠡᠷᠬᠡᠪᠰᠢ ᠤᠬᠠᠮᠰᠠᠷ ᠠᠴᠠ ᠪᠠᠨ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠬᠦᠰᠡᠯᠡᠩ ᠢᠲᠡᠭᠡᠯ ᠪᠢᠰᠢᠷᠡᠯ ᠢ ᠪᠠᠲᠤ ᠪᠤᠢ ᠪᠣᠯᠭᠠᠵᠤ᠂ ᠨᠠᠮ ᠤᠨ ᠳᠦᠷᠢᠮ ᠨᠠᠮ ᠤᠨ ᠲᠣᠭᠲᠠᠭᠠᠯ ᠢ ᠵᠢᠷᠤᠮᠯᠠᠵᠤ᠂ ᠶᠠᠮᠠᠷᠪᠠ ᠠᠰᠢᠭ ᠲᠤᠰᠠ ᠶᠢᠨ ᠲᠥᠯᠥᠭᠡ ᠰᠠᠨᠠᠭᠠᠰᠢᠷᠠᠬᠤ ᠦᠭᠡᠢ ᠪᠠᠶᠢᠵᠤ᠂ ᠶᠠᠮᠠᠷᠪᠠ ᠨᠥᠯᠥᠭᠡ ᠬᠠᠷᠰᠢᠯᠠᠯ ᠤᠨ ᠲᠥᠯᠥᠭᠡ ᠭᠤᠶᠢᠪᠢᠯᠵᠠᠬᠤ ᠦᠭᠡᠢ᠂ ᠬᠤᠪᠢ ᠶᠢᠨ ᠠᠰᠢᠭ ᠣᠯᠬᠤ ᠦᠭᠡᠢ᠂ ᠨᠢᠭᠡ ᠰᠡᠳᠬᠢᠯ ᠢᠶᠠᠷ ᠨᠡᠶᠢᠲᠡ ᠶᠢᠨ ᠲᠥᠯᠥᠭᠡ ᠵᠢᠳᠬᠦᠵᠦ᠂ ᠢᠲᠡᠭᠡᠯ ᠵᠣᠷᠢᠭ ᠢᠶᠠᠨ ᠬᠤᠪᠢᠷᠠᠭᠤᠯᠬᠤ ᠦᠭᠡᠢ ᠪᠠᠶᠢᠬᠤ ᠬᠡᠷᠡᠭᠲᠡᠢ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠪᠣᠯᠪᠠᠰᠤᠨ ᠢᠶᠠᠷ ᠵᠣᠴᠢᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠠᠵᠢᠯ ᠣᠯᠭᠤᠯᠲᠠ ᠶᠢᠨ ᠠᠵᠢᠯ ᠢ ᠰᠠᠶᠢᠲᠤᠷ ᠬᠢᠵᠦ᠂ ᠠᠷᠠᠳ ᠲᠦᠮᠡᠨ ᠤ ᠰᠠᠶᠢᠨ ᠠᠯᠪᠠᠨ ᠵᠠᠷᠤᠴᠠ ᠪᠣᠯᠬᠤ ᠪᠠᠷ ᠴᠢᠷᠮᠠᠶᠢᠬᠤ ᠬᠡᠷᠡᠭᠲᠡᠢ᠃        ᠰᠢᠭᠤᠶᠢᠲᠤ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠳᠡᠭᠡᠳᠦ ᠱᠠᠲᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠵᠢᠷᠤᠮᠵᠢᠭᠤᠯᠤᠨ ᠰᠠᠶᠢᠵᠢᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠷᠮᠠᠶᠢᠨ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ︽ᠲᠦᠷᠪᠡᠨ ᠠᠮᠤᠷ ᠲᠦᠪᠰᠢᠨ︾᠎ ᠢ ᠰᠠᠶᠢᠲᠤᠷ ᠠᠳᠬᠤᠵᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ᠂ ᠪᠣᠳᠠᠲᠠᠢ ᠶᠢ ᠡᠷᠬᠢᠮᠯᠡᠬᠦ᠂ ᠠᠷᠠᠳ ᠤᠨ ᠲᠥᠯᠥᠭᠡ ᠪᠠᠶᠢᠬᠤ᠂ ᠠᠷᠢᠭᠤᠨ ᠴᠢᠬᠡᠴᠢ ᠪᠠᠶᠢᠬᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号