ᠰᠢᠭᠤᠶᠢᠲᠤ ᠵᠡᠭᠡᠯᠢ ᠭᠤᠳᠤᠮᠵᠢ ᠶᠢᠨ ︽ᠭᠤᠷᠪᠠᠨ ᠵᠦᠢᠯ ᠤᠨ ᠠᠷᠭ᠎ᠠ ᠬᠡᠮᠵᠢᠶ᠎ᠡ︾ ᠶᠢ ᠯᠠᠪᠳᠠᠭᠤᠨ ᠢᠶᠠᠷ ᠥᠷᠨᠢᠭᠦᠯᠵᠦ ︽ᠬᠠᠤᠯᠢ ᠴᠠᠭᠠᠵᠠ ᠶᠢ ᠲᠣᠳᠣᠷᠬᠠᠢ ᠣᠶᠢᠯᠠᠭᠠᠬᠤ ᠬᠥᠮᠥᠨ︾ ᠢ ᠬᠥᠮᠥᠵᠢᠭᠦᠯᠬᠦ ᠠᠵᠢᠯᠯᠠᠭ᠎ᠠ ᠶᠢ ᠪᠦᠲᠦᠮᠵᠢᠲᠡᠢ ᠥᠷᠨᠢᠭᠦᠯᠵᠦ ᠬᠠᠤᠯᠢ ᠪᠠᠷ ᠵᠠᠰᠠᠬᠤ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠤᠶ᠎ᠠ
ᠨᠡᠶᠢᠲᠡᠯᠡᠭᠰᠡᠨ ᠴᠠᠭ᠄
2024/4/17
         ᠰᠢᠭᠤᠢᠲᠤ ᠵᠡᠭᠡᠯᠢ ᠭᠤᠳᠤᠮᠵᠢ ᠶᠢᠨ ᠬᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠪᠠ ︽ᠬᠠᠤᠯᠢ ᠴᠠᠭᠠᠵᠠ ᠶᠢᠨ ᠮᠡᠷᠭᠡᠨ ᠬᠥᠮᠥᠨ︾ ᠢ ᠬᠥᠮᠥᠵᠢᠭᠦᠯᠬᠦ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ᠂ ᠲᠤᠰᠬᠠᠢ ᠮᠡᠷᠭᠡᠵᠢᠯᠲᠡᠨ ᠪᠠ ᠣᠯᠠᠨ ᠲᠦᠮᠡᠨ ᠢ ᠤᠶᠠᠯᠳᠤᠭᠤᠯᠤᠭᠰᠠᠨ ᠦᠨᠳᠦᠰᠦᠨ ᠱᠠᠲᠤᠨ ᠤ ᠬᠠᠤᠯᠢ ᠲᠦᠭᠡᠮᠡᠯᠵᠢᠭᠦᠯᠬᠦ ᠠᠵᠢᠯ ᠤᠨ ᠡᠩᠨᠡᠭᠡ ᠶᠢ ᠰᠠᠶᠢᠲᠤᠷ ᠪᠠᠶᠢᠭᠤᠯᠬᠤ ᠪᠠᠷ ᠬᠠᠷᠠᠯᠲᠠ ᠪᠣᠯᠭᠠᠵᠤ᠂ ᠭᠤᠷᠪᠠᠨ ᠵᠦᠢᠯ ᠤᠨ ᠠᠷᠭ᠎ᠠ ᠬᠡᠮᠵᠢᠶ᠎ᠡ ᠪᠠᠷ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ︽ᠬᠠᠤᠯᠢ ᠴᠠᠭᠠᠵᠠ ᠶᠢᠨ ᠲᠣᠳᠣᠷᠬᠠᠢ ᠬᠥᠮᠥᠨ︾ ᠢ ᠬᠥᠮᠥᠵᠢᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠲᠣᠭᠤᠷᠢᠭ ᠤᠨ ︽ᠬᠠᠤᠯᠢ ᠴᠠᠭᠠᠵᠠ ᠶᠢᠨ ᠲᠣᠳᠣᠷᠬᠠᠢ ᠬᠥᠮᠥᠨ︾ ᠤ ᠡᠭᠦᠷᠭᠡ ᠴᠢᠳᠠᠪᠤᠷᠢ ᠶᠢᠨ ᠦᠢᠯᠡᠳᠦᠯ ᠢ ᠪᠦᠲᠦᠮᠵᠢᠲᠡᠶ ᠳᠡᠭᠡᠭᠰᠢᠯᠡᠭᠦᠯᠪᠡ᠃ ᠣᠲᠣ ᠪᠣᠯᠲᠠᠯ᠎ᠠ᠂ ︽ᠬᠠᠤᠯᠢ ᠴᠠᠭᠠᠵᠠ ᠶᠢᠨ ᠲᠣᠳᠣᠷᠬᠠᠢ ᠬᠥᠮᠥᠨ︾ ᠢ 5 ᠰᠣᠩᠭᠤᠨ ᠤᠷᠢᠵᠤ ᠬᠥᠮᠥᠵᠢᠭᠦᠯᠵᠦ᠂ ᠣᠯᠠᠨ ᠲᠦᠮᠡᠨ ᠢ ᠪᠦᠲᠦᠮᠵᠢᠲᠡᠶ ᠵᠣᠯᠭᠠᠭᠤᠯᠬᠤ ᠪᠠ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠪᠡ᠃        ︽ᠰᠣᠩᠭᠤᠬᠤ︾ ᠪᠠᠷ ᠰᠠᠭᠤᠷᠢ ᠶᠢ ᠪᠠᠲᠤᠳᠬᠠᠬᠤ ᠶᠢ ᠴᠢᠬᠤᠯᠠᠴᠢᠯᠠᠨ᠎ᠠ᠃ ᠬᠠᠤᠯᠢ ᠲᠣᠭᠲᠠᠭᠠᠮᠵᠢ ᠶᠢᠨ ᠳᠠᠭᠠᠤ ᠬᠥᠮᠥᠨ  ᠢ ᠰᠣᠩᠭᠤᠨ ᠭᠠᠷᠭᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠲᠣᠰ ᠬᠠᠷᠢᠶ᠎ᠠ ᠣᠷᠣᠨ ᠤ ᠳᠣᠲᠣᠷ᠎ᠠ ︽ᠬᠠᠤᠯᠢ ᠴᠠᠭᠠᠵᠠ ᠶᠢᠨ ᠲᠣᠳᠣᠷᠬᠠᠢ ᠬᠥᠮᠥᠨ︾ ᠢ ᠰᠣᠩᠭᠤᠨ ᠭᠠᠷᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠺᠠᠳ᠋ᠷ᠂ ᠨᠠᠮ ᠤᠨ ᠭᠡᠰᠢᠭᠦᠨ᠂ ᠴᠡᠷᠢᠭ ᠠᠴᠠ ᠬᠠᠯᠠᠭᠳᠠᠭᠰᠠᠳ᠂ ᠠᠷᠠᠳ ᠤᠨ ᠡᠶᠡᠳᠡᠭᠦᠯᠦᠭᠴᠢ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠵᠡᠷᠭᠡ ᠬᠡᠪ ᠴᠢᠨᠠᠷ ᠢᠶᠠᠷ ᠨᠡᠯᠢᠶᠡᠳ ᠥᠨᠳᠥᠷ ᠬᠥᠮᠥᠰ ᠢ ᠡᠩ ᠲᠡᠷᠢᠭᠦᠨ ᠳᠤ ︽ᠬᠠᠤᠯᠢ ᠴᠠᠭᠠᠵᠠ ᠶᠢᠨ ᠲᠣᠳᠣᠷᠬᠠᠢ ᠬᠥᠮᠥᠨ︾ ᠤ ᠡᠩᠨᠡᠭᠡ ᠳᠤ ᠣᠷᠣᠭᠤᠯᠵᠤ᠂ ᠰᠣᠩᠭᠤᠨ ᠭᠠᠷᠭᠠᠬᠤ᠂ ᠵᠠᠷᠯᠠᠨ ᠨᠡᠶᠢᠲᠡᠯᠡᠬᠦ᠂ ᠬᠢᠨᠠᠨ ᠬᠠᠷᠭᠤᠭᠤᠯᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠨᠡᠶᠢᠭᠡᠮ ᠲᠣᠭᠤᠷᠢᠭ ᠤᠨ ︽ᠬᠠᠤᠯᠢ ᠴᠠᠭᠠᠵᠠ ᠶᠢᠨ ᠲᠣᠳᠣᠷᠬᠠᠢ ᠬᠥᠮᠥᠨ︾ ᠢ 5 ᠰᠣᠩᠭᠤᠨ ᠭᠠᠷᠭᠠᠵᠤ᠂ ᠵᠠᠰᠠᠭ ᠵᠠᠬᠢᠷᠭᠠᠨ ᠤ ᠲᠣᠰᠬᠤᠨ᠂ ᠨᠡᠶᠢᠭᠡᠮ ᠲᠣᠭᠤᠷᠢᠭ ᠨᠢᠭᠡᠪᠦᠷᠢ ᠳᠤ 5 ︽ᠬᠠᠤᠯᠢ ᠴᠠᠭᠠᠵᠠ ᠶᠢᠨ ᠲᠣᠳᠣᠷᠬᠠᠢ ᠬᠥᠮᠥᠨ︾ ᠢ ᠪᠣᠶᠢᠵᠢᠭᠤᠯᠬᠤ ᠠᠵᠢᠯ ᠤᠨ ᠬᠠᠷᠠᠯᠲᠠ ᠶᠢ ᠪᠡᠶᠡᠯᠡᠭᠦᠯᠪᠡ᠃        ︽ᠬᠠᠮᠢᠶᠠᠷᠬᠤ︾ ᠶᠢ ᠴᠢᠩᠭᠠᠳᠬᠠᠵᠤ ᠵᠢᠷᠤᠮᠵᠢᠭᠤᠯᠬᠤ ᠶᠢ ᠠᠳᠬᠤᠨ᠎ᠠ᠃ ᠬᠥᠳᠡᠯᠦᠩᠭᠦᠢ ᠪᠠᠷ ᠬᠠᠮᠢᠶᠠᠷᠬᠤ ᠶᠢ ᠬᠡᠷᠡᠭᠵᠢᠭᠦᠯᠵᠦ᠂ ᠪᠣᠳᠠᠲᠤ ᠪᠠᠶᠢᠳᠠᠯ ᠢᠶᠠᠨ ᠦᠨᠳᠦᠰᠦᠯᠡᠨ ᠨᠡᠶᠢᠭᠡᠮ ᠲᠣᠭᠤᠷᠢᠭ ᠤᠨ ︽ᠬᠠᠤᠯᠢ ᠴᠠᠭᠠᠵᠠ ᠶᠢᠨ ᠲᠣᠳᠣᠷᠬᠠᠢ ᠬᠥᠮᠥᠨ︾ ᠤ ᠡᠩᠨᠡᠭᠡ ᠶᠢ ᠴᠠᠭ ᠲᠤᠬᠠᠢ ᠳᠤᠨᠢ ᠨᠥᠬᠦᠨ ᠰᠣᠩᠭᠤᠵᠤ᠂ ︽ᠬᠠᠤᠯᠢ ᠴᠠᠭᠠᠵᠠ ᠶᠢᠨ ᠲᠣᠳᠣᠷᠬᠠᠢ ᠬᠥᠮᠥᠨ︾ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠰᠦᠯᠵᠢᠶᠡᠨ ᠳᠡᠭᠡᠷᠡᠬᠢ ᠬᠠᠤᠯᠢ ᠰᠤᠷᠬᠤ ᠰᠢᠯᠭᠠᠯᠲᠠ ᠪᠠ ᠡᠯ᠎ᠡ ᠲᠥᠷᠥᠯ ᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ︽ᠬᠠᠤᠯᠢ ᠴᠠᠭᠠᠵᠠ ᠶᠢᠨ ᠲᠣᠳᠣᠷᠬᠠᠢ ᠬᠥᠮᠥᠨ︾ ᠤ ᠠᠵᠢᠯ ᠤᠨ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃        ︽ᠬᠡᠷᠡᠭᠯᠡᠬᠦ︾ ᠶᠢᠨ ᠲᠣᠭᠤᠷᠢᠨ ᠳᠤ ᠦᠢᠯᠡᠳᠦᠯᠭᠡ ᠶᠢ ᠴᠢᠬᠤᠯᠠᠴᠢᠯᠠᠨ᠎ᠠ᠃ ᠬᠥᠳᠡᠭᠡ ᠲᠣᠰᠬᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ︽ᠬᠠᠤᠯᠢ ᠴᠠᠭᠠᠵᠠ ᠶᠢᠨ ᠲᠣᠳᠣᠷᠬᠠᠢ ᠬᠥᠮᠥᠨ︾ ᠬᠠᠷᠢᠶ᠎ᠠ ᠣᠷᠣᠨ ᠳᠠᠭᠠᠨ ᠲᠠᠨᠢᠯ ᠳᠠᠰᠤᠯ᠂ ᠪᠣᠯᠪᠠᠰᠤᠷᠠᠩᠭᠤᠢ ᠪᠣᠯᠤᠭᠰᠠᠨ ᠣᠨᠴᠠᠯᠢᠭ ᠢ ᠭᠦᠢᠴᠡᠳ ᠪᠠᠳᠠᠷᠠᠭᠤᠯᠵᠤ᠂ ︽ᠬᠠᠤᠯᠢ ᠴᠠᠭᠠᠵᠠ ᠶᠢᠨ ᠲᠣᠳᠣᠷᠬᠠᠢ ᠬᠥᠮᠥᠨ︾ ᠤ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠠᠵᠢᠯ ᠳᠤ ᠣᠷᠣᠯᠴᠠᠬᠤ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ︽ᠤᠬᠠᠭᠤᠯᠤᠭᠴᠢ︾᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ︽ᠴᠢᠮᠡᠭᠡᠯᠡᠭᠴᠢ︾᠂ ᠵᠥᠷᠢᠴᠡᠯ ᠵᠢᠭᠤᠷᠠᠯᠳᠤᠭᠠᠨ ᠤ︽ᠡᠶᠡᠳᠡᠭᠦᠯᠦᠭᠴᠢ︾ ᠪᠣᠯᠬᠤ ᠬᠡᠷᠡᠭᠲᠡᠢ᠃        ᠲᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ︽ᠬᠠᠤᠯᠢ ᠴᠠᠭᠠᠵᠠ ᠶᠢᠨ ᠮᠡᠷᠭᠡᠨ ᠬᠥᠮᠥᠨ︾ ᠢ ᠬᠥᠮᠥᠵᠢᠭᠦᠯᠬᠦ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠰᠢᠯᠢᠳᠡᠭ ᠢ ᠨᠢ ᠰᠣᠩᠭᠤᠨ ᠬᠡᠷᠡᠭᠯᠡᠵᠦ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠵᠤ᠂ ᠲᠡᠳᠡᠨ ᠢ ᠣᠯᠠᠨ ᠲᠦᠮᠡᠨ ᠤ ᠳᠡᠷᠭᠡᠳᠡ ᠡᠷᠢᠨ ᠭᠠᠷᠭᠠᠵᠤ᠂ ᠬᠠᠤᠯᠢ ᠴᠠᠭᠠᠵᠠ ᠶᠢ ᠦᠨᠡᠨ ᠬᠦ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂︽ᠬᠠᠤᠯᠢ ᠴᠠᠭᠠᠵᠠ ᠶᠢᠨ ᠮᠡᠷᠭᠡᠨ ᠬᠥᠮᠥᠨ︾ ᠤ ᠣᠯᠠᠨ ᠲᠦᠮᠡᠨ ᠢ ᠨᠢᠭᠲᠠᠷᠠᠭᠤᠯᠬᠤ᠂ ᠣᠯᠠᠨ ᠲᠦᠮᠡᠨ ᠢ ᠬᠥᠲᠥᠯᠥᠨ ᠵᠢᠯᠤᠭᠤᠳᠬᠤ᠂ ᠬᠠᠤᠯᠢ ᠪᠠᠷ ᠬᠥᠮᠥᠨ ᠢ ᠬᠥᠮᠥᠵᠢᠭᠦᠯᠬᠦ᠂ ᠬᠡᠪ ᠵᠠᠩᠰᠢᠯ ᠢ ᠪᠦᠲᠦᠭᠡᠬᠦ ᠦᠢᠯᠡᠳᠦᠯ ᠢ ᠦᠨᠡᠨ ᠬᠦ ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠥᠳᠡᠯᠭᠡᠬᠦ ᠡᠨᠧᠷᠭᠢ ᠶᠢ ᠪᠥᠬᠦ ᠲᠠᠯ᠎ᠠ ᠪᠠᠷ ᠬᠥᠭᠵᠢᠭᠡᠬᠦ ᠪᠣᠯᠣᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号