ᠰᠢᠭᠤᠶᠢᠲᠤ ᠠᠯᠪᠠᠨ ᠲᠠᠷᠬᠠᠭᠠᠭᠰᠠᠨ﹇2020﹈ 5 ᠳ᠋ᠤᠭᠠᠷ ᠲᠣᠭᠠᠲᠤ | ᠵᠢᠪᠬᠤᠯᠠᠩᠲᠤ ᠰᠤᠮᠤ᠂ ᠪᠡᠳᠬᠡᠷ ᠵᠤᠤ ᠪᠠᠯᠭᠠᠰᠤ᠂ ᠡᠯ᠎ᠡ ᠬᠦᠷᠢᠶᠡᠯᠡᠩ ᠲᠣᠭᠤᠷᠢᠭ ︵ᠦᠵᠡᠮᠵᠢ ᠶᠢᠨ ᠣᠷᠣᠨ︶ ᠤᠨ | ᠬᠠᠮᠢᠶᠠᠷᠤᠯᠲᠠ ᠶᠢᠨ ᠵᠥᠪᠯᠡᠯ᠂ ᠡᠯ᠎ᠡ ᠵᠡᠭᠡᠯᠢ ᠭᠤᠳᠤᠮᠵᠢ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ | ᠰᠠᠯᠠᠭ᠎ᠠ ᠮᠥᠴᠢᠷ᠂ ᠨᠢᠭᠡᠴᠢ ᠳᠤ᠄ | ᠡᠳᠦᠭᠡ ︽ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠲᠦᠭᠡᠢ᠃ | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠰᠠᠷ᠎ᠠ ᠶᠢᠨ 5 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | | ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ | ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ | ︵ᠳᠣᠷᠣᠭᠰᠢ ︽ᠬᠥᠷᠥᠰᠥ ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ︾ ᠭᠡᠵᠦ ᠲᠣᠪᠴᠢᠯᠠᠨ᠎ᠠ︶ ᠶᠢᠨ ᠠᠵᠢᠯ ᠢ | ᠰᠠᠶᠢᠲᠤᠷ ᠬᠢᠵᠦ᠂ ᠮᠠᠨ ᠤ ᠲᠣᠭᠤᠷᠢᠭ ᠤᠨ ᠬᠥᠷᠥᠰᠥ ᠰᠢᠷᠣᠢ ᠶᠢᠨ ᠡᠬᠢ ᠪᠠᠶᠠᠯᠢᠭ ᠤᠨ ᠪᠠᠶᠢᠳᠠᠯ ᠢ ᠪᠥᠬᠦ ᠲᠠᠯ᠎ᠠ ᠪᠠᠷ | ᠡᠵᠡᠮᠰᠢᠬᠦ ᠶᠢᠨ ᠲᠤᠰᠠᠳᠠ᠂ ︽ᠪᠤᠭᠤᠲᠤ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ︵ᠪᠤᠭᠤᠲᠤ ᠬᠤᠲᠠ ᠶᠢᠨ ᠭᠤᠷᠪᠠ ᠶᠢ ᠲᠦᠭᠡᠮᠡᠯᠵᠢᠭᠦᠯᠬᠦ | ᠠᠯᠪᠠᠨ ᠲᠠᠷᠬᠠᠭᠠᠭᠰᠠᠨ︹ 2023︺ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ︽ᠪᠥᠬᠦ | ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ | ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠪᠤᠭᠤᠲᠤ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠲᠠᠷᠬᠠᠭᠠᠭᠰᠠᠨ︹ 2022︺ 44 ᠳ᠋ᠦ᠋ᠭᠡᠷ ᠲᠣᠭᠠᠲᠤ︶ ᠤᠨ ᠪᠠᠶᠢᠷᠢᠯᠠᠭᠤᠯᠤᠯᠲᠠ ᠶᠣᠰᠣᠭᠠᠷ᠂ | ᠮᠠᠨ ᠤ ᠲᠣᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠨ ᠭᠠᠵᠠᠷ ᠢ | ᠬᠠᠮᠠᠭᠠᠯᠠᠵᠤ ᠪᠦᠲᠦᠭᠡᠨ ᠪᠠᠶᠢᠭᠤᠯᠬᠤ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ︔ ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠶᠢᠨ ᠪᠥᠬᠦ ᠲᠠᠯ᠎ᠠ ᠶᠢᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠲᠤᠰᠬᠠᠢ ᠮᠡᠷᠭᠡᠵᠢᠯ ᠤᠨ | ᠴᠢᠨᠠᠷ ᠤᠨ ᠵᠠᠷᠴᠢᠮ ᠢ ᠵᠢᠷᠤᠮᠯᠠᠨ᠂ ᠨᠢᠭᠡᠨᠲᠡ ᠣᠯᠣᠭᠰᠠᠨ ᠦᠷ᠎ᠡ ᠪᠦᠲᠦᠭᠡᠯ ᠢᠶᠠᠷ ᠲᠣᠯᠢ ᠪᠣᠯᠭᠠᠵᠤ᠂ ᠬᠥᠷᠥᠰᠥ | ᠰᠢᠷᠣᠢ ᠶᠢᠨ ᠶᠠᠰᠤ ᠴᠢᠨᠠᠷ ᠢ ᠲᠣᠳᠣᠷᠬᠠᠢ ᠣᠶᠢᠯᠠᠭᠠᠬᠤ ᠪᠠ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢ | ᠲᠡᠭᠦᠯᠳᠡᠷᠵᠢᠭᠦᠯᠬᠦ ᠶᠢ ᠬᠠᠷᠢᠯᠴᠠᠨ ᠤᠶᠠᠯᠳᠤᠭᠤᠯᠬᠤ᠂ ᠬᠥᠷᠥᠰᠥ ᠰᠢᠷᠣᠢ ᠶᠢᠨ ᠭᠠᠳᠠᠷᠭᠤ ᠶᠢᠨ ᠥᠯᠢᠭᠡᠷ ᠠᠪᠬᠤ ᠪᠠ | ᠭᠤᠣᠯᠳᠠᠯᠭ᠎ᠠ ᠲᠠᠢ ᠣᠭᠲᠣᠯᠣᠭᠠᠰᠤ ᠶᠢ ᠴᠤᠭᠯᠠᠭᠤᠯᠬᠤ ᠶᠢ ᠬᠠᠷᠢᠯᠴᠠᠨ ᠤᠶᠠᠯᠳᠤᠭᠤᠯᠬᠤ᠂ ᠬᠥᠷᠥᠰᠥ ᠰᠢᠷᠣᠢ ᠶᠢᠨ | ᠭᠠᠳᠠᠷᠭᠤ ᠶᠢᠨ ᠬᠦᠴᠦᠨ ᠵᠦᠢᠯ ᠢ ᠲᠣᠳᠣᠷᠬᠠᠢ ᠣᠶᠢᠯᠠᠭᠠᠬᠤ ᠪᠠ ᠬᠢᠮᠢ ᠶᠢᠨ ᠪᠣᠷᠳᠣᠭᠤᠷ ᠢ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠳᠤᠷᠠᠳᠬᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ ᠪᠠ ᠲᠤᠰᠬᠠᠢ ᠮᠡᠷᠭᠡᠵᠢᠯ ᠤᠨ ᠲᠤᠯᠭᠠᠭᠤᠷᠢᠯᠠᠯ ᠢ | ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠤᠨ ᠨᠢᠭᠡᠳᠦᠯᠲᠡᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠠᠪᠴᠠᠩ᠂ | ᠨᠢᠭᠡᠳᠦᠯᠲᠡᠢ ᠮᠡᠷᠭᠡᠵᠢᠯ ᠤᠨ ᠳᠦᠷᠢᠮ ᠲᠣᠭᠲᠠᠭᠠᠯ᠂ ᠠᠵᠢᠯ ᠤᠨ ᠡᠬᠡ ᠵᠢᠷᠤᠭ ᠢ ᠨᠢᠭᠡᠳᠦᠯᠲᠡᠢ ᠰᠣᠩᠭᠤᠬᠤ᠂ ᠬᠡᠮᠵᠢᠨ | ᠰᠢᠯᠭᠠᠬᠤ ᠲᠤᠰᠬᠠᠢ ᠪᠠᠶᠢᠭᠤᠯᠤᠮᠵᠢ᠂ ᠨᠢᠭᠡᠳᠦᠯᠲᠡᠢ ᠲᠥᠯᠦᠪᠵᠢᠭᠦᠯᠭᠡ ᠶᠢᠨ ᠥᠯᠢᠭᠡᠷ ᠠᠪᠬᠤ ᠴᠡᠭ ᠪᠠᠶᠢᠷᠢ᠂ | ᠨᠢᠭᠡᠳᠦᠯᠲᠡᠢ ᠲᠥᠯᠥᠪᠵᠢᠭᠦᠯᠦᠨ ᠰᠣᠷᠢᠬᠤ ᠪᠠ ᠰᠢᠯᠭᠠᠨ ᠪᠠᠶᠢᠴᠠᠭᠠᠬᠤ ᠠᠵᠢᠯ ᠤᠨ ᠠᠷᠭ᠎ᠠ ᠮᠠᠶ᠋ᠢᠭ ᠢ ᠠᠪᠴᠤ᠂ | 2025 ᠣᠨ ᠪᠣᠯᠬᠤ ᠳᠤ᠂ ᠰᠢᠭᠤᠶᠢᠲᠤ ᠲᠣᠭᠤᠷᠢᠭ ᠤᠨ ᠬᠥᠷᠥᠰᠥ ᠰᠢᠷᠣᠢ ᠶᠢᠨ ᠲᠥᠷᠥᠯ ᠬᠡᠯᠪᠡᠷᠢ ᠵᠢᠴᠢ | ᠲᠠᠷᠬᠠᠯᠲᠠ ᠶᠢᠨ ᠵᠢᠮ᠎ᠡ ᠶᠣᠰᠣ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠣᠳᠣᠬᠢ ᠪᠠᠶᠢᠳᠠᠯ ᠵᠢᠴᠢ | ᠬᠤᠪᠢᠷᠠᠯᠲᠠ ᠶᠢᠨ ᠬᠠᠨᠳᠤᠰᠢ ᠶᠢ ᠪᠥᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠬᠥᠷᠥᠰᠥ ᠰᠢᠷᠣᠢ ᠶᠢᠨ ᠶᠠᠰᠤ | ᠴᠢᠨᠠᠷ ᠤᠨ ᠪᠠᠶᠢᠳᠠᠯ ᠢ ᠲᠣᠳᠣᠷᠬᠠᠢ ᠣᠶᠢᠯᠠᠭᠠᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠠᠬᠢᠬᠤ᠂ ᠠᠮᠢ | ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠬᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ | ᠲᠠᠯᠪᠢᠬᠤ ᠬᠡᠷᠡᠭᠲᠡᠢ᠃ | ᠬᠤᠶᠠᠷ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠬᠢᠭᠡᠳ ᠠᠭᠤᠯᠭ᠎ᠠ | ︵ᠨᠢᠭᠡ︶ᠨᠡᠶᠢᠳᠡᠮ ᠪᠠᠶᠢᠴᠠᠭᠠᠭᠳᠠᠬᠤ ᠡᠲᠡᠭᠡᠳ᠃ ᠪᠦᠬᠦ ᠲᠣᠭᠤᠷᠢᠭ ᠤᠨ ᠲᠠᠷᠢᠶᠠᠨ ᠭᠠᠵᠠᠷ᠂ ᠴᠡᠴᠡᠷᠯᠢᠭ ᠤᠨ | ᠭᠠᠵᠠᠷ᠂ ᠣᠶᠢᠲᠤ ᠭᠠᠵᠠᠷ᠂ ᠡᠪᠡᠰᠦ ᠵᠡᠷᠭᠡ ᠲᠠᠷᠢᠶᠠᠯᠠᠩ ᠳᠤ ᠠᠰᠢᠭᠯᠠᠬᠤ ᠭᠠᠵᠠᠷ ᠪᠣᠯᠣᠨ ᠬᠡᠰᠡᠭ ᠠᠰᠢᠭᠯᠠᠭ᠎ᠠ ᠦᠭᠡᠢ | ᠭᠠᠵᠠᠷ ᠤᠨ ᠬᠥᠷᠥᠰᠥ ᠰᠢᠷᠣᠢ ᠶᠢ᠃ ᠡᠭᠦᠨ ᠳᠤ᠂ ᠣᠶᠢᠲᠤ ᠭᠠᠵᠠᠷ᠂ ᠪᠡᠯᠴᠢᠭᠡᠷ ᠤᠨ ᠭᠤᠣᠯᠳᠠᠯᠭ᠎ᠠ ᠲᠠᠢ | ᠪᠠᠶᠢᠴᠠᠭᠠᠯᠲᠠ ᠬᠢᠭᠡᠳ ᠠᠮᠤ ᠪᠤᠳᠠᠭᠠᠨ ᠤ ᠦᠢᠯᠡᠳᠪᠦᠷᠢᠯᠡᠯ ᠯᠦᠭᠡ ᠬᠤᠯᠪᠣᠭᠳᠠᠬᠤ ᠭᠠᠵᠠᠷ ᠰᠢᠷᠣᠢ᠂ ᠠᠰᠢᠭᠯᠠᠭᠠᠳᠤᠢ | ᠭᠠᠵᠠᠷ ᠪᠠ ᠬᠠᠭᠠᠯᠪᠤᠷᠢᠯᠠᠵᠤ ᠪᠣᠯᠬᠤ ᠲᠠᠷᠢᠶᠠᠨ ᠭᠠᠵᠠᠷ ᠤᠨ ᠡᠬᠢ ᠪᠠᠶᠠᠯᠢᠭ ᠯᠤᠭ᠎ᠠ ᠬᠤᠯᠪᠣᠭᠳᠠᠬᠤ ᠭᠠᠵᠠᠷ ᠰᠢᠷᠣᠢ᠂ | ᠵᠢᠱᠢᠶᠡᠯᠡᠪᠡᠯ ᠬᠤᠵᠢᠷᠯᠢᠭ ᠭᠠᠵᠠᠷ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠃ | ︵ᠬᠤᠶᠠᠷ︶ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠡᠭᠦᠨ ᠳᠤ ᠬᠥᠷᠥᠰᠥ ᠰᠢᠷᠣᠢ ᠶᠢᠨ ᠴᠢᠨᠠᠷᠲᠠᠢ | ᠨᠡᠶᠢᠳᠡᠮ ᠪᠠᠶᠢᠴᠠᠭᠠᠯᠲᠠ᠂ ᠬᠥᠷᠥᠰᠥ ᠰᠢᠷᠣᠢ ᠶᠢᠨ ᠲᠥᠷᠥᠯ ᠤᠨ ᠨᠡᠶᠢᠳᠡᠮ ᠪᠠᠶᠢᠴᠠᠭᠠᠯᠲᠠ᠂ ᠬᠥᠷᠥᠰᠥ ᠰᠢᠷᠣᠢ ᠶᠢᠨ | ᠨᠥᠬᠦᠴᠡᠯ ᠢ ᠨᠡᠶᠢᠳᠡᠮ ᠪᠠᠶᠢᠴᠠᠭᠠᠬᠤ᠂ ᠬᠥᠷᠥᠰᠥ ᠰᠢᠷᠣᠢ ᠶᠢ ᠠᠰᠢᠭᠯᠠᠭᠰᠠᠨ ᠪᠠᠶᠢᠳᠠᠯ ᠢ ᠨᠡᠶᠢᠳᠡᠮ ᠪᠠᠶᠢᠴᠠᠭᠠᠬᠤ᠂ | ᠬᠥᠷᠥᠰᠥ ᠰᠢᠷᠣᠢ ᠶᠢᠨ ᠥᠯᠢᠭᠡᠷ ᠲᠤᠭ᠎ᠠ ᠪᠠᠷᠢᠮᠲᠠ ᠶᠢᠨ ᠬᠥᠮᠥᠷᠭᠡ ᠪᠠ ᠬᠥᠷᠥᠰᠥ ᠰᠢᠷᠣᠢ ᠶᠢᠨ ᠥᠯᠢᠭᠡᠷ ᠡᠳ᠋ ᠤᠨ | ᠬᠥᠮᠥᠷᠭᠡ ᠶᠢ ᠪᠠᠶᠢᠭᠤᠯᠬᠤ᠂ ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠢ ᠵᠠᠳᠠᠯᠬᠤ᠂ ᠨᠡᠶᠢᠳᠡᠮ | ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠨ ᠨᠢᠭᠡᠳᠬᠡᠬᠦ ᠵᠡᠷᠭᠡ ᠪᠠᠭᠲᠠᠨ᠎ᠠ᠃ ᠬᠥᠷᠥᠰᠥ ᠰᠢᠷᠣᠢ ᠶᠢ | ᠲᠥᠷᠥᠯ ᠬᠤᠪᠢᠶᠠᠬᠤ ᠰᠢᠰᠲ᠋ᠧᠮ ᠢ ᠲᠡᠭᠦᠯᠳᠡᠷᠵᠢᠭᠦᠯᠬᠦ ᠬᠢᠭᠡᠳ ᠬᠢᠨᠠᠨ ᠬᠠᠷᠭᠤᠭᠤᠯᠵᠤ ᠬᠥᠷᠥᠰᠥ ᠰᠢᠷᠣᠢ ᠶᠢᠨ | ᠲᠥᠷᠥᠯ ᠬᠡᠯᠪᠡᠷᠢ ᠶᠢ ᠨᠥᠬᠦᠪᠦᠷᠢᠯᠡᠬᠦ ᠪᠠᠷ ᠰᠠᠭᠤᠷᠢ ᠪᠣᠯᠭᠠᠵᠤ᠂ ᠬᠥᠷᠥᠰᠥ ᠰᠢᠷᠣᠢ ᠶᠢᠨ ᠹᠢᠽᠢᠺ ᠬᠢᠮᠢ ᠶᠢᠨ ᠴᠢᠨᠠᠷᠲᠠᠢ | ᠨᠡᠶᠢᠳᠡᠮ ᠪᠠᠶᠢᠴᠠᠭᠠᠯᠲᠠ ᠪᠠᠷ ᠭᠤᠣᠯᠳᠠᠯᠭ᠎ᠠ ᠪᠣᠯᠭᠠᠨ᠂ ᠪᠦᠬᠦ ᠲᠣᠭᠤᠷᠢᠭ ᠤᠨ ᠬᠥᠷᠥᠰᠥ ᠰᠢᠷᠣᠢ ᠶᠢᠨ ᠰᠠᠭᠤᠷᠢ ᠲᠤᠭ᠎ᠠ | ᠪᠠᠷᠢᠮᠲᠠ ᠶᠢ ᠰᠢᠨᠡᠳᠬᠡᠬᠦ ᠪᠠ ᠲᠡᠭᠦᠯᠳᠡᠷᠵᠢᠭᠦᠯᠵᠦ᠂ ᠬᠥᠷᠥᠰᠥ ᠰᠢᠷᠣᠢ ᠶᠢᠨ ᠳ᠋ᠠᠶᠢᠲ᠋ᠠ ᠬᠥᠮᠥᠷᠭᠡ ᠪᠣᠯᠣᠨ ᠵᠠᠭᠪᠤᠷ ᠤᠨ | ᠬᠥᠮᠥᠷᠭᠡ ᠶᠢ ᠪᠠᠶᠢᠭᠤᠯᠵᠤ᠂ ᠲᠤᠭ᠎ᠠ ᠪᠠᠷᠢᠮᠲᠠ ᠶᠢ ᠡᠮᠬᠢᠯᠡᠵᠦ ᠬᠢᠨᠠᠨ ᠬᠠᠷᠭᠤᠭᠤᠯᠬᠤ᠂ ᠵᠠᠳᠠᠯᠬᠤ ᠪᠠ ᠦᠷ᠎ᠡ | ᠪᠦᠲᠦᠭᠡᠯ ᠢ ᠬᠤᠷᠢᠶᠠᠩᠭᠤᠶᠢᠯᠠᠬᠤ ᠶᠢ ᠥᠷᠨᠢᠭᠦᠯᠬᠦ ᠬᠡᠷᠡᠭᠲᠡᠢ᠃ ᠠᠳᠠᠯᠢ ᠪᠤᠰᠤ ᠠᠮᠢ ᠠᠬᠤᠢ ᠶᠢᠨ ᠨᠥᠬᠦᠴᠡᠯ᠂ ᠠᠳᠠᠯᠢ | ᠪᠤᠰᠤ ᠠᠰᠢᠭᠯᠠᠬᠤ ᠲᠥᠷᠥᠯ ᠬᠡᠯᠪᠡᠷᠢ ᠶᠢᠨ ᠬᠥᠷᠥᠰᠥ ᠰᠢᠷᠣᠢ ᠶᠢᠨ ᠶᠠᠰᠤ ᠴᠢᠨᠠᠷ ᠵᠢᠴᠢ ᠮᠠᠭᠤᠵᠢᠷᠠᠭᠰᠠᠨ ᠪᠠ ᠬᠠᠷᠰᠢ | ᠰᠠᠭᠠᠳ ᠤᠨ ᠪᠠᠶᠢᠳᠠᠯ ᠢ ᠪᠠᠶᠢᠴᠠᠭᠠᠨ ᠲᠣᠳᠣᠯᠠᠵᠤ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ | ᠭᠠᠷᠤᠯᠲᠠ ᠶᠢᠨ ᠭᠠᠵᠠᠷ ᠤᠨ ᠬᠥᠷᠥᠰᠥ ᠰᠢᠷᠣᠢ ᠶᠢᠨ ᠣᠨᠴᠠᠯᠢᠭ᠂ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠤᠨ | ᠬᠥᠷᠥᠰᠥ ᠰᠢᠷᠣᠢ ᠶᠢᠨ ᠶᠠᠰᠤ ᠴᠢᠨᠠᠷ᠂ ᠨᠡᠶᠢᠲᠡᠯᠢᠭ ᠣᠷᠣᠨ ᠪᠦᠰᠡ ᠶᠢᠨ ᠬᠥᠷᠥᠰᠥ ᠰᠢᠷᠣᠢ ᠶᠢᠨ ᠣᠷᠴᠢᠨ ᠲᠣᠭᠤᠷᠢᠨ | ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠵᠡᠷᠭᠡ ᠶᠢ ᠲᠣᠳᠣᠷᠬᠠᠢ ᠣᠶᠢᠯᠠᠭᠠᠵᠤ᠂ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ ᠲᠣᠳᠣᠯᠠᠬᠤ | ᠬᠡᠷᠡᠭᠲᠡᠢ᠃ | 1. ᠬᠥᠷᠥᠰᠥ ᠰᠢᠷᠣᠢ ᠶᠢᠨ ᠰᠢᠨᠵᠢ ᠴᠢᠨᠠᠷ ᠤᠨ ᠨᠡᠶᠢᠳᠡᠮ ᠪᠠᠶᠢᠴᠠᠭᠠᠯᠲᠠ᠃ ᠬᠥᠷᠥᠰᠥ ᠰᠢᠷᠣᠢ ᠶᠢᠨ | ᠥᠯᠢᠭᠡᠷ ᠡᠳ᠋ ᠴᠤᠭᠯᠠᠭᠤᠯᠬᠤ ᠪᠠ ᠰᠢᠯᠭᠠᠬᠤ ᠪᠠᠷ ᠳᠠᠮᠵᠢᠭᠤᠯᠤᠨ᠂ ᠬᠥᠷᠥᠰᠥ ᠰᠢᠷᠣᠢ ᠶᠢᠨ ᠥᠩᠭᠡ ᠪᠤᠳᠤᠭ᠂ ᠭᠠᠵᠠᠷ | ᠰᠢᠷᠣᠢ᠂ ᠣᠷᠭᠠᠨᠢᠭ ᠡᠳ᠋᠂ ᠬᠦᠴᠢᠯᠯᠢᠭ ᠬᠤᠵᠢᠷ ᠤᠨ ᠬᠡᠮᠵᠢᠶ᠎ᠡ᠂ ᠰᠢᠮ᠎ᠡ ᠲᠡᠵᠢᠭᠡᠯ ᠤᠨ ᠪᠠᠶᠢᠳᠠᠯ᠂ ᠪᠠᠭᠲᠠᠭᠠᠮᠵᠢ ᠨᠢ | ᠬᠦᠨᠳᠦ᠂ ᠵᠠᠢ ᠵᠠᠪᠰᠠᠷ᠂ ᠬᠦᠨᠳᠦ ᠲᠡᠮᠦᠷᠯᠢᠭ ᠵᠡᠷᠭᠡ ᠬᠥᠷᠥᠰᠥ ᠰᠢᠷᠣᠢ ᠶᠢᠨ ᠹᠢᠽᠢᠺ᠂ ᠬᠢᠮᠢ ᠶᠢᠨ ᠭᠦᠢᠴᠡᠳᠬᠡᠯ ᠲᠤᠭ᠎ᠠ | ᠵᠢᠴᠢ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠪᠢᠴᠢᠯ ᠡᠯᠧᠮᠧᠨ᠋ᠲ ᠢ | ᠨᠡᠶᠢᠳᠡᠮ ᠪᠠᠶᠢᠴᠠᠭᠠᠨ᠎ᠠ︔ ᠨᠡᠶᠢᠲᠡᠯᠢᠭ ᠣᠷᠣᠨ ᠪᠦᠰᠡ ᠳᠤ ᠨᠡᠶᠢᠳᠡᠮ ᠪᠠᠶᠢᠴᠠᠭᠠᠯᠲᠠ ᠶᠢᠨ ᠤᠷᠭᠤᠮᠠᠯ ᠤᠨ ᠦᠨᠳᠦᠰᠦ᠂ | ᠠᠮᠢᠲᠠᠨ ᠤ ᠠᠵᠢᠯᠯᠠᠭ᠎ᠠ᠂ ᠮᠢᠺᠷᠣᠪ ᠤᠨ ᠲᠤᠭ᠎ᠠ ᠬᠡᠮᠵᠢᠶ᠎ᠡ᠂ ᠲᠥᠷᠥᠯ ᠬᠡᠯᠪᠡᠷᠢ᠂ ᠲᠠᠷᠬᠠᠯᠲᠠ ᠵᠡᠷᠭᠡ ᠬᠥᠷᠥᠰᠥ | ᠰᠢᠷᠣᠢ ᠶᠢᠨ ᠠᠮᠢᠳᠤ ᠪᠣᠳᠠᠰ ᠤᠨ ᠤᠬᠠᠭᠠᠨ ᠤ ᠭᠦᠢᠴᠡᠳᠬᠡᠯ ᠲᠤᠭ᠎ᠠ ᠶᠢ ᠨᠡᠶᠢᠳᠡᠮ ᠪᠠᠶᠢᠴᠠᠭᠠᠨ᠎ᠠ᠃ | 2. ᠬᠥᠷᠥᠰᠥ ᠰᠢᠷᠣᠢ ᠶᠢᠨ ᠲᠥᠷᠥᠯ ᠤᠨ ᠨᠡᠶᠢᠳᠡᠮ ᠪᠠᠶᠢᠴᠠᠭᠠᠯᠲᠠ᠃ ᠬᠥᠷᠥᠰᠥ ᠰᠢᠷᠣᠢ ᠶᠢᠨ ᠬᠤᠶᠠᠷ | ᠲᠦ᠋ᠭᠡᠮᠡᠯ ᠢ ᠲᠦ᠋ᠭᠡᠮᠡᠯᠵᠢᠭᠦᠯᠬᠦ ᠲᠣᠷᠤᠯ ᠬᠤᠪᠢᠶᠠᠭᠰᠠᠨ ᠦᠷ᠎ᠡ ᠪᠦᠲᠦᠭᠡᠯ ᠢᠶᠠᠷ ᠰᠠᠭᠤᠷᠢ ᠪᠣᠯᠭᠠᠨ᠎ᠠ᠃ ᠲᠤᠬᠠᠢ ᠶᠢᠨ | ᠭᠠᠵᠠᠷ ᠲᠤᠨᠢ ᠣᠴᠢᠵᠤ ᠬᠠᠶᠢᠨ ᠰᠢᠨᠵᠢᠬᠦ᠂ ᠣᠭᠲᠣᠯᠣᠭᠠᠰᠤ ᠶᠢᠨ ᠠᠵᠢᠭᠯᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠬᠥᠷᠥᠰᠥ ᠰᠢᠷᠣᠢ ᠶᠢᠨ ᠲᠥᠷᠥᠯ ᠬᠡᠯᠪᠡᠷᠢ᠂ ᠲᠠᠷᠬᠠᠯᠲᠠ᠂ ᠲᠠᠯᠠᠪᠠᠶ ᠵᠡᠷᠭᠡ ᠶᠢ ᠬᠢᠨᠠᠨ ᠬᠠᠷᠭᠤᠭᠤᠯᠬᠤ ᠪᠠ | ᠨᠥᠬᠦᠪᠦᠷᠢᠯᠡᠨ ᠲᠡᠭᠦᠯᠳᠡᠷᠵᠢᠭᠦᠯᠬᠦ ᠬᠡᠷᠡᠭᠲᠡᠢ᠃ ᠡᠭᠦᠨ ᠤ ᠬᠠᠮᠲᠤ ᠬᠥᠷᠥᠰᠥ ᠰᠢᠷᠣᠢ ᠶᠢᠨ ᠣᠭᠲᠣᠯᠣᠭᠠᠰᠤ ᠪᠠᠷ | ᠳᠠᠮᠵᠢᠭᠤᠯᠤᠨ᠂ 1 ᠮᠧᠲᠷ ᠤᠨ ᠭᠠᠵᠠᠷ ᠰᠢᠷᠣᠢ ᠶᠢᠨ ᠣᠭᠲᠣᠯᠣᠭᠠᠰᠤ ᠳᠤᠮᠳᠠ ᠡᠯᠡᠰᠦ ᠯᠡᠪᠡᠷᠡᠬᠦ᠂ ᠬᠠᠶᠢᠷ ᠴᠢᠯᠠᠭᠤ᠂ | ᠨᠠᠩᠭᠢ ᠲᠡᠮᠦᠷ᠂ ᠴᠠᠭᠠᠨ ᠡᠭᠡᠳᠡᠩ᠂ ᠬᠤᠵᠢᠷᠯᠢᠭ ᠴᠢᠯᠠᠭᠤᠨ ᠳᠠᠪᠬᠤᠷᠭ᠎ᠠ ᠵᠡᠷᠭᠡ ᠬᠠᠷᠰᠢ ᠰᠠᠭᠠᠳ ᠲᠠᠢ ᠲᠥᠷᠥᠯ ᠵᠦᠢᠯ᠂ | ᠲᠠᠷᠬᠠᠯᠲᠠ ᠶᠢᠨ ᠳᠡᠰ ᠳᠠᠪᠬᠤᠷᠭ᠎ᠠ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ᠃ | 3. ᠬᠥᠷᠥᠰᠥ ᠰᠢᠷᠣᠢ ᠶᠢᠨ ᠨᠥᠬᠦᠴᠡᠯ ᠤᠨ ᠨᠡᠶᠢᠳᠡᠮ ᠪᠠᠶᠢᠴᠠᠭᠠᠯᠲᠠ᠃ ᠬᠥᠷᠥᠰᠥ ᠰᠢᠷᠣᠢ ᠶᠢᠨ | ᠬᠡᠭᠡᠷ᠎ᠡ ᠶᠢᠨ ᠪᠠᠶᠢᠴᠠᠭᠠᠯᠲᠠ ᠶᠢᠨ ᠥᠯᠢᠭᠡᠷ ᠠᠪᠬᠤ ᠴᠡᠭ ᠤᠨ ᠪᠠᠶᠢᠭ᠎ᠠ ᠭᠠᠵᠠᠷ ᠣᠷᠣᠨ ᠤ ᠭᠠᠵᠠᠷ ᠤᠨ ᠪᠠᠶᠢᠴᠠ᠂ | ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ᠂ ᠠᠭᠤᠷ ᠠᠮᠢᠰᠬᠤᠯ᠂ ᠤᠰᠤ ᠭᠠᠵᠠᠷ ᠰᠢᠨᠵᠢᠯᠡᠭᠡ ᠵᠡᠷᠭᠡ ᠪᠠᠶᠢᠳᠠᠯ ᠢ | ᠭᠤᠣᠯᠳᠠᠯᠭ᠎ᠠ ᠲᠠᠢ ᠨᠡᠶᠢᠳᠡᠮ ᠪᠠᠶᠢᠴᠠᠭᠠᠨ᠎ᠠ᠃ | 4. ᠬᠥᠷᠥᠰᠥ ᠰᠢᠷᠣᠢ ᠶᠢᠨ ᠠᠰᠢᠭᠯᠠᠯᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ᠃ ᠦᠯᠢᠭᠡᠷ ᠬᠡᠪ | ᠠᠪᠬᠤ ᠲᠠᠢ ᠤᠶᠠᠯᠳᠤᠭᠤᠯᠤᠨ᠂ ᠰᠠᠭᠤᠷᠢ ᠪᠡᠯᠡᠳᠬᠡᠮᠵᠢ ᠶᠢᠨ ᠨᠥᠬᠦᠴᠡᠯ᠂ ᠲᠠᠷᠢᠬᠤ ᠳᠦᠷᠢᠮ᠂ ᠲᠠᠷᠢᠶᠠᠯᠠᠬᠤ ᠠᠷᠭ᠎ᠠ | ᠮᠠᠶ᠋ᠢᠭ᠂ ᠤᠰᠤᠯᠠᠬᠤ ᠪᠠ ᠤᠰᠤ ᠵᠠᠯᠠᠬᠤ ᠪᠡᠯᠡᠳᠬᠡᠮᠵᠢ ᠶᠢᠨ ᠪᠠᠶᠢᠳᠠᠯ᠂ ᠤᠷᠭᠤᠮᠠᠯ ᠤᠨ ᠥᠰᠦᠯᠲᠡ ᠵᠢᠴᠢ ᠲᠠᠷᠢᠮᠠᠯ ᠤᠨ | ᠤᠨᠠᠯᠲᠠ ᠶᠢᠨ ᠬᠢᠷᠢ ᠬᠡᠮᠵᠢᠶ᠎ᠡ ᠵᠡᠷᠭᠡ ᠰᠠᠭᠤᠷᠢ ᠮᠡᠳᠡᠭᠡ ᠵᠠᠩᠭᠢ᠂ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ | ᠵᠤᠯᠤᠮ᠎ᠠ ᠪᠦᠷᠬᠦᠪᠴᠢ ᠵᠡᠷᠭᠡ ᠶᠢᠨ ᠣᠷᠣᠭᠤᠯᠤᠯᠲᠠ ᠶᠢᠨ ᠡᠳ᠋ ᠢ ᠬᠡᠷᠡᠭᠯᠡᠵᠦ ᠪᠠᠶᠢᠭ᠎ᠠ ᠪᠠᠶᠢᠳᠠᠯ᠂ ᠲᠠᠷᠢᠶᠠᠯᠠᠩ ᠤᠨ | ᠡᠵᠡᠩᠨᠡᠭᠴᠢ ᠠᠴᠠ ᠬᠥᠷᠥᠰᠥ ᠰᠢᠷᠣᠢ ᠶᠢ ᠰᠢᠮᠡᠵᠢᠭᠦᠯᠦᠨ ᠰᠠᠶᠢᠵᠢᠷᠠᠭᠤᠯᠬᠤ᠂ ᠲᠠᠷᠢᠮᠠᠯ ᠤᠨ ᠡᠰᠢ ᠰᠦᠷᠡᠯ ᠢ | ᠲᠠᠷᠢᠶᠠᠨ ᠳᠤ ᠣᠷᠣᠭᠤᠯᠬᠤ ᠵᠡᠷᠭᠡ ᠠᠷᠭ᠎ᠠ ᠪᠠ ᠲᠤᠷᠰᠢᠯᠭ᠎ᠠ ᠶᠢ ᠭᠤᠣᠯᠳᠠᠯᠭ᠎ᠠ ᠲᠠᠢ ᠨᠡᠶᠢᠳᠡᠮ ᠪᠠᠶᠢᠴᠠᠭᠠᠬᠤ ᠬᠡᠷᠡᠭᠲᠡᠢ᠃ | | 5. ᠬᠥᠷᠥᠰᠥ ᠰᠢᠷᠣᠢ ᠶᠢᠨ ᠵᠠᠭᠪᠤᠷ ᠤᠨ ᠬᠥᠮᠥᠷᠭᠡ ᠶᠢ ᠪᠠᠶᠢᠭᠤᠯᠤᠨ᠎ᠠ᠃ ᠲᠣᠭᠤᠷᠢᠭ ᠤᠨ ᠱᠠᠲᠤᠨ ᠤ | ᠬᠥᠷᠥᠰᠥ ᠰᠢᠷᠣᠢ ᠶᠢᠨ ᠭᠠᠳᠠᠷᠭᠤ ᠶᠢᠨ ᠥᠯᠢᠭᠡᠷ ᠡᠳ᠋ ᠢ ᠬᠠᠳᠠᠭᠠᠯᠠᠬᠤ ᠬᠥᠮᠥᠷᠭᠡ ᠶᠢ ᠪᠠᠶᠢᠭᠤᠯᠤᠨ᠎ᠠ᠃ | 6. ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠤᠨ ᠵᠠᠳᠠᠯᠤᠯᠲᠠ᠃ ᠨᠡᠶᠢᠳᠡᠮ ᠪᠠᠶᠢᠴᠠᠭᠠᠯᠲᠠ ᠪᠠᠷ | ᠣᠯᠣᠭᠰᠠᠨ ᠬᠥᠷᠥᠰᠥ ᠰᠢᠷᠣᠢ ᠶᠢᠨ ᠹᠢᠽᠢᠺ ᠬᠢᠮᠢ ᠪᠠ ᠠᠮᠢᠳᠤ ᠪᠣᠳᠠᠰ ᠤᠨ ᠰᠢᠨᠵᠢ ᠪᠠᠶᠢᠳᠠᠯ᠂ ᠣᠭᠲᠣᠯᠣᠭᠠᠰᠤ ᠶᠢᠨ | ᠰᠢᠨᠵᠢ ᠪᠠᠶᠢᠳᠠᠯ ᠪᠠ ᠠᠰᠢᠭᠯᠠᠯᠲᠠ ᠶᠢᠨ ᠪᠠᠶᠢᠳᠠᠯ ᠵᠡᠷᠭᠡ ᠰᠠᠭᠤᠷᠢ ᠲᠤᠭ᠎ᠠ ᠪᠠᠷᠢᠮᠲᠠ ᠶᠢ ᠠᠰᠢᠭᠯᠠᠨ᠂ ᠬᠥᠷᠥᠰᠥ | ᠰᠢᠷᠣᠢ ᠶᠢᠨ ᠶᠠᠰᠤ ᠴᠢᠨᠠᠷ ᠢ ᠵᠠᠳᠠᠯᠤᠨ᠂ ᠬᠥᠷᠥᠰᠥ ᠰᠢᠷᠣᠢ ᠶᠢᠨ ᠠᠰᠢᠭᠯᠠᠯᠲᠠ ᠶᠢᠨ ᠲᠣᠬᠢᠷᠠᠮᠵᠢᠲᠠᠢ ᠴᠢᠨᠠᠷ ᠢ | ᠦᠨᠡᠯᠡᠬᠦ ᠬᠡᠷᠡᠭᠲᠡᠢ᠃ | 7. ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠨ᠎ᠠ᠃ ᠬᠥᠷᠥᠰᠥ ᠰᠢᠷᠣᠢ ᠶᠢᠨ | ᠱᠠᠲᠤ ᠬᠤᠪᠢᠶᠠᠭᠰᠠᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠤᠷᠢᠶᠠᠩᠭᠤᠶᠢᠯᠠᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠂ ᠡᠭᠦᠨ ᠳᠤ ᠵᠢᠷᠤᠭ ᠤᠨ ᠦᠷ᠎ᠡ ᠪᠦᠲᠦᠭᠡᠯ᠂ ᠲᠤᠭ᠎ᠠ ᠪᠠᠷᠢᠮᠲᠠ ᠶᠢᠨ ᠦᠷ᠎ᠡ ᠪᠦᠲᠦᠭᠡᠯ᠂ | ᠦᠰᠦᠭ ᠪᠢᠴᠢᠭ ᠤᠨ ᠦᠷ᠎ᠡ ᠪᠦᠲᠦᠭᠡᠯ ᠪᠠ ᠲᠤᠭ᠎ᠠ ᠪᠠᠷᠢᠮᠲᠠ ᠶᠢᠨ ᠬᠥᠮᠥᠷᠭᠡ ᠶᠢᠨ ᠦᠷ᠎ᠡ ᠪᠦᠲᠦᠭᠡᠯ ᠢ ᠪᠠᠭᠲᠠᠭᠠᠨ᠎ᠠ᠃ | ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ᠂ ᠬᠥᠷᠥᠰᠥ ᠰᠢᠷᠣᠢ ᠶᠢ ᠰᠠᠶᠢᠵᠢᠷᠠᠭᠤᠯᠬᠤ ᠪᠠ ᠠᠰᠢᠭᠯᠠᠬᠤ᠂ | ᠲᠠᠷᠢᠶᠠᠯᠠᠩ ᠣᠶ ᠰᠢᠭᠤᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠷᠢᠰᠢᠭᠤᠯᠤᠯ ᠢ ᠰᠢᠯᠢᠳᠡᠭᠵᠢᠭᠦᠯᠬᠦ ᠵᠡᠷᠭᠡ | ᠲᠤᠭ᠎ᠠ ᠪᠠᠷᠢᠮᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠨ ᠵᠠᠳᠠᠯᠬᠤ ᠶᠢ ᠥᠷᠨᠢᠭᠦᠯᠦᠨ᠎ᠡ᠃ 40 ᠵᠢᠯ ᠤᠨ | ᠲᠤᠷᠰᠢᠬᠢ ᠬᠥᠷᠥᠰᠥ ᠰᠢᠷᠣᠢ ᠶᠢᠨ ᠬᠤᠪᠢᠷᠠᠯᠲᠠ ᠶᠢᠨ ᠬᠠᠨᠳᠤᠰᠢ ᠵᠢᠴᠢ ᠰᠢᠯᠲᠠᠭᠠᠨ ᠤ ᠵᠠᠳᠠᠯᠤᠯᠲᠠ ᠶᠢ ᠥᠷᠨᠢᠭᠦᠯᠵᠦ᠂ | ᠬᠥᠷᠥᠰᠥ ᠰᠢᠷᠣᠢ ᠶᠢᠨ ᠮᠠᠭᠤᠳᠠᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠬᠤ ᠬᠡᠷᠡᠭᠲᠡᠢ᠃ | ᠲᠠᠷᠢᠶᠠᠨ ᠭᠠᠵᠠᠷ ᠤᠨ ᠮᠠᠭᠤᠵᠢᠷᠠᠯ᠂ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠬᠤᠵᠢᠷᠰᠢᠯ ᠵᠡᠷᠭᠡ ᠲᠤᠰᠬᠠᠢ | ᠰᠡᠳᠦᠪᠲᠦ ᠦᠨᠡᠯᠡᠯᠲᠡ ᠶᠢ ᠥᠷᠨᠢᠭᠦᠯᠵᠦ᠂ ᠵᠠᠰᠠᠵᠤ ᠰᠡᠷᠭᠦᠭᠡᠬᠦ ᠠᠷᠭ᠎ᠠ ᠪᠣᠳᠣᠯᠭ᠎ᠠ ᠶᠢ ᠳᠤᠷᠠᠳᠬᠤ ᠬᠡᠷᠡᠭᠲᠡᠢ᠃ | ᠭᠤᠷᠪᠠ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠱᠤᠭᠤᠮ ᠬᠢᠭᠡᠳ ᠠᠷᠭ᠎ᠠ | ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠨᠢᠭᠡᠳᠦᠯᠲᠡᠢ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠲᠠᠪᠴᠠᠩ᠂ ᠮᠡᠷᠭᠡᠵᠢᠯ ᠤᠨ ᠳᠦᠷᠢᠮ ᠢ ᠨᠢᠭᠡᠳᠬᠡᠵᠦ᠂ ᠠᠵᠢᠯ ᠤᠨ ᠡᠬᠡ ᠵᠢᠷᠤᠭ ᠢ | ᠨᠢᠭᠡᠳᠦᠯᠲᠡᠢ ᠲᠥᠯᠥᠪᠵᠢᠭᠦᠯᠦᠨ᠂ ᠥᠯᠢᠭᠡᠷ ᠠᠪᠬᠤ ᠴᠡᠭ ᠢ ᠨᠢᠭᠡᠳᠦᠯᠲᠡᠢ ᠲᠥᠯᠥᠪᠵᠢᠭᠦᠯᠦᠨ᠂ ᠨᠢᠭᠡᠳᠦᠯᠲᠡᠢ ᠬᠢᠨᠠᠨ | ᠰᠢᠯᠭᠠᠵᠤ ᠵᠠᠳᠠᠯᠬᠤ ᠲᠤᠰᠬᠠᠢ ᠪᠠᠶᠢᠭᠤᠯᠤᠮᠵᠢ᠂ ᠨᠢᠭᠡᠳᠦᠯᠲᠡᠢ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠵᠡᠷᠭᠡ | ︽ᠵᠢᠷᠭᠤᠭ᠎ᠠ ᠶᠢ ᠨᠢᠭᠡᠳᠦᠯᠲᠡᠢ ᠪᠠᠶᠢᠯᠭᠠᠬᠤ︾ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ | ᠰᠢᠰᠲ᠋ᠧᠮ ᠢ ᠨᠢᠭᠡᠳᠦᠯᠲᠡᠢ ᠲᠥᠯᠥᠪᠵᠢᠭᠦᠯᠦᠨ᠎ᠡ︔ ᠮᠡᠷᠭᠡᠵᠢᠯ ᠤᠨ ᠳᠦᠷᠢᠮ ᠢ ᠬᠡᠷᠡᠭᠵᠢᠭᠦᠯᠵᠦ᠂ ᠪᠠᠷᠢᠮᠵᠢᠶᠠᠵᠢᠭᠤᠯᠬᠤ᠂ | ᠵᠢᠷᠤᠮᠵᠢᠭᠤᠯᠬᠤ ᠠᠵᠢᠯᠯᠠᠭ᠎ᠠ ᠶᠢ ᠥᠷᠨᠢᠭᠦᠯᠦᠨ᠎ᠡ︔ ᠭᠠᠳᠠᠭᠠᠳᠤ ᠦᠢᠯᠡᠰ ᠤᠨ ᠪᠠᠶᠢᠴᠠᠭᠠᠯᠲᠠ ᠶᠢᠨ ᠦᠯᠢᠭᠡᠷ ᠠᠪᠬᠤ | ᠴᠡᠭ ᠪᠠᠶᠢᠷᠢ ᠶᠢ ᠬᠠᠷᠭᠤᠭᠤᠯᠤᠨ ᠬᠠᠷᠭᠤᠭᠤᠯᠬᠤ ᠪᠠ ᠦᠯᠢᠭᠡᠷ ᠠᠪᠬᠤ ᠪᠠᠶᠢᠴᠠᠭᠠᠯᠲᠠ ᠶᠢ ᠨᠢᠭᠡᠳᠦᠯᠲᠡᠢ | ᠥᠷᠨᠢᠭᠦᠯᠦᠨ᠎ᠡ︔ ᠥᠯᠢᠭᠡᠷ ᠡᠳ᠋ ᠦᠢᠯᠡᠳᠬᠦ ᠪᠡᠯᠡᠳᠬᠡᠯ ᠢ ᠨᠢᠭᠡᠳᠦᠯᠲᠡᠢ ᠥᠷᠨᠢᠭᠦᠯᠵᠦ᠂ ᠵᠢᠷᠤᠮᠵᠢᠭᠤᠯᠤᠨ ᠰᠢᠯᠭᠠᠬᠤ | ᠭᠦᠢᠴᠡᠳᠬᠡᠯ ᠲᠤᠭ᠎ᠠ ᠬᠢᠭᠡᠳ ᠠᠷᠭ᠎ᠠ ᠶᠣᠰᠣᠭᠠᠷ ᠥᠯᠢᠭᠡᠷ ᠡᠳ᠋ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠦᠨ᠎ᠡ︔ | ︽ᠨᠢᠭᠡ ᠴᠡᠭ ᠨᠢᠭᠡ ᠨᠣᠮᠧᠷ︾ ᠤᠨ ᠮᠥᠷᠳᠡᠨ ᠬᠠᠮᠢᠶᠠᠷᠤᠯᠲᠠ ᠪᠠᠷ ᠳᠠᠮᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠪᠥᠬᠦ | ᠶᠠᠪᠤᠴᠠ ᠶᠢ ᠬᠠᠮᠤᠷᠤᠭᠰᠠᠨ ᠨᠢᠭᠡᠳᠦᠯᠲᠡᠢ ᠶᠠᠰᠤ ᠴᠢᠨᠠᠷ ᠤᠨ ᠡᠵᠡᠮᠳᠡᠯ ᠤᠨ ᠰᠢᠰᠲ᠋ᠧᠮᠵᠢ ᠶᠢ ᠪᠠᠶᠢᠭᠤᠯᠤᠨ᠎ᠠ︔ ᠬᠥᠷᠥᠰᠥ | ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠠᠵᠢᠯ ᠤᠨ ᠲᠠᠪᠴᠠᠩ ᠳᠤ ᠲᠦᠰᠢᠭᠯᠡᠨ᠂ ᠲᠤᠭ᠎ᠠ ᠪᠠᠷᠢᠮᠲᠠ ᠶᠢᠨ | ᠵᠠᠳᠠᠯᠤᠯᠲᠠ ᠪᠠ ᠦᠷ᠎ᠡ ᠪᠦᠲᠦᠭᠡᠯ ᠤᠨ ᠬᠤᠷᠢᠶᠠᠩᠭᠤᠶᠢᠯᠠᠯ ᠢ ᠥᠷᠨᠢᠭᠦᠯᠦᠨ᠎ᠡ᠄ ᠬᠥᠷᠥᠰᠥ ᠰᠢᠷᠣᠢ ᠶᠢᠨ ᠭᠤᠷᠪᠠ ᠶᠢ | ᠲᠦᠭᠡᠮᠡᠯᠵᠢᠭᠦᠯᠬᠦ ᠪᠠᠷᠢᠮᠵᠢᠶᠠᠵᠢᠭᠤᠯᠤᠯᠲᠠ᠂ ᠲᠤᠰᠬᠠᠶᠢᠵᠢᠯᠲᠠ᠂ ᠣᠶᠤᠨᠴᠢᠯᠠᠯᠲᠠ ᠶᠢ ᠪᠡᠶᠡᠯᠡᠭᠦᠯᠵᠦ᠂ ᠨᠡᠶᠢᠳᠡᠮ | ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠥᠨᠳᠥᠷ ᠪᠦᠲᠦᠮᠵᠢᠲᠡᠶ ᠪᠠᠷ ᠠᠬᠢᠭᠤᠯᠤᠨ᠎ᠠ᠃ | ︵ᠨᠢᠭᠡ︶ᠲᠠᠪᠴᠠᠩ ᠬᠡᠷᠡᠭᠯᠡᠬᠦ᠃ ᠤᠯᠤᠰ ᠤᠨ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ ᠬᠥᠷᠥᠰᠥ | ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠠᠵᠢᠯ ᠤᠨ ᠲᠠᠪᠴᠠᠩ ᠤᠨ ᠰᠢᠰᠲ᠋ᠧᠮ ᠤᠨ ᠲᠣᠬᠢᠷᠠᠭᠤᠯᠤᠯᠲᠠ ᠪᠠ ᠲᠤᠭ᠎ᠠ | ᠪᠠᠷᠢᠮᠲᠠ ᠶᠢ ᠬᠠᠳᠠᠭᠠᠯᠠᠬᠤ ᠦᠢᠯᠡᠴᠢᠯᠡᠭᠡᠨ ᠤ ᠦᠵᠦᠭᠦᠷ ᠢ ᠨᠢᠭᠡᠳᠦᠯᠲᠡᠢ ᠪᠠᠶᠢᠭᠤᠯᠵᠤ᠂ ᠭᠤᠷᠪᠠᠨ ᠨᠡᠶᠢᠳᠡᠮ ᠤᠨ | ᠡᠭᠦᠷᠭᠡ ᠶᠢ ᠬᠤᠪᠢᠶᠠᠨ ᠲᠠᠷᠬᠠᠭᠠᠬᠤ᠂ ᠶᠠᠰᠤ ᠴᠢᠨᠠᠷ ᠢ ᠡᠵᠡᠮᠳᠡᠬᠦ᠂ ᠠᠬᠢᠴᠠ ᠶᠢ ᠡᠵᠡᠮᠳᠡᠨ ᠡᠵᠡᠮᠳᠡᠬᠦ᠂ ᠥᠯᠢᠭᠡᠷ ᠡᠳ᠋ ᠪᠠ | ᠭᠦᠢᠴᠡᠳᠬᠡᠯ ᠲᠤᠭ᠎ᠠ ᠶᠢᠨ ᠵᠠᠭᠠᠭ ᠬᠡᠮᠵᠢᠭᠳᠡᠯ ᠵᠡᠷᠭᠡ ᠲᠤᠭ᠎ᠠ ᠪᠠᠷᠢᠮᠲᠠ ᠶᠢ ᠬᠠᠳᠠᠭᠠᠯᠠᠬᠤ᠂ ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠮᠢᠶᠠᠷᠬᠤ᠂ ᠬᠥᠮᠥᠷᠭᠡ ᠳᠤ ᠣᠷᠣᠭᠤᠯᠵᠤ ᠤᠬᠢᠶᠠᠵᠤ ᠴᠡᠪᠡᠷᠯᠡᠬᠦ᠂ | ᠨᠠᠷᠢᠯᠢᠭ ᠠᠴᠠ ᠡᠵᠡᠮᠳᠡᠬᠦ᠂ ᠬᠠᠳᠠᠭᠠᠯᠠᠬᠤ ᠶᠢᠨ ᠬᠠᠮᠲᠤ ᠬᠠᠮᠢᠶᠠᠷᠬᠤ ᠠᠵᠢᠯ ᠤᠨ ᠡᠬᠡ ᠵᠢᠷᠤᠭ ᠤᠨ ᠲᠤᠭ᠎ᠠ ᠪᠠᠷᠢᠮᠲᠠ᠂ | ᠪᠠᠶᠢᠴᠠᠭᠠᠯᠲᠠ ᠶᠢᠨ ᠶᠠᠪᠤᠴᠠ ᠬᠢᠭᠡᠳ ᠦᠷ᠎ᠡ ᠪᠦᠲᠦᠭᠡᠯ ᠤᠨ ᠲᠤᠭ᠎ᠠ ᠪᠠᠷᠢᠮᠲᠠ᠂ ᠪᠣᠰᠤᠭ᠎ᠠ ᠭᠠᠵᠠᠷ ᠤᠨ ᠮᠡᠳᠡᠭᠡ | ᠵᠠᠩᠭᠢ᠂ ᠴᠡᠭ ᠪᠠᠶᠢᠷᠢ ᠶᠢᠨ ᠦᠵᠡᠮᠵᠢ ᠶᠢᠨ ᠵᠢᠷᠤᠭ ᠬᠢᠭᠡᠳ ᠬᠠᠷᠠᠭᠠᠨ ᠳᠠᠪᠲᠠᠮᠵᠢ ᠶᠢᠨ ᠲᠤᠭ᠎ᠠ ᠪᠠᠷᠢᠮᠲᠠ᠂ ᠲᠡᠦᠬᠡ ᠶᠢᠨ | ᠲᠤᠭ᠎ᠠ ᠪᠠᠷᠢᠮᠲᠠ᠂ ᠮᠡᠷᠭᠡᠵᠢᠯ ᠤᠨ ᠮᠠᠲ᠋ᠧᠷᠢᠶᠠᠯ ᠤᠨ ᠳ᠋ᠠᠶᠢᠲ᠋ᠠ ᠵᠡᠷᠭᠡ ᠶᠢ ᠨᠢᠭᠡᠳᠦᠯᠲᠡᠢ ᠪᠠᠶᠢᠭᠤᠯᠵᠤ᠂ ᠬᠥᠷᠥᠰᠥ | ᠰᠢᠷᠣᠢ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠦᠷᠢᠯᠳᠦᠭᠦᠯᠦᠨ᠎ᠡ᠃ ᠡᠭᠦᠨ ᠤ ᠬᠠᠮᠲᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠤᠵᠢᠷᠯᠢᠭ ᠭᠠᠵᠠᠷ ᠢ ᠰᠠᠶᠢᠵᠢᠷᠠᠭᠤᠯᠤᠨ ᠠᠰᠢᠭᠯᠠᠬᠤ ᠵᠢᠴᠢ | ᠲᠠᠷᠢᠶᠠᠯᠠᠩ ᠳᠤ ᠬᠤᠯᠪᠣᠭᠳᠠᠬᠤ ᠲᠤᠭ᠎ᠠ ᠪᠠᠷᠢᠮᠲᠠ ᠶᠢ ᠨᠡᠮᠡᠭᠳᠡᠭᠦᠯᠵᠦ᠂ ᠳ᠋ᠠᠶᠢᠲ᠋ᠠ ᠶᠢᠨ ᠬᠥᠮᠥᠷᠭᠡ ᠶᠢᠨ ᠴᠢᠳᠠᠮᠵᠢ ᠶᠢ | ᠤᠯᠠᠮ ᠨᠢᠭᠡ ᠠᠯᠬᠤᠮ ᠥᠷᠭᠡᠳᠬᠡᠨ᠎ᠡ᠃ | ︵ᠬᠤᠶᠠᠷ︶ᠶᠠᠩᠵᠤ ᠪᠦᠬᠦᠨ ᠢ ᠬᠠᠷᠭᠤᠭᠤᠯᠤᠨ ᠬᠢᠨᠠᠬᠤ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ | ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ( | ᠳᠣᠷᠣᠭᠰᠢ︽ᠭᠤᠷᠪᠠ ᠶᠢ ᠲᠦᠭᠡᠮᠡᠯᠵᠢᠭᠦᠯᠬᠦ ᠠᠯᠪᠠᠨ ᠭᠡᠷ︾ ᠭᠡᠵᠦ ᠲᠣᠪᠴᠢᠯᠠᠨ᠎ᠠ᠃︶ᠨᠢᠭᠡᠳᠦᠯᠲᠡᠢ ᠵᠣᠬᠢᠶᠠᠨ | ᠪᠠᠶᠢᠭᠤᠯᠤᠨ ᠲᠣᠬᠢᠷᠠᠭᠤᠯᠵᠤ᠂ ᠤᠯᠤᠰ ᠠᠴᠠ ᠪᠠᠭᠤᠯᠭᠠᠭᠰᠠᠨ ᠤᠷᠢᠳᠴᠢᠯᠠᠨ ᠲᠣᠬᠢᠷᠠᠭᠤᠯᠤᠭᠰᠠᠨ ᠥᠯᠢᠭᠡᠷ ᠠᠪᠬᠤ | ᠴᠡᠭ ᠲᠤ ᠭᠡᠷ ᠳᠣᠲᠣᠷᠠᠬᠢ ᠬᠠᠷᠭᠤᠭᠤᠯᠤᠨ ᠬᠢᠨᠠᠬᠤ ᠪᠠ ᠬᠡᠭᠡᠷ᠎ᠡ ᠭᠠᠳᠠᠨ᠎ᠠ ᠬᠠᠷᠭᠤᠭᠤᠯᠤᠨ ᠬᠢᠨᠠᠨ᠎ᠠ᠃ ᠦᠯᠢᠭᠡᠷ | ᠠᠪᠬᠤ ᠭᠠᠵᠠᠷ ᠤᠨ ᠪᠠᠶᠢᠷᠢᠯᠠᠭᠤᠯᠤᠯᠲᠠ ᠶᠢ ᠦᠯᠢᠭᠡᠷ ᠠᠪᠬᠤ ᠭᠠᠵᠠᠷ ᠤᠨ ᠲᠥᠯᠥᠭᠡᠯᠡᠬᠦ ᠴᠢᠨᠠᠷ᠂ ᠠᠶᠢᠯ ᠲᠣᠰᠬᠤᠨ ᠤ | ᠵᠠᠮ ᠵᠡᠷᠭᠡ ᠬᠤᠯᠠ ᠣᠶᠢᠷ᠎ᠠ᠂ ᠵᠠᠮ ᠬᠠᠷᠢᠯᠴᠠᠭᠠᠨ ᠤ ᠨᠡᠪᠲᠡᠷᠡᠯᠭᠡ ᠶᠢᠨ ᠪᠠᠶᠢᠳᠠᠯ᠂ ᠨᠢᠭᠡᠨᠲᠡ ᠴᠤᠭᠯᠠᠭᠤᠯᠤᠭᠰᠠᠨ ᠠᠯᠤᠰ | ᠰᠡᠷᠡᠯ ᠤᠨ ᠵᠢᠷᠤᠭ ᠳᠦᠷᠰᠦ ᠵᠡᠷᠭᠡ ᠪᠣᠳᠠᠲᠤ ᠪᠠᠶᠢᠳᠠᠯ ᠤᠨ ᠭᠠᠵᠠᠷ ᠤᠨ ᠰᠠᠭᠤᠷᠢᠨ ᠳᠡᠭᠡᠷ᠎ᠡ᠂ ᠨᠢᠭᠡᠨᠲᠡ | ᠪᠡᠶᠡᠯᠡᠭᠦᠯᠦᠭᠰᠡᠨ ᠡᠯ᠎ᠡ ᠲᠤᠰᠬᠠᠢ ᠵᠦᠢᠯ ᠤᠨ ᠪᠠᠶᠢᠴᠠᠭᠠᠯᠲᠠ ᠶᠢᠨ ᠠᠵᠢᠯ ᠯᠤᠭ᠎ᠠ ᠵᠣᠯᠭᠠᠭᠤᠯᠵᠤ᠂ ᠬᠠᠮᠢᠶ᠎ᠠ ᠪᠦᠬᠦᠢ | ᠪᠠᠶᠢᠴᠠᠭᠠᠯᠲᠠ ᠶᠢᠨ ᠦᠯᠢᠭᠡᠷ ᠠᠪᠬᠤ ᠴᠡᠭ ᠤᠨ ᠠᠳᠠᠯᠢ ᠴᠢᠨᠠᠷ ᠪᠣᠯᠣᠨ ᠲᠥᠯᠥᠭᠡᠯᠡᠬᠦ ᠴᠢᠨᠠᠷ ᠢ ᠦᠨᠡᠨᠬᠦ ᠪᠠᠲᠤᠯᠠᠬᠤ | ᠬᠡᠷᠡᠭᠲᠡᠢ᠃ | ︵ᠭᠤᠷᠪᠠ ︶ ᠦᠯᠢᠭᠡᠷ ᠠᠪᠬᠤ ᠶᠢ ᠪᠠᠶᠢᠴᠠᠭᠠᠬᠤ᠃ ᠪᠤᠭᠤᠲᠤ ᠬᠤᠲᠠ ᠶᠢᠨ ᠭᠤᠷᠪᠠ ᠶᠢ ᠲᠦᠭᠡᠮᠡᠯᠵᠢᠭᠦᠯᠬᠦ | ᠠᠯᠪᠠᠨ ᠭᠡᠷ ᠤᠨ ᠨᠢᠭᠡᠳᠦᠯᠲᠡᠢ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠣᠰᠣᠭᠠᠷ᠂ ᠤᠯᠤᠰ ᠤᠨ | ᠨᠢᠭᠡᠳᠦᠯᠲᠡᠢ ᠪᠠᠶᠢᠷᠢᠯᠠᠭᠤᠯᠤᠭᠰᠠᠨ ᠥᠯᠢᠭᠡᠷ ᠠᠪᠬᠤ ᠴᠡᠭ ᠪᠠ ᠪᠠᠶᠢᠴᠠᠭᠠᠬᠤ ᠡᠭᠦᠷᠭᠡ ᠶᠢ ᠦᠨᠳᠦᠰᠦᠯᠡᠨ᠂ | ᠨᠢᠭᠡᠳᠦᠯᠲᠡᠢ ᠥᠯᠢᠭᠡᠷ ᠠᠪᠬᠤ ᠪᠠᠷᠢᠮᠵᠢᠶ᠎ᠠ ᠶᠣᠰᠣᠭᠠᠷ᠂ ᠤᠯᠤᠰ ᠤᠨ ᠪᠠᠶᠢᠷᠢᠯᠠᠭᠤᠯᠤᠭᠰᠠᠨ ᠥᠯᠢᠭᠡᠷ ᠠᠪᠬᠤ ᠴᠡᠭ ᠤᠨ | ᠲᠠᠷᠬᠠᠯᠲᠠ ᠶᠢᠨ ᠵᠢᠷᠤᠭ ᠢᠶᠠᠷ ᠠᠵᠢᠯ ᠤᠨ ᠡᠬᠡ ᠵᠢᠷᠤᠭ ᠪᠣᠯᠭᠠᠵᠤ᠂ ᠭᠠᠳᠠᠨᠠᠬᠢ ᠠᠵᠢᠯ ᠤᠨ ᠪᠠᠶᠢᠴᠠᠭᠠᠯᠲᠠ ᠶᠢᠨ | ᠥᠯᠢᠭᠡᠷ ᠠᠪᠬᠤ APP ᠪᠠᠷ ᠳᠠᠮᠵᠢᠭᠤᠯᠤᠨ ᠬᠡᠭᠡᠷ᠎ᠡ ᠭᠠᠳᠠᠨ᠎ᠠ ᠪᠠᠶᠢᠷᠢ ᠲᠣᠭᠲᠠᠭᠠᠯᠲᠠ ᠬᠢᠵᠦ᠂ ᠥᠯᠢᠭᠡᠷ ᠠᠪᠬᠤ | ᠴᠡᠭ ᠤᠨ ︽ᠡᠯᠧᠺᠲᠷᠣᠨ ᠬᠦᠷᠢᠶ᠎ᠡ ᠬᠠᠰᠢᠶ᠎ᠠ︾ ᠶᠢᠨ ᠬᠡᠪᠴᠢᠶᠡᠨ ᠳᠤ ᠥᠯᠢᠭᠡᠷ ᠠᠪᠬᠤ ᠴᠡᠭ ᠢ ᠲᠣᠭᠲᠠᠭᠠᠨ᠎ᠠ ︵ᠭᠤᠣᠯ | ᠴᠡᠭ︶ᠲᠤᠬᠠᠢ ᠶᠢᠨ ᠲᠠᠯᠠᠪᠠᠶ ᠳᠤ APP ᠶᠢᠨ ᠦᠵᠦᠭᠦᠷ ᠢᠶᠠᠷ ᠳᠠᠮᠵᠢᠭᠤᠯᠤᠨ ᠪᠠᠶᠢᠴᠠᠭᠠᠯᠲᠠ ᠶᠢᠨ ᠮᠡᠳᠡᠭᠡ ᠵᠠᠩᠭᠢ ᠶᠢ | ᠲᠠᠭᠯᠠᠨ ᠮᠡᠳᠡᠭᠦᠯᠦᠨ᠎ᠡ᠃ ᠬᠡᠷᠪᠡ ᠦᠯᠢᠭᠡᠷ ᠴᠡᠭ ᠤᠨ ᠣᠷᠣᠨ ᠪᠠᠶᠢᠷᠢ ᠨᠢ ᠲᠠᠷᠢᠶᠠᠯᠠᠩ ᠤᠨ ᠪᠤᠰᠤ ᠬᠡᠷᠡᠭᠯᠡᠭᠡᠨ ᠳᠤ | ᠤᠴᠠᠷᠠᠭᠰᠠᠨ᠂ ᠬᠥᠷᠥᠰᠥ ᠰᠢᠷᠣᠢ ᠨᠢ ᠬᠦᠨᠳᠦ ᠶᠡᠭᠡ ᠡᠪᠳᠡᠯᠡᠭᠡ ᠳᠤ ᠤᠴᠠᠷᠠᠭᠰᠠᠨ ᠵᠡᠷᠭᠡ ᠰᠢᠯᠲᠠᠭᠠᠨ ᠠᠴᠠ ᠪᠣᠯᠵᠤ | ᠲᠥᠯᠥᠭᠡᠯᠡᠬᠦ ᠴᠢᠨᠠᠷ ᠢᠶᠠᠷ ᠴᠢᠩᠭ᠎ᠠ ᠪᠤᠰᠤ ᠪᠤᠶᠤ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ᠂ | ᠦᠨᠡᠨᠬᠦ ᠬᠤᠪᠢᠷᠠᠭᠤᠯᠬᠤ ᠴᠢᠬᠤᠯᠠᠲᠠᠢ ᠪᠣᠯ ᠴᠠᠭ ᠲᠤᠬᠠᠢ ᠳᠤᠨᠢ ᠬᠤᠲᠠ ᠶᠢᠨ ᠭᠤᠷᠪᠠᠨ ᠨᠡᠶᠢᠳᠡᠮ ᠪᠠᠶᠢᠴᠠᠭᠠᠯᠲᠠ ᠶᠢᠨ | ᠠᠯᠪᠠᠨ ᠭᠡᠷ ᠲᠠᠢ ᠬᠠᠷᠢᠯᠴᠠᠵᠤ ᠲᠣᠬᠢᠷᠠᠭᠤᠯᠤᠯᠲᠠ ᠬᠢᠬᠦ ᠶᠢᠨ ᠬᠠᠮᠲᠤ ᠱᠠᠲᠤ ᠳᠠᠷᠠᠭᠠᠯᠠᠨ ᠥᠪᠡᠷᠲᠡᠭᠡᠨ ᠵᠠᠰᠠᠬᠤ | ᠣᠷᠣᠨ ᠤ ᠭᠤᠷᠪᠠᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠤᠯᠤᠰ ᠤᠨ ᠭᠤᠷᠪᠠᠨ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ | ᠦᠯᠢᠭᠡᠷ ᠴᠡᠭ ᠤᠨ ᠣᠷᠣᠨ ᠤ ᠡᠷᠭᠢᠨ ᠲᠣᠭᠤᠷᠢᠨ ᠤ ᠭᠠᠵᠠᠷ ᠤᠨ ᠪᠠᠶᠢᠴᠠ ᠪᠣᠯᠣᠨ ᠭᠠᠵᠠᠷ ᠰᠢᠷᠣᠢ ᠶᠢᠨ | ᠠᠰᠢᠭᠯᠠᠯᠲᠠ ᠶᠢᠨ ᠣᠷᠣᠨ ᠵᠠᠢ ᠶᠢᠨ ᠣᠨᠳᠣᠣᠰᠢᠬᠤ ᠬᠡᠮᠵᠢᠶ᠎ᠡ ᠶᠢ ᠦᠨᠳᠦᠰᠦᠯᠡᠨ᠂ ᠭᠠᠳᠠᠷ ᠳᠠᠪᠬᠤᠷᠭ᠎ᠠ ᠶᠢᠨ ᠬᠥᠷᠥᠰᠥ | ᠰᠢᠷᠣᠢ ᠶᠢᠨ ᠦᠯᠢᠭᠡᠷ ᠡᠳ᠋ ᠢ︽S︾ ᠬᠡᠯᠪᠡᠷᠢ᠂ ᠰᠢᠲᠠᠷ᠎ᠠ ᠶᠢᠨ ᠬᠥᠯᠭᠡ ᠬᠡᠯᠪᠡᠷᠢ ᠪᠤᠶᠤ ᠲᠡᠷᠢᠭᠦᠯᠡᠭᠴᠢ ᠴᠡᠴᠡᠭ ᠤᠨ | ᠬᠡᠯᠪᠡᠷᠢ ᠵᠡᠷᠭᠡ ᠠᠷᠭ᠎ᠠ ᠪᠠᠷ ᠬᠤᠯᠢᠯᠳᠤᠭᠤᠯᠤᠨ ᠦᠯᠢᠭᠡᠷ ᠠᠪᠴᠤ᠂ ᠣᠭᠲᠣᠯᠣᠭᠠᠰᠤ ᠶᠢᠨ ᠦᠯᠢᠭᠡᠷ ᠬᠡᠪ ᠪᠣᠯᠣᠨ | ᠳᠠᠪᠬᠤᠷᠭ᠎ᠠ ᠬᠤᠪᠢᠶᠠᠨ ᠦᠯᠢᠭᠡᠷ ᠶᠠᠩᠵᠤ ᠠᠪᠬᠤ ᠬᠡᠷᠡᠭᠲᠡᠢ᠃ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠨᠢ | ᠤᠰᠤᠯᠠᠯᠲᠠ ᠶᠢᠨ ᠤᠰᠤᠨ ᠤ ᠶᠠᠩᠵᠤ ᠪᠠ ᠭᠦᠶᠦᠬᠡᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤᠨ ᠤ ᠶᠠᠩᠵᠤ ᠶᠢ | ᠴᠤᠭᠯᠠᠭᠤᠯᠬᠤ ᠬᠡᠷᠡᠭᠲᠡᠢ᠃ ᠴᠤᠭᠯᠠᠭᠤᠯᠤᠭᠰᠠᠨ ᠬᠥᠷᠥᠰᠥ ᠰᠢᠷᠣᠢ ᠶᠢᠨ ᠦᠯᠢᠭᠡᠷ ᠡᠳ᠋ ᠢ ᠥᠪᠡᠷᠲᠡᠭᠡᠨ ᠵᠠᠰᠠᠬᠤ | ᠣᠷᠣᠨ ᠤ ᠭᠤᠷᠪᠠ ᠶᠢ ᠲᠦᠭᠡᠮᠡᠯᠵᠢᠭᠦᠯᠬᠦ ᠠᠯᠪᠠᠨ ᠭᠡᠷ ᠤᠨ ᠲᠣᠭᠲᠠᠭᠠᠭᠰᠠᠨ ᠦᠯᠢᠭᠡᠷ ᠦᠢᠯᠡᠳᠬᠦ ᠲᠤᠷᠰᠢᠯᠲᠠ ᠶᠢᠨ | ᠲᠠᠰᠤᠭ ᠲᠤ ᠬᠦᠷᠭᠡᠵᠦ᠂ ᠤᠰᠤᠨ ᠤ ᠥᠯᠢᠭᠡᠷ ᠡᠳ᠋ ᠢ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠲᠤ | ᠬᠦᠷᠭᠡᠵᠦ᠂ ᠪᠦᠬᠦ᠋ᠢᠯᠡ ᠣᠭᠲᠣᠯᠣᠭᠠᠰᠤ ᠶᠢᠨ ᠥᠯᠢᠭᠡᠷ ᠡᠳ᠋ ᠢ ᠣᠨᠴᠠᠭᠠᠢ ᠦᠢᠯᠡᠳᠦᠭᠰᠡᠨ ᠮᠣᠳᠣᠨ ᠬᠠᠶᠢᠷᠴᠠᠭ ᠲᠤ | ᠬᠢᠵᠦ ᠲᠣᠭᠲᠠᠮᠠᠯ ᠬᠠᠮᠠᠭᠠᠯᠠᠬᠤ ᠪᠥᠭᠡᠳ ᠲᠡᠮᠳᠡᠭ ᠨᠠᠭᠠᠵᠤ᠂ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠢ ᠶᠢᠨ | ᠥᠯᠢᠭᠡᠷ ᠡᠳ᠋ ᠢ ᠬᠠᠳᠠᠭᠠᠯᠠᠬᠤ ᠬᠥᠮᠥᠷᠭᠡ ᠳᠤ ᠬᠤᠬᠢᠷᠠᠭᠤᠯᠬᠤ ᠦᠭᠡᠢ ᠪᠠᠷ ᠵᠥᠭᠡᠭᠡᠪᠦᠷᠢᠯᠡᠨ᠎ᠡ᠃ | ︵ᠳᠥᠷᠪᠡ︶ᠦᠯᠢᠭᠡᠷ ᠡᠳ᠋ ᠪᠡᠯᠡᠳᠬᠡᠬᠦ᠃ ᠥᠪᠡᠷᠲᠡᠭᠡᠨ ᠵᠠᠰᠠᠬᠤ ᠣᠷᠣᠨ ᠤ ᠭᠤᠷᠪᠠᠨ ᠨᠡᠶᠢᠳᠡᠮ ᠤᠨ | ᠪᠠᠶᠢᠴᠠᠭᠠᠯᠲᠠ ᠶᠢᠨ ᠠᠯᠪᠠᠨ ᠭᠡᠷ ᠨᠢ ᠲᠤᠰᠬᠠᠢ ᠮᠡᠷᠭᠡᠵᠢᠯ ᠤᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠢ | ᠨᠢᠭᠡᠳᠦᠯᠲᠡᠢ ᠲᠣᠭᠲᠠᠭᠠᠵᠤ ᠥᠯᠢᠭᠡᠷ ᠡᠳ᠋ ᠢ ᠦᠢᠯᠡᠳᠬᠦ ᠠᠵᠢᠯ ᠢ ᠥᠷᠨᠢᠭᠦᠯᠵᠦ᠂ ᠤᠯᠤᠰ ᠤᠨ ᠨᠢᠭᠡᠳᠦᠯᠲᠡᠢ | ᠮᠡᠷᠭᠡᠵᠢᠯ ᠤᠨ ᠳᠦᠷᠢᠮ ᠲᠣᠭᠲᠠᠭᠠᠯ ᠶᠣᠰᠣᠭᠠᠷ ᠥᠯᠢᠭᠡᠷ ᠡᠳ᠋ ᠢ ᠦᠢᠯᠡᠳᠴᠦ ᠪᠡᠯᠡᠳᠬᠡᠭᠰᠡᠨ ᠤ ᠳᠠᠷᠠᠭ᠎ᠠ᠂ | ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠲᠤ ᠥᠯᠢᠭᠡᠷ ᠡᠳ᠋ ᠤᠨ | ᠨᠡᠮᠡᠯᠲᠡ ᠪᠠ ᠥᠯᠢᠭᠡᠷ ᠡᠳ᠋ ᠢ ᠪᠦᠯᠦᠭ ᠬᠤᠪᠢᠶᠠᠵᠤ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠲᠠᠪᠴᠠᠩ ᠤᠨ ᠥᠯᠢᠭᠡᠷ ᠡᠳ᠋ ᠤᠨ ᠡᠭᠦᠷᠭᠡ ᠶᠢᠨ ᠨᠠᠷᠢᠨ ᠬᠠᠭᠤᠳᠠᠰᠤ ᠶᠣᠰᠣᠭᠠᠷ᠂ ᠪᠠᠶᠢᠴᠠᠭᠠᠨ ᠰᠢᠯᠭᠠᠬᠤ | ᠥᠯᠢᠭᠡᠷ ᠡᠳ᠋ ᠢ ᠬᠤᠶᠠᠳᠤᠭᠠᠷ ᠤᠳᠠᠭ᠎ᠠ ᠳ᠋ᠤᠭᠠᠷᠯᠠᠭᠰᠠᠨ ᠤ ᠳᠠᠷᠠᠭ᠎ᠠ᠂ ᠡᠯ᠎ᠡ ᠭᠠᠵᠠᠷ ᠲᠤ ᠲᠣᠭᠲᠠᠭᠠᠭᠰᠠᠨ | ᠵᠣᠬᠢᠴᠠᠩᠭᠤᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠬᠤᠪᠢᠶᠠᠨ ᠢᠯᠡᠭᠡᠨ᠎ᠡ᠃ | ︵ᠲᠠᠪᠤ︶ᠲᠤᠬ᠎ᠠ ᠪᠠᠷᠢᠮᠲᠠ ᠶᠢᠨ ᠬᠤᠷᠢᠶᠠᠩᠭᠤᠶᠢᠯᠠᠯ᠃ ᠪᠦᠬᠦ ᠤᠯᠤᠰ ᠤᠨ ᠨᠢᠭᠡᠳᠦᠯᠲᠡᠢ ᠳ᠋ᠠᠶᠢᠲ᠋ᠠ ᠶᠢᠨ | ᠬᠥᠮᠥᠷᠭᠡ ᠶᠢᠨ ᠪᠠᠷᠢᠮᠵᠢᠶ᠎ᠠ ᠶᠣᠰᠣᠭᠠᠷ ᠳᠡᠰ ᠬᠤᠪᠢᠶᠠᠭᠰᠠᠨ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ᠎ᠠ᠃ ᠬᠤᠰᠢᠭᠤ | ᠰᠢᠶᠠᠨ ᠢᠶᠠᠷ ᠨᠢᠭᠡᠴᠢ ᠪᠣᠯᠭᠠᠨ᠂ ᠳᠣᠲᠣᠭᠠᠳᠤ ᠭᠠᠳᠠᠭᠠᠳᠤ ᠶᠢᠨ ᠦᠢᠯᠡᠰ ᠢ ᠨᠢᠭᠡ ᠴᠣᠭᠴᠠᠵᠢᠭᠤᠯᠤᠭᠰᠠᠨ ᠲᠤᠭ᠎ᠠ | ᠪᠠᠷᠢᠮᠲᠠ ᠶᠢ ᠴᠤᠭᠯᠠᠭᠤᠯᠤᠨ ᠬᠥᠮᠥᠷᠭᠡ ᠪᠠᠶᠢᠭᠤᠯᠬᠤ ᠲᠣᠭᠲᠠᠴᠠ ᠪᠣᠯᠣᠨ ᠰᠢᠯᠵᠢᠮᠡᠯ ᠢᠨᠲ᠋ᠧᠷ ᠰᠦᠯᠵᠢᠶᠡᠨ ᠤ | ᠮᠡᠷᠭᠡᠵᠢᠯ ᠢ ᠬᠡᠷᠡᠭᠯᠡᠵᠦ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠬᠤᠷᠢᠶᠠᠩᠭᠤᠶᠢᠯᠠᠵᠤ᠂ ᠣᠷᠣᠨ ᠵᠠᠢ᠂ ᠰᠢᠨᠵᠢ | ᠴᠢᠨᠠᠷ᠂ ᠪᠢᠴᠢᠭᠯᠡᠯ᠂ ᠵᠢᠷᠤᠭ᠂ ᠵᠢᠷᠤᠭ ᠳᠦᠷᠰᠦ ᠵᠡᠷᠭᠡ ᠮᠡᠳᠡᠭᠡ ᠵᠠᠩᠭᠢ ᠶᠢ ᠨᠢᠭᠡ ᠴᠣᠭᠴᠠᠵᠢᠭᠤᠯᠤᠭᠰᠠᠨ ᠬᠥᠷᠥᠰᠥ | ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠳ᠋ᠠᠶᠢᠲ᠋ᠠ ᠬᠥᠮᠥᠷᠭᠡ ᠶᠢ ᠪᠣᠶ ᠪᠣᠯᠭᠠᠬᠤ ᠬᠡᠷᠡᠭᠲᠡᠢ᠃ | ︵ᠵᠢᠷᠭᠤᠭ᠎ᠠ︶ᠶᠠᠰᠤ ᠴᠢᠨᠠᠷ ᠢ ᠬᠢᠨᠠᠨ ᠬᠠᠷᠭᠤᠭᠤᠯᠬᠤ᠃ ᠮᠡᠷᠭᠡᠵᠢᠯ ᠤᠨ ᠳᠦᠷᠢᠮ ᠢ ᠨᠢᠭᠡᠳᠬᠡᠵᠦ᠂ ᠬᠥᠷᠥᠰᠥ | ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠠᠵᠢᠯ ᠤᠨ ᠲᠠᠪᠴᠠᠩ ᠢ ᠬᠡᠷᠡᠭᠯᠡᠨ ᠪᠥᠬᠦ ᠶᠠᠪᠤᠴᠠ ᠶᠢᠨ ᠬᠠᠮᠢᠶᠠᠷᠤᠯᠲᠠ | ᠡᠵᠡᠮᠳᠡᠯ ᠢ ᠥᠷᠨᠢᠭᠦᠯᠵᠦ᠂ ᠰᠤᠭᠤᠴᠢᠨ ᠪᠠᠶᠢᠴᠠᠭᠠᠵᠤ ᠳᠠᠬᠢᠨ ᠬᠢᠨᠠᠬᠤ ᠪᠠ ᠲᠤᠰᠬᠠᠢ ᠮᠡᠷᠭᠡᠵᠢᠯᠲᠡᠨ ᠤ ᠦᠨᠡᠯᠡᠨ | ᠵᠢᠱᠢᠬᠦ ᠳᠦᠷᠢᠮ ᠢ ᠪᠠᠶᠢᠭᠤᠯᠤᠨ᠎ᠠ᠃ ᠭᠠᠳᠠᠭᠠᠳᠤ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠳᠤ ︽ᠡᠯᠧᠺᠲᠷᠣᠨ | ᠬᠦᠷᠢᠶ᠎ᠡ ᠬᠠᠰᠢᠶ᠎ᠠ︾ ᠶᠢᠨ ᠠᠶᠠᠯᠠᠯ ᠤᠨ ᠮᠥᠷ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠥᠯᠢᠭᠡᠷ ᠵᠠᠭᠪᠤᠷ ᠤᠨ ᠥᠯᠢᠭᠡᠷ | ᠡᠳ᠋ ᠨᠢ ︽ᠨᠢᠭᠡ ᠴᠡᠭ ᠨᠢᠭᠡ ᠨᠣᠮᠧᠷ︾ ᠪᠠᠶᠢᠬᠤ ᠶᠢ ᠬᠡᠷᠡᠭᠵᠢᠭᠦᠯᠦᠨ᠂ ᠭᠠᠳᠠᠭᠠᠳᠤ ᠠᠵᠢᠯ ᠤᠨ ᠪᠠᠶᠢᠴᠠᠭᠠᠯᠲᠠ ᠶᠢᠨ | ᠥᠯᠢᠭᠡᠷ ᠠᠪᠬᠤ᠂ ᠳᠣᠲᠣᠭᠠᠳᠤ ᠠᠵᠢᠯ ᠤᠨ ᠬᠡᠮᠵᠢᠨ ᠰᠢᠯᠭᠠᠬᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠣᠷ ᠤᠨ | ᠭᠠᠭᠴᠠ ᠮᠡᠳᠡᠭᠡ ᠵᠠᠩᠭᠢ ᠶᠢᠨ ᠡᠬᠢ ᠡᠭᠦᠰᠦᠯ ᠤᠨ ᠺᠣᠳ᠋ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ | ᠣᠷᠣᠨ ᠤ ᠭᠤᠷᠪᠠᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠢ ᠵᠣᠬᠢᠶᠠᠨ | ᠪᠠᠶᠢᠭᠤᠯᠤᠨ ᠭᠠᠳᠠᠭᠠᠳᠤ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠡᠭᠦᠷᠭᠡ ᠳᠤ ᠪᠥᠬᠦ ᠶᠠᠪᠤᠴᠠ ᠳᠤ | ᠮᠥᠷᠳᠡᠨ ᠵᠢᠯᠣᠭᠤᠳᠤᠯᠭ᠎ᠠ ᠬᠢᠨ᠎ᠡ︔ ᠬᠡᠮᠵᠢᠨ ᠰᠢᠯᠭᠠᠭᠰᠠᠨ ᠶᠠᠰᠤ ᠴᠢᠨᠠᠷ ᠤᠨ ᠡᠵᠡᠮᠳᠡᠯ ᠳᠤ ᠵᠡᠷᠭᠡᠴᠡᠭᠡ ᠥᠯᠢᠭᠡᠷ | ᠠᠪᠬᠤ᠂ ᠪᠠᠯᠠᠢ ᠥᠯᠢᠭᠡᠷ ᠠᠪᠬᠤ᠂ ᠥᠯᠢᠭᠡᠷ ᠬᠡᠪ ᠡᠯᠭᠦᠬᠦ᠂ ᠨᠢᠰᠦᠯᠲᠡ ᠶᠢᠨ ᠪᠠᠶᠢᠴᠠᠭᠠᠯᠲᠠ ᠬᠢᠬᠦ ᠵᠡᠷᠭᠡ ᠠᠷᠭ᠎ᠠ | ᠪᠠᠷᠢᠯ ᠢ ᠬᠡᠷᠡᠭᠯᠡᠨ᠂ ᠲᠤᠭ᠎ᠠ ᠪᠠᠷᠢᠮᠲᠠ ᠶᠢ ᠲᠠᠰ ᠬᠤᠪᠢᠶᠠᠨ ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢ ᠬᠢᠨᠠᠨ | ᠬᠠᠷᠭᠤᠭᠤᠯᠤᠭᠠᠳ ᠲᠣᠭᠲᠠᠭᠠᠭᠰᠠᠨ ᠭᠦᠢᠴᠡᠳᠬᠡᠯ ᠲᠤᠭ᠎ᠠ ᠶᠢᠨ ᠪᠣᠱᠤᠭ᠎ᠠ ᠬᠡᠮᠵᠢᠭᠳᠡᠯ ᠢ ᠬᠡᠷᠡᠭᠯᠡᠨ ᠶᠠᠰᠤ ᠴᠢᠨᠠᠷ ᠤᠨ | ᠡᠵᠡᠮᠳᠡᠯ ᠬᠢᠵᠦ᠂ ᠱᠠᠲᠤ ᠦᠶ᠎ᠡ ᠶᠢᠨ ᠦᠷ᠎ᠡ ᠪᠦᠲᠦᠭᠡᠯ ᠢ ᠬᠡᠰᠡᠭ ᠬᠤᠪᠢᠶᠠᠨ ᠰᠢᠯᠭᠠᠨ ᠠᠪᠬᠤ ᠬᠡᠷᠡᠭᠲᠡᠢ᠃ | ︵ᠳᠤᠯᠤᠭ᠎ᠠ︶ᠦᠷ᠎ᠡ ᠪᠦᠲᠦᠭᠡᠯ ᠤᠨ ᠬᠤᠷᠢᠶᠠᠩᠭᠤᠶᠢᠯᠠᠯ᠃ ᠣᠳᠣ ᠦᠶ᠎ᠡ ᠶᠢᠨ ᠲᠤᠭ᠎ᠠ ᠪᠦᠷᠢᠳᠬᠡᠯ ᠤᠨ | ᠠᠷᠭ᠎ᠠ ᠬᠡᠯᠪᠡᠷᠢ ᠶᠢ ᠠᠪᠴᠤ᠂ ᠬᠥᠷᠥᠰᠥ ᠰᠢᠷᠣᠢ ᠶᠢᠨ ᠰᠢᠨᠵᠢ ᠴᠢᠨᠠᠷ᠂ ᠬᠥᠷᠥᠰᠥ ᠰᠢᠷᠣᠢ ᠶᠢᠨ ᠮᠠᠭᠤᠳᠠᠯ ᠪᠠ ᠬᠠᠷᠰᠢ | ᠰᠠᠭᠠᠳ᠂ ᠬᠥᠷᠥᠰᠥ ᠰᠢᠷᠣᠢ ᠶᠢᠨ ᠠᠰᠢᠭᠯᠠᠯᠲᠠ ᠵᠡᠷᠭᠡ ᠲᠤᠭ᠎ᠠ ᠪᠠᠷᠢᠮᠲᠠ ᠳᠤ ᠵᠠᠳᠠᠯᠤᠯᠲᠠ ᠬᠢᠨ᠎ᠡ︔ ᠲᠣᠭᠠᠴᠢᠯᠠᠭᠰᠠᠨ | ᠬᠥᠷᠥᠰᠥ ᠰᠢᠷᠣᠢ ᠶᠢᠨ ᠵᠠᠭᠪᠤᠷ ᠵᠡᠷᠭᠡ ᠠᠷᠭ᠎ᠠ ᠶᠢ ᠠᠰᠢᠭᠯᠠᠨ ᠲᠣᠭᠠᠴᠢᠯᠠᠭᠰᠠᠨ ᠵᠢᠷᠤᠭ ᠵᠢᠷᠤᠵᠤ᠂ ᠦᠷ᠎ᠡ | ᠪᠦᠲᠦᠭᠡᠯ ᠢᠶᠠᠨ ᠨᠢᠭᠲᠠᠷᠠᠭᠤᠯᠤᠭᠰᠠᠨ ᠪᠠ ᠳ᠋ᠦᠩᠨᠡᠪᠡ︔ ᠳᠣᠣᠷ᠎ᠠ ᠠᠴᠠ ᠳᠡᠭᠡᠭᠰᠢᠬᠢ ᠠᠷᠭ᠎ᠠ ᠮᠠᠶ᠋ᠢᠭ ᠢᠶᠠᠷ ᠬᠥᠷᠥᠰᠥ | ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠮᠡᠳᠡᠭᠦᠯᠦᠯᠲᠡ᠂ ᠮᠡᠷᠭᠡᠵᠢᠯ ᠤᠨ ᠮᠡᠳᠡᠭᠦᠯᠦᠯᠲᠡ ᠪᠠ ᠲᠤᠰᠬᠠᠢ ᠰᠡᠳᠦᠪᠲᠦ | ᠮᠡᠳᠡᠭᠦᠯᠦᠯᠲᠡ ᠪᠢᠴᠢᠬᠦ ᠠᠵᠢᠯ ᠢ ᠱᠠᠲᠤ ᠬᠤᠪᠢᠶᠠᠨ ᠥᠷᠨᠢᠭᠦᠯᠪᠡ᠃ | ᠳᠥᠷᠪᠡ᠂ ᠨᠡᠶᠢᠳᠡᠮ ᠪᠠᠶᠢᠴᠠᠭᠠᠯᠲᠠ ᠶᠢᠨ ᠭᠤᠣᠯ ᠦᠷ᠎ᠡ ᠪᠦᠲᠦᠭᠡᠯ | ︵ᠨᠢᠭᠡ︶ᠲᠤᠭ᠎ᠠ ᠪᠠᠷᠢᠮᠲᠠ ᠶᠢᠨ ᠦᠷ᠎ᠡ ᠪᠦᠲᠦᠭᠡᠯ᠃ ᠬᠥᠷᠥᠰᠥ ᠰᠢᠷᠣᠢ ᠶᠢᠨ ᠲᠥᠷᠥᠯ ᠬᠡᠯᠪᠡᠷᠢ᠂ ᠬᠥᠷᠥᠰᠥ | ᠰᠢᠷᠣᠢ ᠶᠢᠨ ᠹᠢᠽᠢᠺ ᠬᠢᠮᠢ ᠪᠠ ᠨᠡᠶᠢᠲᠡᠯᠢᠭ ᠣᠷᠣᠨ ᠪᠦᠰᠡ ᠶᠢᠨ ᠠᠮᠢᠳᠤ ᠪᠣᠳᠠᠰ ᠤᠨ ᠴᠢᠨᠠᠷᠲᠠᠢ ᠵᠢᠭᠠᠯᠲᠠ | ᠲᠤᠭ᠎ᠠ ᠶᠢᠨ ᠲᠤᠭ᠎ᠠ ᠪᠠᠷᠢᠮᠲᠠ ᠶᠢᠨ ᠨᠠᠷᠢᠨ ᠬᠠᠭᠤᠳᠠᠰᠤ ᠶᠢ ᠪᠦᠷᠢᠯᠳᠦᠭᠦᠯᠵᠦ᠂ ᠬᠥᠷᠥᠰᠥ ᠰᠢᠷᠣᠢ ᠶᠢᠨ ᠮᠠᠭᠤᠳᠠᠭᠰᠠᠨ | ᠪᠠ ᠬᠠᠷᠰᠢ ᠰᠠᠭᠠᠳ ᠲᠠᠢ ᠲᠤᠭ᠎ᠠ ᠪᠠᠷᠢᠮᠲᠠ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ᠂ | ᠬᠤᠵᠢᠷᠯᠢᠭ ᠭᠠᠵᠠᠷ ᠤᠨ ᠪᠠᠶᠢᠴᠠᠭᠠᠯᠲᠠ ᠵᠡᠷᠭᠡ ᠲᠤᠰᠬᠠᠢ ᠰᠡᠳᠦᠪᠲᠦ ᠪᠠᠶᠢᠴᠠᠭᠠᠯᠲᠠ ᠶᠢᠨ ᠬᠥᠷᠥᠰᠥ ᠰᠢᠷᠣᠢ ᠶᠢᠨ | ᠲᠤᠭ᠎ᠠ ᠪᠠᠷᠢᠮᠲᠠ ᠶᠢ ᠪᠦᠷᠢᠯᠳᠦᠭᠦᠯᠵᠦ᠂ ᠠᠳᠠᠯᠢ ᠪᠤᠰᠤ ᠭᠠᠵᠠᠷ ᠰᠢᠷᠣᠢ ᠶᠢ ᠠᠰᠢᠭᠯᠠᠬᠤ ᠲᠥᠷᠥᠯ ᠬᠡᠯᠪᠡᠷᠢ ᠶᠢᠨ | ᠬᠥᠷᠥᠰᠥ ᠰᠢᠷᠣᠢ ᠶᠢᠨ ᠲᠠᠯᠠᠪᠠᠶ ᠶᠢᠨ ᠲᠤᠭ᠎ᠠ ᠪᠠᠷᠢᠮᠲᠠ ᠵᠡᠷᠭᠡ ᠳᠤ ᠲᠣᠬᠢᠷᠠᠨ᠎ᠠ᠃ | ︵ᠬᠤᠶᠠᠷ︶ᠲᠣᠭᠠᠴᠢᠯᠠᠭᠰᠠᠨ ᠵᠢᠷᠤᠭ ᠤᠨ ᠦᠷ᠎ᠡ ᠪᠦᠲᠦᠭᠡᠯ᠃ ᠲᠥᠷᠥᠯ ᠬᠤᠪᠢᠶᠠᠨ ᠨᠡᠶᠢᠳᠡᠮ | ᠪᠠᠶᠢᠴᠠᠭᠠᠭᠰᠠᠨ ᠦᠷ᠎ᠡ ᠪᠦᠲᠦᠭᠡᠯ ᠤᠨ ᠵᠢᠷᠤᠭ᠂ ᠭᠤᠣᠯᠳᠠᠭᠤ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠵᠢᠷᠤᠭ | ᠂ ᠬᠥᠷᠥᠰᠥ ᠰᠢᠷᠣᠢ ᠶᠢᠨ ᠰᠢᠨᠵᠢ ᠴᠢᠨᠠᠷ ᠤᠨ ᠵᠢᠷᠤᠭ᠂ ᠬᠥᠷᠥᠰᠥ ᠰᠢᠷᠣᠢ ᠶᠢᠨ ᠶᠠᠰᠤ ᠴᠢᠨᠠᠷ ᠤᠨ ᠵᠢᠷᠤᠭ᠂ | ᠬᠤᠵᠢᠷᠯᠢᠭ ᠭᠠᠵᠠᠷ ᠤᠨ ᠬᠥᠷᠥᠰᠥ ᠰᠢᠷᠣᠢ ᠶᠢᠨ ᠲᠠᠷᠬᠠᠯᠲᠠ ᠶᠢᠨ ᠵᠢᠷᠤᠭ᠂ ᠬᠥᠷᠥᠰᠥ ᠰᠢᠷᠣᠢ ᠶᠢᠨ | ᠠᠰᠢᠭᠯᠠᠯᠲᠠ ᠶᠢᠨ ᠲᠣᠬᠢᠷᠠᠬᠤ ᠴᠢᠨᠠᠷᠲᠠᠢ ᠲᠠᠷᠬᠠᠯᠲᠠ ᠶᠢᠨ ᠵᠢᠷᠤᠭ᠂ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠣᠷᠣᠨ ᠪᠦᠰᠡ ᠶᠢᠨ ᠬᠥᠷᠥᠰᠥ ᠰᠢᠷᠣᠢ ᠶᠢᠨ ᠲᠤᠰᠬᠠᠢ ᠰᠡᠳᠦᠪᠲᠦ | ᠪᠠᠶᠢᠴᠠᠭᠠᠯᠲᠠ ᠶᠢᠨ ᠵᠢᠷᠤᠭ ᠵᠡᠷᠭᠡ ᠶᠢ ᠪᠠᠭᠲᠠᠭᠠᠨ᠎ᠠ᠃ | ︵ᠭᠤᠷᠪᠠ︶ ᠦᠰᠦᠭ ᠪᠢᠴᠢᠭ ᠤᠨ ᠦᠷ᠎ᠡ ᠪᠦᠲᠦᠭᠡᠯ᠃ ᠡᠯ᠎ᠡ ᠲᠥᠷᠥᠯ ᠤᠨ ᠦᠰᠦᠭ ᠪᠢᠴᠢᠭ ᠤᠨ | ᠮᠡᠳᠡᠭᠦᠯᠦᠯᠲᠡ ᠶᠢ ᠪᠦᠷᠢᠯᠳᠦᠭᠦᠯᠬᠦ ᠳᠤ ᠭᠤᠣᠯᠳᠠᠭᠤ ᠬᠥᠷᠥᠰᠥ ᠰᠢᠷᠣᠢ ᠶᠢ ᠭᠤᠷᠪᠠ ᠶᠢ ᠲᠦᠭᠡᠮᠡᠯᠵᠢᠭᠦᠯᠬᠦ ᠠᠵᠢᠯ ᠤᠨ | ᠮᠡᠳᠡᠭᠦᠯᠦᠯᠲᠡ᠂ ᠮᠡᠷᠭᠡᠵᠢᠯ ᠤᠨ ᠮᠡᠳᠡᠭᠦᠯᠦᠯᠲᠡ᠂ ᠬᠥᠷᠥᠰᠥ ᠰᠢᠷᠣᠢ ᠶᠢ ᠠᠰᠢᠭᠯᠠᠬᠤ ᠳᠤ ᠵᠣᠬᠢᠴᠠᠬᠤ ᠴᠢᠨᠠᠷ ︵ᠲᠠᠷᠢᠶᠠᠨ | ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ ᠪᠣᠯᠣᠨ ᠪᠡᠯᠴᠢᠭᠡᠷ ᠤᠨ ᠠᠰᠢᠭᠯᠠᠯᠲᠠ ᠳᠤ ᠲᠣᠬᠢᠷᠠᠬᠤ︶︶ | ᠦᠨᠡᠯᠡᠭᠰᠡᠨ ᠮᠡᠳᠡᠭᠦᠯᠦᠯᠲᠡ᠂ ᠲᠠᠷᠢᠶᠠᠨ ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ᠂ ᠪᠡᠯᠴᠢᠭᠡᠷ ᠤᠨ ᠶᠠᠰᠤ | ᠴᠢᠨᠠᠷ ᠤᠨ ᠮᠡᠳᠡᠭᠦᠯᠦᠯᠲᠡ᠂ ᠬᠤᠵᠢᠷᠯᠢᠭ ᠭᠠᠵᠠᠷ ᠢ ᠰᠠᠶᠢᠵᠢᠷᠠᠭᠤᠯᠤᠨ ᠠᠰᠢᠭᠯᠠᠬᠤ ᠪᠠ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠬᠥᠷᠥᠰᠥ ᠰᠢᠷᠣᠢ ᠶᠢᠨ ᠣᠨᠴᠠᠯᠢᠭ ᠵᠡᠷᠭᠡ ᠲᠤᠰᠬᠠᠢ ᠮᠡᠳᠡᠭᠦᠯᠦᠯᠲᠡ ᠬᠢᠪᠡ᠃ | ᠲᠠᠪᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ | ︵ᠨᠢᠭᠡ︶ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠪᠣᠯ | ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡᠨ ᠴᠢᠬᠤᠯᠠ ᠪᠠᠶᠢᠴᠠᠭᠠᠯᠲᠠ ᠪᠣᠯᠬᠤ ᠪᠥᠭᠡᠳ ᠬᠤᠯᠪᠣᠭᠳᠠᠬᠤ | ᠬᠡᠪᠴᠢᠶ᠎ᠡ ᠪᠠᠷ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠠᠵᠢᠯ ᠤᠨ ᠡᠭᠦᠷᠭᠡ ᠬᠦᠨᠳᠦ᠂ ᠮᠡᠷᠭᠡᠵᠢᠯ ᠤᠨ | ᠱᠠᠭᠠᠷᠳᠠᠯᠭ᠎ᠠ ᠥᠨᠳᠥᠷ ᠪᠠᠶᠢᠳᠠᠭ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠶᠢᠨ | ᠲᠥᠯᠥᠭᠡ᠂ ᠰᠢᠭᠤᠶᠢᠲᠤ ᠲᠣᠭᠤᠷᠢᠭ 2024 ᠣᠨ ᠤ 2 ᠰᠠᠷ᠎ᠠ ᠳᠤ ᠰᠢᠭᠤᠶᠢᠲᠤ ᠲᠣᠭᠤᠷᠢᠭ ᠤᠨ ᠭᠤᠷᠪᠠᠳᠤᠭᠠᠷ | ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ | ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠤᠨ | ᠰᠤᠳᠤᠯᠭᠠᠨ ᠪᠠ ᠰᠢᠢᠳᠪᠦᠷᠢᠲᠦ ᠪᠣᠳᠣᠯᠭ᠎ᠠ ᠶᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠲᠣᠬᠢᠷᠠᠭᠤᠯᠵᠤ᠂ ᠨᠡᠶᠢᠳᠡᠮ ᠪᠠᠶᠢᠴᠠᠭᠠᠯᠲᠠ ᠶᠢᠨ | ᠠᠵᠢᠯ ᠢ ᠨᠢᠭᠡᠳᠦᠯᠲᠡᠢ ᠲᠥᠯᠥᠪᠯᠡᠬᠦ᠂ ᠠᠵᠢᠯᠲᠠᠨ ᠢ ᠲᠣᠬᠢᠷᠠᠭᠤᠯᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠪᠡᠯᠡ | ᠮᠥᠩᠭᠦ ᠴᠤᠭᠯᠠᠭᠤᠯᠬᠤ ᠵᠡᠷᠭᠡ ᠶᠢ ᠬᠠᠷᠢᠭᠤᠴᠠᠨ᠎ᠠ᠃ | ︵ᠬᠤᠶᠠᠷ︶ ᠮᠡᠷᠭᠡᠵᠢᠯ ᠤᠨ ᠪᠠᠲᠤᠯᠠᠭ᠎ᠠ᠃ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠨᠢ | ᠭᠤᠣᠯᠳᠠᠭᠤ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠭᠡᠳ ᠰᠤᠮᠤ᠂ ᠪᠠᠯᠭᠠᠰᠤ ᠵᠢᠴᠢ | ᠲᠠᠷᠢᠶᠠᠯᠠᠩ ᠳᠤ ᠬᠤᠯᠪᠣᠭᠳᠠᠬᠤ ᠡᠯ᠎ᠡ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠮᠡᠷᠭᠡᠵᠢᠯᠲᠡᠨ ᠢᠶᠠᠷ ᠪᠦᠷᠢᠯᠳᠦᠵᠦ᠂ | ᠠᠵᠢᠯ ᠤᠨ ᠬᠤᠪᠢᠶᠠᠷᠢᠯᠠᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠪᠦᠬᠦ ᠲᠣᠭᠤᠷᠢᠭ ᠤᠨ ᠣᠢ ᠰᠢᠭᠤᠢ | ᠡᠪᠡᠰᠦᠲᠦ ᠭᠠᠵᠠᠷ᠂ ᠲᠠᠷᠢᠶᠠᠨ ᠭᠠᠵᠠᠷ ︵ᠴᠡᠴᠡᠷᠯᠢᠭ ᠪᠠᠭᠲᠠᠨ᠎ᠠ︶ ᠤᠨ ᠬᠥᠷᠥᠰᠥ ᠰᠢᠷᠣᠢ᠂ ᠠᠰᠢᠭᠯᠠᠭ᠎ᠠ ᠦᠭᠡᠢ ᠭᠠᠵᠠᠷ | ︵ᠭᠤᠣᠯᠳᠠᠯᠭ᠎ᠠ ᠲᠠᠢ ᠬᠤᠵᠢᠷᠯᠢᠭ ᠭᠠᠵᠠᠷ ᠪᠠᠭᠲᠠᠨ᠎ᠠ︶ ᠢ ᠲᠤᠰ ᠲᠤᠰ ᠬᠠᠷᠢᠭᠤᠴᠠᠨ᠎ᠠ᠃︶ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠠᠵᠢᠯ ᠵᠢᠴᠢ ᠠᠵᠢᠯ ᠤᠨ ᠳᠤᠮᠳᠠᠬᠢ ᠬᠦᠴᠢᠷ ᠠᠰᠠᠭᠤᠳᠠᠯ᠂ | ᠮᠡᠷᠭᠡᠵᠢᠯ ᠤᠨ ᠪᠣᠯᠪᠠᠰᠤᠷᠠᠭᠤᠯᠤᠯ᠂ ᠲᠤᠬᠠᠢ ᠶᠢᠨ ᠭᠠᠵᠠᠷ ᠲᠤᠨᠢ ᠵᠢᠭᠠᠨ ᠵᠢᠯᠤᠭᠤᠳᠬᠤ ᠵᠡᠷᠭᠡ ᠶᠢ ᠰᠢᠢᠳᠪᠦᠷᠢᠯᠡᠬᠦ | ᠬᠡᠷᠡᠭᠲᠡᠢ᠃ | ︵ᠭᠤᠷᠪᠠ︶ᠦᠯᠢᠭᠡᠷ ᠠᠪᠬᠤ ᠡᠩᠨᠡᠭᠡ᠃ ᠤᠷᠢᠨ ᠬᠡᠷᠡᠭᠯᠡᠬᠦ ᠬᠢᠷᠢ ᠬᠡᠮ ᠲᠠᠢ᠂ ᠦᠯᠢᠭᠡᠷ ᠠᠪᠬᠤ ᠡᠯᠪᠡᠭ | ᠪᠠᠶᠠᠯᠢᠭ ᠲᠤᠷᠰᠢᠯᠭ᠎ᠠ ᠲᠠᠢ ᠭᠤᠷᠪᠠᠳᠠᠭᠢ ᠡᠲᠡᠭᠡᠳ ᠠᠴᠠ ᠦᠯᠢᠭᠡᠷ ᠠᠪᠴᠤ ᠪᠣᠯᠣᠨ᠎ᠠ᠃ | ︵ᠳᠥᠷᠪᠡ︶ᠠᠬᠢᠴᠠ ᠶᠢᠨ ᠲᠣᠬᠢᠷᠠᠭᠤᠯᠤᠯᠲᠠ᠃ 2024 ᠣᠨ ᠤ 2 ᠳ᠋ᠤᠭᠠᠷ ᠰᠠᠷ᠎ᠠ ᠶᠢᠨ ᠬᠤᠷᠢᠳ ᠢᠶᠠᠷ | ᠮᠠᠨ ᠤ ᠲᠣᠭᠤᠷᠢᠭ ᠲᠤ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠵᠢᠱᠢᠯᠲᠡ ᠪᠠᠷ 4 | ᠳ᠋ᠦ᠋ᠭᠡᠷ ᠰᠠᠷ᠎ᠠ ᠶᠢᠨ ᠳᠤᠮᠳᠠᠴᠢ ᠠᠴᠠ ᠡᠮᠦᠨ᠎ᠡ ᠲᠠᠷᠢᠶᠠᠯᠠᠬᠤ ᠬᠦᠷᠢᠶᠡᠯᠡᠩ ᠤᠨ ᠲᠠᠷᠢᠶᠠᠨ ᠭᠠᠵᠠᠷ ᠤᠨ | ᠪᠠᠶᠢᠴᠠᠭᠠᠯᠲᠠ ᠶᠢᠨ ᠥᠯᠢᠭᠡᠷ ᠠᠪᠬᠤ ᠶᠢ ᠳᠠᠭᠤᠰᠬᠠᠵᠤ᠂ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠶ | ᠰᠢᠭᠤᠢ ᠨᠤᠲᠤᠭ ᠪᠡᠯᠴᠢᠭᠡᠷ ᠤᠨ ᠪᠠᠶᠢᠴᠠᠭᠠᠯᠲᠠ ᠶᠢᠨ ᠥᠯᠢᠭᠡᠷ ᠠᠪᠬᠤ ᠶᠢ ᠪᠡᠶᠡᠯᠡᠭᠦᠯᠦᠨ᠎ᠡ︔ 2025 ᠣᠨ ᠤ | ᠦᠷ᠎ᠡ ᠪᠦᠲᠦᠭᠡᠯ ᠢ ᠬᠤᠷᠢᠶᠠᠩᠭᠤᠶᠢᠯᠠᠵᠤ᠂ ᠰᠢᠯᠭᠠᠨ ᠠᠪᠴᠤ᠂ ᠳ᠋ᠦᠩᠨᠡᠵᠦ᠂ ᠨᠡᠶᠢᠳᠡᠮ ᠪᠠᠶᠢᠴᠠᠭᠠᠯᠲᠠ ᠶᠢᠨ ᠦᠷ᠎ᠡ | ᠪᠦᠲᠦᠭᠡᠯ ᠢ ᠪᠤᠢ ᠪᠣᠯᠭᠠᠭᠰᠠᠨ ᠤ ᠳᠠᠷᠠᠭ᠎ᠠ ᠱᠠᠲᠤ ᠳᠠᠷᠠᠭᠠᠯᠠᠨ ᠡᠯ᠎ᠡ ᠱᠠᠲᠤᠨ ᠤ ᠭᠤᠷᠪᠠ ᠶᠢ ᠲᠦᠭᠡᠮᠡᠯᠵᠢᠭᠦᠯᠬᠦ | ᠤᠳᠤᠷᠢᠳᠬᠤ ᠳᠤᠭᠤᠶᠢᠯᠠᠩ ᠳᠤ ᠮᠡᠳᠡᠭᠦᠯᠬᠦ ᠬᠡᠷᠡᠭᠲᠡᠢ᠃ | ︵ᠲᠠᠪᠤ︶ ᠵᠠᠷᠤᠳᠠᠯ ᠤᠨ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠤ ︽2023 ᠣᠨ ᠤ ᠭᠤᠷᠪᠠᠳᠤᠭᠠᠷ | ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠢᠵᠢ ᠪᠦᠷᠢᠳᠦᠭᠦᠯᠬᠦ ᠵᠠᠷᠤᠳᠠᠯ ᠢ ᠲᠦᠷᠭᠡᠬᠡᠨ | ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ᠥᠪᠥᠷ ᠭᠤᠷᠪᠠ ᠶᠢ ᠲᠦᠭᠡᠮᠡᠯᠵᠢᠭᠦᠯᠬᠦ ᠠᠯᠪᠠᠨ︹ 2023︺ 4 | ᠳ᠋ᠦᠭᠡᠷ ᠲᠣᠭᠠᠲᠤ︶ ᠵᠢᠴᠢ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︽2023 ᠣᠨ ᠤ | ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠵᠠᠷᠤᠳᠠᠯ ᠤᠨ ᠲᠤᠬᠠᠢ ᠰᠠᠨᠠᠯ︾ ︵ᠪᠦᠦ ᠡᠳ᠋ ᠵᠠᠬᠢᠳᠠᠯ﹇2023﹈ 218 ᠳ᠋ᠤᠭᠠᠷ ᠲᠣᠭᠠᠲᠤ︶ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠨᠢ᠂ ᠲᠣᠰ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠣᠷᠣᠨ | ᠨᠤᠲᠤᠭ ᠤᠨ ᠡᠳ᠋ ᠤᠨ ᠵᠠᠰᠠᠭ ᠠᠴᠠ ᠡᠭᠦᠷᠭᠡᠯᠡᠵᠦ ᠪᠠᠶᠢᠭ᠎ᠠ ᠠᠵᠢᠯ ᠤᠨ ᠡᠭᠦᠷᠭᠡ ᠶᠢᠨ ᠶᠣᠰᠣᠭᠠᠷ ᠡᠭᠦᠷᠭᠡᠯᠡᠵᠦ᠂ | ᠣᠷᠣᠨ ᠤ ᠵᠠᠰᠠᠭ ᠤᠨ ᠣᠷᠳᠣᠨ ᠠᠴᠠ ᠲᠣᠰ ᠣᠷᠣᠨ ᠪᠦᠰᠡ ᠶᠢᠨ ᠭᠠᠳᠠᠨᠠᠬᠢ ᠠᠵᠢᠯ ᠤᠨ ᠪᠠᠶᠢᠴᠠᠭᠠᠯᠲᠠ ᠶᠢᠨ | ᠥᠯᠢᠭᠡᠷ ᠠᠪᠬᠤ᠂ ᠮᠡᠷᠭᠡᠵᠢᠯ ᠤᠨ ᠪᠣᠯᠪᠠᠰᠤᠷᠠᠭᠤᠯᠤᠯ᠂ ᠲᠤᠰᠬᠠᠢ ᠮᠡᠷᠭᠡᠵᠢᠯᠲᠡᠨ ᠤ ᠵᠢᠯᠤᠭᠤᠳᠬᠤ ᠦᠢᠯᠡᠴᠢᠯᠡᠭᠡ᠂ | ᠲᠤᠭ᠎ᠠ ᠪᠠᠷᠢᠮᠲᠠ ᠶᠢᠨ ᠵᠠᠳᠠᠯᠤᠯᠲᠠ ᠪᠠ ᠦᠷ᠎ᠡ ᠪᠦᠲᠦᠭᠡᠯ ᠤᠨ ᠬᠤᠷᠢᠶᠠᠩᠭᠤᠶᠢᠯᠠᠯ ᠵᠡᠷᠭᠡ ᠶᠢ ᠬᠠᠷᠢᠭᠤᠴᠠᠵᠤ᠂ | ᠠᠵᠢᠯ ᠤᠨ ᠠᠬᠢᠴᠠ ᠶᠢ ᠦᠨᠳᠦᠰᠦᠯᠡᠨ ᠵᠠᠷᠤᠳᠠᠯ ᠢ ᠵᠣᠬᠢᠴᠠᠩᠭᠤᠢ ᠣᠨ ᠤ ᠲᠥᠰᠥᠪ ᠲᠤ ᠣᠷᠣᠭᠤᠯᠤᠨ | ᠪᠠᠲᠤᠯᠠᠬᠤ ᠶᠢᠨ ᠬᠠᠮᠲᠤ᠂ ᠬᠢᠨᠠᠯᠲᠠ ᠲᠠᠯᠪᠢᠵᠤ ᠬᠢᠨᠠᠨ ᠪᠤᠳᠤᠬᠤ ᠪᠠᠨ ᠴᠢᠩᠭᠠᠳᠬᠠᠵᠤ᠂ ᠲᠣᠭᠲᠠᠭᠠᠯ ᠶᠣᠰᠣᠭᠠᠷ | ᠣᠲᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢᠶᠠᠷ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ | ᠬᠠᠮᠢᠶ᠎ᠠ ᠪᠦᠬᠦᠢ ᠠᠵᠢᠯ ᠢ ᠳᠡᠮᠵᠢᠵᠦ ᠪᠣᠯᠣᠨ᠎ᠠ᠃ | ︵ᠳᠥᠷᠪᠡ︶ᠤᠬᠠᠭᠤᠯᠭ᠎ᠠ ᠶᠢᠨ ᠪᠣᠯᠪᠠᠰᠤᠷᠠᠯ᠃ ᠰᠣᠨᠢᠨ᠂ ᠲᠧᠯᠸᠢᠰ᠂ ᠷᠠᠳᠢᠣ᠋᠂ ᠰᠦᠯᠵᠢᠶ᠎ᠡ ᠵᠡᠷᠭᠡ ᠵᠠᠭᠤᠴᠢᠯᠠᠭᠤᠷ | ᠪᠠ ᠥᠪᠡᠷ ᠤᠨ ᠵᠠᠭᠤᠴᠢᠯᠠᠭᠤᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ᠂ ᠲᠠᠷᠢᠶᠠᠯᠠᠩ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠪᠠᠷ ᠬᠢ | ᠴᠢᠬᠤᠯᠠ ᠠᠴᠢ ᠬᠤᠯᠪᠣᠭᠳᠠᠯ ᠢ ᠶᠡᠬᠡᠪᠡᠷ ᠤᠬᠠᠭᠤᠯᠵᠤ᠂ ᠪᠥᠬᠦ ᠨᠡᠶᠢᠭᠡᠮ ᠤᠨ ᠬᠥᠷᠥᠰᠥ ᠰᠢᠷᠣᠢ ᠶᠢᠨ ᠭᠤᠷᠪᠠ ᠶᠢ | ᠲᠦᠭᠡᠮᠡᠯᠵᠢᠭᠦᠯᠬᠦ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠬᠦ ᠬᠡᠷᠡᠭᠲᠡᠢ᠃ ᠶᠠᠷᠢᠶ᠎ᠠ | ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠨᠡᠶᠢᠭᠡᠮ ᠤᠨ | ᠠᠩᠬᠠᠷᠤᠯ ᠲᠠᠯᠪᠢᠵᠤ ᠪᠠᠶᠢᠭ᠎ᠠ ᠬᠡᠯᠡᠯᠴᠡᠭᠡᠨ ᠶᠡᠬᠡᠲᠡᠢ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠰᠠᠶᠢᠨ | ᠰᠠᠶᠢᠬᠠᠨ ᠭᠠᠳᠠᠭᠠᠳᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃ ᠲᠤᠰ ᠪᠡᠶ᠎ᠡ ᠶᠢᠨ ᠡᠩᠨᠡᠭᠡ ᠶᠢᠨ | ᠰᠢᠰᠲ᠋ᠧᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠤᠨ ᠨᠢᠭᠡᠳᠦᠯᠲᠡᠢ ᠱᠠᠭᠠᠷᠳᠠᠯᠭ᠎ᠠ ᠶᠣᠰᠣᠭᠠᠷ᠂ | ᠮᠡᠷᠭᠡᠵᠢᠯ ᠤᠨ ᠪᠣᠯᠪᠠᠰᠤᠷᠠᠭᠤᠯᠤᠯ᠂ ᠤᠬᠠᠭᠤᠯᠤᠨ ᠲᠤᠤᠱᠯᠠᠭᠤᠯᠬᠤ ᠶᠢ ᠴᠢᠩᠭᠠᠷᠠᠭᠤᠯᠵᠤ᠂ ᠣᠯᠠᠨ ᠵᠦᠢᠯ ᠤᠨ | ᠬᠡᠯᠪᠡᠷᠢ ᠪᠠᠷ ᠭᠤᠷᠪᠠ ᠶᠢ ᠲᠦᠭᠡᠮᠡᠯᠵᠢᠭᠦᠯᠬᠦ ᠮᠡᠷᠭᠡᠵᠢᠯ ᠤᠨ ᠠᠵᠢᠯᠲᠠᠨ ᠤ ᠲᠤᠰᠬᠠᠢ ᠰᠡᠳᠦᠪᠲᠦ ᠪᠣᠯᠪᠠᠰᠤᠷᠠᠭᠤᠯᠤᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠭᠤᠷᠪᠠ ᠶᠢ ᠲᠦᠭᠡᠮᠡᠯᠵᠢᠭᠦᠯᠬᠦ ᠡᠩᠨᠡᠭᠡ ᠶᠢᠨ ᠲᠤᠰᠬᠠᠢ ᠮᠡᠷᠭᠡᠵᠢᠯ ᠤᠨ ᠴᠢᠨᠠᠷ᠂ | ᠪᠠᠷᠢᠮᠵᠢᠶᠠᠲᠤ ᠴᠢᠨᠠᠷ ᠪᠠ ᠪᠣᠳᠠᠲᠤ ᠠᠵᠢᠯᠯᠠᠭᠠᠨ ᠤ ᠴᠢᠨᠠᠷ ᠢ ᠳᠡᠭᠡᠭᠰᠢᠯᠡᠭᠦᠯᠦᠨ᠎ᠡ᠃ | ︵ᠲᠠᠪᠤ︶ᠠᠮᠤᠷ ᠲᠦᠪᠰᠢᠨ ᠤ ᠪᠠᠲᠤᠯᠠᠭ᠎ᠠ᠃ ᠤᠯᠤᠰ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ | ᠳᠦᠷᠢᠮ ᠢ ᠴᠢᠩᠭ᠎ᠠ ᠬᠡᠷᠡᠭᠵᠢᠭᠦᠯᠵᠦ᠂ ᠤᠯᠤᠰ ᠤᠨ ᠦᠢᠯᠡᠳᠪᠦᠷᠢᠯᠡᠭᠰᠡᠨ ᠬᠠᠲᠠᠭᠤ ᠵᠥᠭᠡᠯᠡᠨ ᠲᠣᠨᠤᠭ ᠪᠠ ᠣᠷᠣᠨ | ᠪᠠᠶᠢᠷᠢ ᠲᠣᠭᠲᠠᠭᠠᠬᠤ ᠰᠢᠰᠲ᠋ᠧᠮ ᠢ ᠬᠡᠷᠡᠭᠯᠡᠨ᠂ ᠲᠤᠭ᠎ᠠ ᠪᠠᠷᠢᠮᠲᠠ ᠶᠢ ᠨᠢᠭᠤᠴᠠᠯᠠᠨ ᠳᠠᠮᠵᠢᠭᠤᠯᠬᠤ᠂ ᠳ᠋ᠠᠶᠢᠲ᠋ᠠ | ᠬᠥᠮᠥᠷᠭᠡ ᠶᠢᠨ ᠵᠡᠷᠭᠡ ᠳᠡᠰ ᠢ ᠬᠠᠮᠠᠭᠠᠯᠠᠬᠤ ᠪᠠ ᠲᠤᠭ᠎ᠠ ᠪᠠᠷᠢᠮᠲᠠ ᠶᠢ ᠬᠡᠷᠡᠭᠯᠡᠬᠦ ᠡᠷᠬᠡ ᠮᠡᠳᠡᠯ ᠤᠨ ᠬᠠᠮᠢᠶᠠᠷᠤᠯᠲᠠ | ᠵᠡᠷᠭᠡ ᠶᠢ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠵᠤ᠂ ᠪᠠᠶᠢᠴᠠᠭᠠᠬᠤ᠂ ᠰᠢᠯᠭᠠᠬᠤ ᠪᠠ ᠲᠤᠭ᠎ᠠ ᠪᠠᠷᠢᠮᠲᠠ ᠶᠢ | ᠬᠢᠨᠠᠨ ᠬᠠᠷᠭᠤᠭᠤᠯᠬᠤ ᠵᠡᠷᠭᠡ ᠡᠯ᠎ᠡ ᠭᠤᠭᠴᠤᠭ᠎ᠠ ᠳᠤ ᠣᠷᠣᠯᠴᠠᠭᠰᠠᠨ ᠨᠢᠭᠡᠴᠡ ᠪᠠ ᠬᠤᠪᠢ ᠬᠥᠮᠥᠨ ᠲᠤᠭ᠎ᠠ | ᠪᠠᠷᠢᠮᠲᠠ ᠶᠢᠨ ᠨᠢᠭᠤᠴᠠ ᠶᠢ ᠬᠠᠮᠠᠭᠠᠯᠠᠬᠤ ᠬᠡᠯᠡᠯᠴᠡᠭᠡᠷ ᠲᠤ ᠵᠣᠬᠢᠴᠠᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ | ᠳ᠋ᠦᠩ ᠢ ᠨᠡᠶᠢᠲᠡᠯᠡᠬᠦ ᠠᠴᠠ ᠡᠮᠦᠨ᠎ᠡ ᠳᠤᠷ᠎ᠠ ᠪᠠᠷ ᠢᠶᠠᠨ ᠭᠠᠳᠠᠭᠰᠢ ᠨᠡᠶᠢᠲᠡᠯᠡᠵᠦ᠂ ᠬᠡᠷᠡᠭᠯᠡᠵᠦ ᠪᠣᠯᠬᠤ ᠦᠭᠡᠢ᠂ ᠨᠡᠶᠢᠳᠡᠮ | ᠪᠠᠶᠢᠴᠠᠭᠠᠯᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | ᠳᠠᠭᠠᠯᠳᠤᠭᠤᠯᠤᠯ᠄ 1᠂ ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ | 2᠂ ᠰᠢᠭᠤᠶᠢᠲᠤ ᠲᠣᠭᠤᠷᠢᠭ ᠤᠨᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠮᠡᠷᠭᠡᠵᠢᠯ ᠤᠨ ᠵᠢᠯᠤᠭᠤᠳᠬᠤ ᠳᠤᠭᠤᠶᠢᠯᠠᠩ | | ᠳᠠᠭᠠᠯᠳᠤᠭᠤᠯᠤᠯ 1 | ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠯᠢ ᠴᠢᠩ ᠵᠥᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠴᠢᠶᠣᠤ ᠸᠧᠢ ᠵᠢᠶᠠᠨ᠂ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠭᠡᠷ ᠤᠨ ᠳᠡᠳ᠋ ᠡᠷᠬᠢᠯᠡᠭᠴᠢ | ᠶᠠᠩ ᠲᠦᠩ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ | ᠸᠠᠩ ᠯᠢ ᠮᠢᠨ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠪᠦᠷᠢᠯᠳᠦᠭᠦᠨ᠄ ᠵᠣᠣ ᠭᠤᠤ ᠹᠧᠩ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠳᠡᠳ᠋ ᠡᠷᠬᠢᠯᠡᠭᠴᠢ | ᠯᠢ ᠶᠠᠨ ᠵᠢᠶᠧ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠸᠠᠩ ᠵᠢᠶᠦ᠋ᠨ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ | ᠴᠧᠩ ᠶᠠᠨ᠂ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ | ᠵᠠᠩ ᡁᠢ ᠶᠦᠩ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶᠠᠨ ᠤ ᠰᠢᠭᠤᠶᠢᠲᠤ | ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ | ᠵᠧᠦ ᠷᠦᠢ ᠹᠠᠩ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ | ᠵᠠᠩ ᠳ᠋ᠦᠩ ᠱᠧᠩ᠂ ᠵᠢᠪᠬᠤᠯᠠᠩᠲᠤ ᠰᠤᠮᠤ ᠶᠢᠨ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ | ᠬᠡᠯᠲᠡᠰ ᠤᠨ ᠳᠠᠷᠤᠭ᠎ᠠ | ᠬᠤ᠋ ᡁᠢ ᠵᠢᠶᠦ᠋ᠨ᠂ ᠪᠡᠳᠬᠡᠷ ᠵᠤᠤ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ | ᠬᠡᠯᠲᠡᠰ ᠤᠨ ᠳᠠᠷᠤᠭ᠎ᠠ | ᠵᠣᠣ ᠭᠦᠸᠧ ᠹᠧᠩ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠳᠠᠷᠤᠭ᠎ᠠ | ᠡᠷᠬᠢᠯᠡᠭᠴᠢ | ᠸᠧᠢ ᠷᠦᠢ ᠵᠢᠤᠸᠠᠨ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ | ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ | ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠴᠧᠩ ᠶᠠᠨ ᠡᠭᠦᠷᠭᠡᠯᠡᠨ᠎ᠡ᠃ | ᠳᠠᠭᠠᠯᠳᠤᠭᠤᠯᠤᠯ2 | ᠰᠢᠭᠤᠶᠢᠲᠤ ᠲᠣᠭᠤᠷᠢᠭ ᠤᠨᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠮᠡᠷᠭᠡᠵᠢᠯ ᠤᠨ ᠵᠢᠯᠤᠭᠤᠳᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠴᠧᠩ ᠶᠠᠨ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ | ᠳᠤᠭᠤᠶᠢᠯᠠᠩ ᠤᠨ ᠳᠡᠳ᠋ ᠳᠠᠷᠤᠭ᠎ᠠ᠄ ᠵᠠᠩ ᠰᠦ᠋ ᠴᠢᠩ᠂ ᠲᠣᠭᠤᠷᠢᠭ ᠤᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠠᠰᠤᠭ ᠤᠨ ᠳᠠᠷᠤᠭ᠎ᠠ | ᠰᠦᠨ ᠴᠣᠣ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ | ᠠᠵᠤ ᠠᠬᠤᠢ ᠶᠢᠨ ᠲᠠᠰᠤᠭ ᠤᠨ ᠳᠡᠳ᠋ ᠳᠠᠷᠤᠭ᠎ᠠ | ᠪᠦᠷᠢᠯᠳᠦᠭᠦᠨ᠄ ᠦ᠋ ᠵᠢᠦᠢ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠠᠰᠤᠭ ᠤᠨ ᠠᠵᠢᠯᠲᠠᠨ | ᠯᠢᠦ ᠰᠢᠤᠸᠠᠨ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠠᠵᠢᠯᠲᠠᠨ | ᠵᠠᠩ ᠳ᠋ᠦᠩ ᠱᠧᠩ᠂ ᠵᠢᠪᠬᠤᠯᠠᠩᠲᠤ ᠰᠤᠮᠤ ᠶᠢᠨ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ | ᠬᠡᠯᠲᠡᠰ ᠤᠨ ᠳᠠᠷᠤᠭ᠎ᠠ | ᠬᠤ᠋ ᡁᠢ ᠵᠢᠶᠦ᠋ᠨ᠂ ᠪᠡᠳᠬᠡᠷ ᠵᠤᠤ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ | ᠬᠡᠯᠲᠡᠰ ᠤᠨ ᠳᠠᠷᠤᠭ᠎ᠠ | ᠵᠣᠣ ᠭᠦᠸᠧ ᠹᠧᠩ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠳᠠᠷᠤᠭ᠎ᠠ | ᠡᠷᠬᠢᠯᠡᠭᠴᠢ | ᠸᠧᠢ ᠷᠦᠢ ᠵᠢᠤᠸᠠᠨ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ | ᠡᠷᠬᠢᠯᠡᠭᠴᠢ | |